ᠮᠠᠨ ᠤ ᠤᠯᠤᠰ ᠤᠨ ᠠᠩᠬᠠᠳᠠᠬᠴᠢ ᠤᠯᠤᠰ ᠲᠠᠭᠠᠨ ᠦᠢᠯᠡᠳᠪᠤᠷᠢᠯᠡᠭᠰᠡᠡ ᠨᠢᠰᠬᠡᠯ ᠤᠨ ᠰᠠᠭᠤᠷᠢᠨ ᠤᠩᠭᠤᠴᠠ ᠶᠢ ᠲᠠᠯᠠᠢ ᠶᠢᠨ ᠴᠡᠷᠢᠭ ᠲᠤ ᠲᠣᠰᠢᠶᠠᠪᠠ 
ᠨᠡᠶᠢᠲᠡᠯᠡᠭᠰᠡᠨ ᠴᠠᠭ᠄
2019-12-19
     ᠮᠠᠨ ᠤ ᠤᠯᠤᠰ ᠤᠨ ᠠᠩᠬᠠᠳᠠᠬᠴᠢ ᠤᠯᠤᠰ ᠲᠠᠭᠠᠨ ᠦᠢᠯᠡᠳᠪᠤᠷᠢᠯᠡᠭᠰᠡᠡ ᠨᠢᠰᠬᠡᠯ ᠤᠨ ᠰᠠᠭᠤᠷᠢᠨ ᠤᠩᠭᠤᠴᠠ ᠱᠠᠨᠳᠦ᠋ᠩ ᠨᠡᠷᠡᠮᠵᠢᠳᠤ ᠬᠦᠯᠬᠡ ᠤᠩᠭᠤᠴᠠ ᠶᠢ 17 ᠤ ᠦᠳᠡ ᠶᠢᠨ ᠬᠤᠶᠢᠨ᠎ᠠ ᠬᠠᠶᠢᠨᠠᠨ ᠤ ᠰᠠᠨᠶᠠ ᠶᠢᠨ ᠨᠢᠬᠡᠨ ᠴᠡᠷᠢᠭ ᠤᠨ ᠭᠠᠷᠠᠮ ᠳᠤ ᠲᠠᠯᠠᠢ ᠶᠢᠨ ᠴᠡᠷᠢᠭ ᠲᠤ ᠲᠤᠰᠢᠶᠠᠵᠠᠢ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠲᠤᠰᠢᠶᠠᠬᠤ ᠪᠠ ᠬᠦᠯᠢᠶᠡᠨ ᠠᠪᠴᠦ ᠡᠩᠨᠡᠬᠡᠨ ᠳᠤ ᠤᠷᠤᠭᠤᠯᠬᠤ ᠶᠤᠰᠤᠯᠠᠯ ᠳᠤ ᠤᠷᠤᠯᠴᠠᠪᠠ᠃
     ᠡᠮᠤᠨᠡᠳᠤ ᠲᠠᠩᠬᠢᠰ ᠤᠨ ᠬᠦᠪᠡᠬᠡᠨ ᠳᠤ ᠪᠠᠶᠢᠭ᠎ᠠ ᠰᠠᠨᠶᠠ ᠳᠤ ᠬᠦᠬᠡᠮᠳᠦᠭ ᠲᠠᠯᠠᠢ ᠬᠦᠬᠡ ᠲᠡᠭᠷᠢ ᠶᠢᠨ ᠬᠠᠶᠠᠭᠠᠨ ᠳᠤ ᠬᠦᠷᠳᠡᠯ᠎ᠡ ᠴᠡᠩᠬᠡᠷᠯᠡᠵᠥ᠂ ᠠᠭᠤᠷ ᠠᠮᠢᠰᠬᠤᠯ ᠲᠤᠯᠠᠭᠠᠨ ᠲᠠᠭᠠᠯᠠᠮᠵᠢᠳᠠᠢ ᠪᠠᠶᠢᠯ᠎ᠠ᠃ ᠴᠡᠷᠢᠭ ᠤᠨ ᠭᠠᠷᠠᠮ ᠳᠤ ᠲᠤᠭ ᠲᠠᠯᠪᠠᠭ᠎ᠠ ᠲᠦ᠋ᠬᠦᠷᠳᠡᠯ᠎ᠡ ᠡᠯᠬᠦᠭᠰᠡᠡ ᠱᠠᠨᠳᠦ᠋ᠩ ᠨᠡᠷᠡᠮᠵᠢᠳᠤ ᠬᠦᠯᠬᠡ ᠤᠩᠭᠤᠴᠠ ᠲᠠᠪᠠᠯᠭᠠᠨ ᠢ ᠡᠯᠢᠬᠡᠳᠡᠨ ᠲᠠᠶᠢᠪᠤᠭᠤᠬᠠᠨ ᠰᠠᠭᠠᠳᠠᠵᠤ᠂ ᠲᠠᠯᠠᠢ ᠶᠢᠨ ᠴᠡᠷᠢᠭ ᠤᠨ ᠴᠡᠷᠢᠭ ᠠᠩᠬᠢ ᠪᠤᠯᠤᠨ ᠨᠢᠰᠬᠡᠯ ᠤᠨ ᠰᠠᠭᠤᠷᠢᠨ ᠤᠩᠭᠤᠴᠠ ᠶᠢ ᠦᠢᠯᠡᠳᠪᠦᠷᠢᠯᠡᠭᠰᠡᠨ ᠪᠠᠶᠢᠭᠤᠯᠭ᠎ᠠ ᠨᠢᠬᠡᠴᠢ ᠶᠢᠨ ᠲᠦᠯᠥᠬᠡᠯᠡᠭᠴᠢ 5000 ᠰᠢᠬᠠᠮ ᠬᠦᠮᠥᠨ ᠭᠠᠷᠠᠮ ᠲᠡᠭᠡᠷ᠎ᠡ ᠲᠡᠷᠢ ᠲᠡᠭᠰᠢ ᠵᠢᠭᠰᠠᠨ᠂ ᠲᠦᠢᠯ ᠤᠨ ᠦᠪᠡᠳᠡᠭᠰᠢ ᠶᠡᠭᠡ ᠪᠦᠭᠡᠳ ᠬᠦᠷ ᠬᠦᠭᠵᠢᠶᠡᠨ ᠲᠠᠢ ᠪᠠᠶᠢᠯ᠎ᠠ᠃      ᠦᠳᠡ ᠶᠢᠨ ᠬᠤᠶᠢᠨᠡᠬᠢ 4 ᠴᠠᠭ ᠤᠨ ᠦᠶ᠎ᠡ ᠪᠠᠷ᠂ ᠲᠤᠰᠢᠶᠠᠬᠤ ᠪᠠ ᠬᠦᠯᠢᠶᠡᠨ ᠠᠪᠴᠦ ᠡᠩᠨᠡᠬᠡᠨ ᠳᠤ ᠤᠷᠤᠭᠤᠯᠬᠤ ᠶᠤᠰᠤᠯᠠᠯ ᠡᠬᠢᠯᠡᠵᠥ᠂ ᠲᠠᠯᠠᠪᠠᠢ ᠳᠠᠶᠠᠭᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠯᠳᠡ ᠲᠠᠭᠤᠤ ᠶᠢ ᠬᠠᠩᠬᠢᠨᠠᠳᠠᠯ᠎ᠠ ᠲᠠᠭᠤᠯᠠᠵᠥ᠂ ᠲᠠᠪᠤᠨ ᠤᠳᠤᠳᠤ ᠤᠯᠠᠭᠠᠨ ᠲᠤᠭ ᠠᠯᠭᠤᠷᠬᠠᠨ ᠮᠠᠨᠳᠤᠯ᠎ᠠ᠃ ᠶᠤᠰᠤᠯᠠᠯ ᠤᠨ ᠴᠡᠷᠢᠭ ︽8 · 1︾ ᠤ ᠴᠡᠷᠢᠭ ᠤᠨ ᠲᠤᠭ ᠪᠤᠯᠤᠨ ᠨᠡᠷᠡᠶᠢᠳᠦᠯ ᠤᠨ ᠦᠨᠡᠮᠯᠡᠯ ᠢ ᠬᠠᠮᠠᠭᠠᠯᠠᠠ ᠲᠦᠪ ᠠᠯᠬᠤᠭ᠎ᠠ ᠪᠠᠷ ᠲᠡᠷᠢᠬᠦᠯᠡᠭᠴᠢ ᠶᠢᠨ ᠲᠠᠶᠢᠰᠠᠨ ᠤ ᠡᠮᠤᠨ᠎ᠡ ᠬᠦᠷᠴᠦ ᠢᠷᠡᠪᠡ᠃ ᠰᠢ ᠶᠢᠨ ᠫᠢᠩ ︽8 · 1︾ ᠤ ᠴᠡᠷᠢᠭ ᠤᠨ ᠲᠤᠭ ᠪᠤᠯᠤᠨ ᠨᠡᠷᠡᠶᠢᠳᠦᠯ ᠤᠨ ᠦᠨᠡᠮᠯᠡᠯ ᠢ ᠱᠠᠨᠳᠦ᠋ᠩ ᠨᠡᠷᠡᠮᠵᠢᠳᠤ ᠬᠦᠯᠬᠡ ᠤᠩᠭᠤᠴᠠ ᠶᠢᠨ ᠲᠠᠷᠤᠭ᠎ᠠ ᠪᠠ ᠺᠤᠮᠢᠰᠰᠠᠷ ᠲᠤ ᠲᠤᠰ ᠲᠤᠰ ᠤᠯᠭᠤᠪᠠ᠃ ᠱᠠᠨᠳᠦ᠋ᠩ ᠨᠡᠷᠡᠮᠵᠢᠳᠤ ᠬᠦᠯᠬᠡ ᠤᠩᠭᠤᠴᠠ ᠶᠢᠨ ᠲᠠᠷᠤᠭ᠎ᠠ ᠪᠤᠯᠤᠨ ᠺᠤᠮᠢᠰᠰᠠᠷ ᠰᠢ ᠶᠢᠨ ᠫᠢᠩ ᠳᠤ ᠶᠤᠰᠤᠯᠠᠵᠥ᠂ ᠰᠢ ᠶᠢᠨ ᠫᠢᠩ ᠤᠨ ᠭᠠᠷ ᠠᠴᠠ ︽8 · 1︾ ᠤ ᠴᠡᠷᠢᠭ ᠤᠨ ᠲᠤᠭ᠂ ᠨᠡᠷᠡᠶᠢᠳᠦᠯ ᠤᠨ ᠦᠨᠡᠮᠯᠡᠯ ᠢ ᠲᠤᠰᠴᠦ ᠠᠪᠤᠪᠠ᠃ ᠰᠢ ᠶᠢᠨ ᠫᠢᠩ ᠲᠡᠳᠡᠨ ᠲᠠᠢ ᠬᠠᠮᠳᠤ ᠬᠡᠷᠡᠯ ᠵᠢᠷᠤᠭ ᠲᠠᠳᠠᠭᠤᠯᠵᠥ ᠲᠤᠷᠠᠰᠬᠠᠯ ᠦᠯᠡᠳᠡᠬᠡᠪᠡ᠃ ᠲᠤᠰᠢᠶᠠᠬᠤ ᠪᠠ ᠬᠦᠯᠢᠶᠡᠨ ᠠᠪᠴᠦ ᠡᠩᠨᠡᠬᠡᠨ ᠳᠤ ᠤᠷᠤᠭᠤᠯᠬᠤ ᠶᠤᠰᠤᠯᠠᠯ ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠤᠨ ᠴᠡᠷᠢᠭ ᠤᠨ ᠲᠠᠭᠤᠤ ᠶᠢᠨ ᠠᠶᠠᠰ ᠲᠤᠮᠳᠠ ᠲᠡᠬᠦᠰᠴᠡᠢ᠃      ᠲᠠᠷᠠᠭ᠎ᠠ ᠨᠢ᠂ ᠰᠢ ᠶᠢᠨ ᠫᠢᠩ ᠱᠠᠠᠲᠦ᠋ᠩ ᠨᠡᠷᠡᠮᠵᠢᠲᠦ ᠬᠦᠯᠬᠡ ᠤᠩᠭᠤᠴᠠᠠ ᠳᠤ ᠭᠠᠷᠴᠤ ᠶᠤᠰᠤᠯᠠᠯ ᠤᠨ ᠠᠩᠭᠢ ᠶᠢ ᠰᠢᠯᠭᠠᠠ ᠦᠵᠡᠪᠠ᠃ ᠰᠢ ᠶᠢᠨ ᠫᠢᠩ ᠬᠤᠯᠪᠤᠭᠲᠠᠯ ᠪᠦᠬᠦᠢ ᠲᠤᠨᠤᠭᠯᠡᠯ ᠢ ᠪᠠᠶᠢᠴᠠᠭᠠᠠ ᠦᠵᠡᠵᠦ᠂ ᠬᠦᠯᠬᠡ ᠤᠩᠭᠤᠴᠠᠠ ᠲᠡᠭᠡᠷᠡᠬᠢ ᠨᠢᠰᠭᠡᠯ ᠤᠨ ᠨᠢᠰᠭᠡᠯᠴᠢᠳ ᠤᠨ ᠠᠵᠢᠯ ᠠᠮᠢᠲᠤᠷᠠᠯ ᠤᠨ ᠪᠠᠶᠢᠲᠠᠯ ᠢ ᠤᠢᠢᠯᠠᠭᠠᠭᠰᠠᠨ ᠪᠠᠶᠢᠨ᠎ᠠ᠃ ᠰᠢ ᠶᠢᠨ ᠫᠢᠩ ᠵᠢᠯᠤᠭᠤᠴᠢ ᠶᠢᠨ ᠲᠠᠰᠤᠭ ᠲᠤ ᠤᠷᠤᠵᠦ᠂ ᠲᠠᠷᠤᠭ᠎ᠠ ᠪᠠᠶᠢᠯᠲᠤᠭᠴᠢᠳ ᠲᠠᠢ ᠲᠤᠲᠤᠨᠤ ᠪᠠᠷ ᠶᠠᠷᠢᠯᠴᠠᠨ᠂ ᠨᠢᠰᠭᠡᠯ ᠤᠨ ᠡᠲᠦᠷ ᠤᠨ ᠲᠡᠮᠲᠡᠭᠯᠡᠯ ᠲᠡᠭᠡᠷ᠎ᠠ ᠲᠦᠪ ᠬᠢᠨᠠᠮᠠᠭᠠᠢ ᠪᠠᠷ ᠭᠠᠷ ᠤᠨ ᠦᠰᠦᠭ ᠵᠢᠷᠤᠪᠠ᠃      ᠰᠢ ᠶᠢᠨ ᠫᠢᠩ ᠭᠠᠷᠠᠮ ᠲᠡᠭᠡᠷ᠎ᠠ ᠨᠢᠰᠭᠡᠯ ᠤᠨ ᠰᠠᠭᠤᠷᠢᠨ ᠤᠩᠭᠤᠴᠠ ᠶᠢᠨ ᠴᠡᠷᠢᠭ ᠠᠩᠭᠢ ᠶᠢᠨ ᠲᠠᠷᠤᠭ᠎ᠠ ᠪᠠᠶᠢᠯᠲᠤᠭᠴᠢᠳ ᠤᠨ ᠲᠦᠯᠦᠭᠡᠯᠡᠭᠴᠢ ᠪᠤᠯᠤᠨ ᠨᠢᠰᠭᠡᠯ ᠤᠨ ᠰᠠᠭᠤᠷᠢᠨ ᠤᠩᠭᠤᠴᠠ ᠶᠢ ᠦᠢᠯᠡᠳᠪᠤᠷᠢᠯᠡᠭᠰᠡᠨ ᠪᠠᠶᠢᠭᠤᠯᠭ᠎ᠠ ᠨᠢᠭᠡᠴᠢ ᠶᠢᠨ ᠲᠦᠯᠦᠭᠡᠯᠡᠭᠴᠢ ᠲᠠᠢ ᠠᠭᠤᠯᠵᠠᠪᠠ᠃ ᠰᠢ ᠶᠢᠨ ᠫᠢᠩ ᠮᠠᠠ ᠤ ᠤᠯᠤᠰ ᠤᠨ ᠨᠢᠰᠭᠡᠯ ᠤᠨ ᠰᠠᠭᠤᠷᠢᠨ ᠤᠩᠭᠤᠴᠠ ᠶᠢᠨ ᠪᠦᠲᠦᠭᠡᠡ ᠪᠠᠶᠢᠭᠤᠯᠤᠯᠲᠠ ᠶᠢᠨ ᠤᠯᠤᠭᠰᠠᠠ ᠠᠮᠵᠢᠯᠲᠠ ᠪᠦᠲᠦᠮᠵᠢ ᠶᠢ ᠨᠤᠲᠠᠯᠠᠵᠦ᠂ ᠲᠡᠲᠡᠡ ᠢ ᠴᠢᠷᠮᠠᠶᠢᠭᠰᠠᠠ ᠲᠡᠭᠡᠷ᠎ᠠ ᠪᠠᠨ ᠴᠢᠷᠮᠠᠶᠢᠵᠦ᠂ ᠨᠠᠮ ᠪᠠ ᠠᠷᠠᠳ ᠲᠦᠮᠠᠠ ᠳᠤ ᠲᠠᠬᠢᠨ ᠰᠢᠨ᠎ᠠ ᠭᠠᠪᠢᠶ᠎ᠠ ᠪᠠᠶᠢᠭᠤᠯᠬᠤ ᠶᠢ ᠵᠤᠷᠢᠠᠠᠵᠢᠭᠤᠯᠪᠠ᠃      ᠳ᠋ᠢᠩ ᠰᠢᠤᠸᠠᠢ ᠰᠢᠶᠠᠩ᠂ ᠯᠢᠤ ᠡᡁᠧ᠂ ᠡᡁᠧ ᠯᠢ ᠹᠧᠩ ᠵᠢᠴᠢ ᠯᠢ ᠽᠦᠸᠧ ᠴᠧᠩ ᠶᠤᠰᠤᠯᠠᠯ ᠳᠤ ᠤᠷᠤᠯᠴᠠᠵᠠᠢ᠃ ᠵᠠᠩ ᠶᠢᠤ ᠰᠢᠶᠠ ᠶᠤᠰᠤᠯᠠᠯ ᠢ ᠡᠷᠬᠢᠯᠡᠵᠦ᠂ ᠮᠠᠠ ᠤ ᠤᠯᠤᠰ ᠤᠨ ᠠᠩᠬᠠᠲᠠᠭᠴᠢ ᠤᠯᠤᠰ ᠲᠠᠭᠠᠨ ᠦᠢᠯᠡᠳᠪᠦᠷᠢᠯᠡᠭᠰᠡᠡ ᠨᠢᠰᠭᠡᠯ ᠤᠨ ᠰᠠᠭᠤᠷᠢᠨ ᠤᠩᠭᠤᠴᠠ ᠶᠢ ᠲᠤᠰᠢᠶᠠᠬᠤ ᠪᠠ ᠬᠦᠯᠢᠶᠠᠠ ᠠᠪᠴᠤ ᠡᠩᠨᠡᠬᠡᠨ ᠳᠤ ᠤᠷᠤᠭᠤᠯᠤᠭᠰᠠᠨ ᠬᠢᠭᠡᠳ ᠰᠠᠭᠤᠷᠢᠨ ᠤᠩᠭᠤᠴᠠ ᠶᠢᠨ ᠨᠡᠷ᠎ᠠ᠂ ᠤᠩᠭᠤᠴᠠᠠ ᠤ ᠳ᠋ᠤᠭᠠᠷ ᠢ ᠨᠡᠶᠢᠲᠡᠯᠡᠪᠡ᠃      ᠲᠤᠮᠲᠠᠲᠤ ᠤᠯᠤᠰ ᠤᠨ ᠤᠩᠭᠤᠴᠠ ᠰᠠᠯ ᠤᠨ ᠪᠦᠯᠦᠭᠯᠡᠯ ᠺᠤᠮᠫᠠᠨᠢ ᠶᠢᠨ ᠭᠡᠷᠡᠭ ᠮᠡᠲᠡᠭᠴᠢᠳ ᠤᠨ ᠲᠠᠷᠤᠭ᠎ᠠ ᠯᠸᠢ ᠹᠠᠠ ᠫᠸᠢ᠂ ᠲᠠᠯᠠᠢ ᠶᠢᠨ ᠴᠡᠷᠢᠭ ᠤᠨ ᠺᠤᠮᠠᠠᠳ᠋ᠯᠠᠭᠴᠢ ᠱᠸᠠ ᠶᠢᠨ ᠯᠦᠩ ᠶᠤᠰᠤᠯᠠᠯ ᠲᠡᠭᠡᠷ᠎ᠠ ᠤᠷᠢᠳ ᠬᠤᠵᠢᠳ ᠦᠭᠡ ᠬᠡᠯᠡᠵᠠᠢ᠃      ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠵᠦᠪᠰᠢᠶᠡᠷᠡᠯ ᠢᠶᠠᠷ᠂ ᠮᠠᠠ ᠤ ᠤᠯᠤᠰ ᠤᠨ ᠠᠩᠬᠠᠲᠠᠭᠴᠢ ᠤᠯᠤᠰ ᠲᠠᠭᠠᠨ ᠦᠢᠯᠡᠳᠪᠦᠷᠢᠯᠡᠭᠰᠡᠡ ᠨᠢᠰᠭᠡᠯ ᠤᠨ ᠰᠠᠭᠤᠷᠢᠨ ᠤᠩᠭᠤᠴᠠ ᠶᠢ ︽ᠲᠤᠮᠲᠠᠲᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠲᠠᠯᠠᠢ ᠶᠢᠨ ᠴᠡᠷᠢᠭ ᠤᠨ ᠱᠠᠠᠲᠦ᠋ᠩ ᠨᠡᠷᠡᠮᠵᠢᠲᠦ ᠬᠦᠯᠬᠡ ᠤᠩᠭᠤᠴᠠ︾ ᠬᠡᠮᠡᠨ ᠨᠡᠷᠡᠯᠡᠵᠦ᠂ ᠤᠩᠭᠤᠴᠠᠠ ᠤ ᠳ᠋ᠤᠭᠠᠷ ᠨᠢ ︽17︾ ᠪᠤᠯᠤᠨ᠎ᠠ᠃      ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ᠂ ᠴᠡᠷᠢᠭ ᠤᠨ ᠶᠠᠪᠤᠲᠠᠯ ᠤᠨ ᠬᠤᠷᠢᠶᠠᠠ ᠤ ᠪᠠᠶᠢᠭᠤᠯᠭ᠎ᠠ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ᠂ ᠡᠮᠦᠨᠡᠲᠦ ᠭᠡᠰᠡᠭ ᠤᠨ ᠪᠠᠶᠢᠯᠲᠤᠭᠠᠠ ᠤ ᠲᠤᠭᠤᠷᠢᠭ᠂ ᠲᠠᠯᠠᠢ ᠶᠢᠨ ᠴᠡᠷᠢᠭ᠂ ᠬᠠᠶᠢᠨᠠᠠ ᠮᠤᠵᠢ ᠵᠢᠴᠢ ᠨᠢᠰᠭᠡᠯ ᠤᠨ ᠰᠠᠭᠤᠷᠢᠨ ᠤᠩᠭᠤᠴᠠ ᠶᠢᠨ ᠦᠢᠯᠡᠳᠪᠤᠷᠢᠯᠡᠯ ᠤᠨ ᠨᠢᠭᠡᠴᠢ ᠶᠢᠨ ᠬᠠᠷᠢᠭᠤᠴᠠᠯᠭᠠᠲᠠᠠ ᠶᠤᠰᠤᠯᠠᠯ ᠳᠤ ᠤᠷᠤᠯᠴᠠᠭᠰᠠᠠ ᠪᠠᠶᠢᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号