ᠪᠦᠬᠦ ᠬᠤᠳᠠ ᠶᠢᠨ ᠣᠳᠣᠷᠢᠳᠬᠤ ᠺᠠᠳ᠋ᠷᠴᠣᠳ ᠢ ᠰᠡᠷᠡᠮᠵᠢᠯᠡᠬᠦᠯᠬᠦ ᠬᠦᠮᠦᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-19
     12 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠣᠳᠣᠷᠢᠳᠬᠤ ᠺᠠᠳ᠋ᠷᠴᠣᠳ ᠢ ᠰᠡᠷᠡᠮᠵᠢᠯᠡᠬᠦᠯᠬᠦ ᠬᠦᠮᠦᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠣᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠤ ᠵᠢᠶᠦ᠋ᠨ ᠶᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠡᠷᠡᠭ ᠶᠠᠪᠤᠳᠠᠯ ᠢᠶᠠᠷ ᠲᠣᠯᠢ ᠪᠣᠯᠭᠠᠵᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠡᠷᠡᠰ ᠭᠤᠶᠢᠪᠢᠰᠢ ᠦᠭᠡᠢ ᠠᠬᠢᠭᠤᠯᠤᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠠᠵᠤ ᠠᠬᠤᠶ ᠨᠡᠶᠢᠬᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠭᠰᠠᠨ ᠪᠠᠶᠢᠨ᠎ᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠹᠧᠩ ᠴᠤᠤ ᠬᠤᠷᠠᠯ ᠢ ᠡᠷᠭᠢᠯᠠᠭᠦ ᠶᠢᠨ ᠬᠠᠮᠳᠤ ᠭᠡᠷᠡᠭ ᠤᠨ ᠵᠠᠳᠠᠯᠤᠯᠳᠠ ᠶᠢᠨ ᠮᠡᠳᠡᠭᠦᠯᠥᠯᠳᠠ ᠬᠢᠵᠤ᠂ ᠬᠤᠷᠠᠯ ᠠᠴᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶᠡᠨ ᠳᠡᠭᠡᠷᠡᠬᠢ 3D ᠴᠢᠬᠡᠴᠢ ᠵᠠᠰᠠᠭ ᠤᠨ ᠬᠥᠮᠦᠵᠢᠯ ᠤᠨ ᠦᠵᠡᠬᠦᠯᠦᠯᠭᠡ ᠶᠢᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠦᠢᠯᠡᠳᠦᠭᠰᠡᠨ ︽ᠤᠭ ᠰᠠᠨᠠᠭ᠎ᠠ ᠪᠠᠨ ᠠᠯᠳᠠᠭᠰᠠᠨ ᠦᠷᠡᠭᠳᠡᠯ︾ ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠵᠣᠬᠢᠶᠠᠨ ᠪᠠᠶᠢᠭᠤᠯᠤᠨ ᠦᠵᠡᠪᠡ᠃      ᠨᠢᠤ ᠵᠢᠶᠥ᠋ᠨ ᠶᠠᠨ ᠵᠢᠭᠠᠵᠤ ᠭᠠᠷᠭᠠᠭᠰᠠᠨ ᠨᠢ᠂ ᠬᠡᠷᠡᠭ ᠤᠨ ᠮᠡᠳᠡᠭᠦᠯᠦᠯᠲᠡ ᠪᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠳᠠᠬᠢ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠨᠢ ᠬᠥᠮᠦᠰ ᠤᠨ ᠰᠡᠳᠬᠢᠯ ᠢ ᠰᠢᠮᠰᠢᠷᠡᠭᠦᠯᠵᠦ ᠭᠦᠨ ᠰᠡᠳᠬᠢᠭᠦᠰᠢᠲᠡᠶ ᠶᠤᠮ᠂ ᠡᠳᠡᠭᠡᠷ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠭᠦᠨ ᠬᠥᠪ ᠲᠤ ᠣᠷᠣᠭᠰᠠᠨ ᠤ ᠬᠠᠮᠤᠭ ᠤᠨ ᠦᠨᠳᠦᠰᠦᠨ ᠰᠢᠯᠲᠠᠭᠠᠨ ᠪᠣᠯ ᠳᠠᠷᠤᠶ ᠤᠭ ᠰᠠᠨᠠᠭ᠎ᠠ ᠪᠠᠨ ᠤᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠮᠠᠷᠲᠠᠭᠰᠠᠨ ᠳᠤ ᠣᠷᠣᠰᠢᠨ᠎ᠠ᠃ ᠦᠷᠭᠡᠨ ᠣᠯᠠᠨ ᠨᠠᠮ ᠤᠨ ᠭᠡᠰᠢᠬᠦᠨ ᠺᠠᠳ᠋ᠷᠴᠣᠳ ᠢᠯᠠᠩᠭᠤᠶ᠎ᠠ ᠣᠳᠣᠷᠢᠳᠬᠤ ᠺᠠᠳ᠋ᠷᠴᠣᠳ ᠡᠷᠭᠡᠪᠰᠢ ᠪᠣᠷᠣᠭᠤ ᠳᠠᠯ᠎ᠠ ᠶᠢᠨ ᠨᠡᠶᠢᠲᠡᠯᠢᠭ ᠵᠢᠱᠢᠶ᠎ᠡ ᠠᠴᠠ ᠭᠦᠨᠵᠡᠭᠡᠢ ᠰᠣᠷᠭᠠᠮᠵᠢ ᠬᠦᠷᠲᠡᠵᠦ ᠨᠠᠮ ᠤᠨ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠨ ᠢᠯᠵᠢᠷᠠᠯ ᠢ ᠡᠷᠡᠰ ᠡᠰᠡᠷᠭᠦᠴᠡᠬᠦ ᠬᠡᠷᠡᠭᠲᠡᠢ᠃ ᠬᠦᠰᠡᠯᠡᠩ ᠢᠳᠡᠭᠡᠯ ᠪᠢᠰᠢᠷᠡᠯ ᠢᠶᠠᠨ ᠪᠠᠳᠣᠳᠬᠠᠵᠦ ᠣᠯᠣᠰ ᠲᠦᠷᠦ ᠶᠢᠨ ᠪᠣᠯᠪᠠᠰᠣᠷᠠᠯ ᠢᠶᠠᠨ ᠴᠢᠩᠭᠠᠳᠬᠠᠨ ᠵᠦᠪ ᠣᠯᠣᠰ ᠲᠦᠷᠦ ᠶᠢᠨ ᠴᠢᠭᠯᠡᠯ ᠢ ᠪᠠᠷᠢᠮᠳᠠᠯᠠᠬᠤ ᠬᠡᠷᠡᠭᠲᠡᠢ᠃ ᠵᠣᠷᠢᠯᠳᠠ ᠶᠢᠨ ᠦᠵᠡᠯ ᠤᠬᠠᠮᠰᠠᠷ ᠢ ᠦᠢᠯᠡᠳᠦᠯᠭᠡᠵᠢᠬᠦᠯᠵᠦ ᠠᠷᠠᠳ ᠤᠨ ᠲᠦᠯᠦᠬᠡ ᠪᠣᠳᠠᠳᠣ ᠠᠵᠢᠯᠯᠠᠭ᠎ᠠ ᠶᠢ ᠡᠷᠬᠢᠮᠯᠡᠬᠦ ᠦᠷᠲᠡᠭ ᠤᠨ ᠬᠦᠭᠡᠭᠡᠴᠡᠯᠳᠦᠯ ᠢ ᠠᠷᠠᠳ ᠲᠤ ᠠᠰᠢᠭ ᠭᠦᠷᠳᠡᠭᠡᠭᠦ ᠪᠣᠳᠠᠳᠠᠢ ᠠᠵᠢᠯᠯᠠᠭ᠎ᠠ ᠳᠤ ᠦᠢᠯᠡᠳᠦᠯᠭᠡᠵᠢᠬᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠳᠣ ᠶᠢ ᠴᠢᠩᠭ᠎ᠠ ᠵᠢᠷᠣᠮᠯᠠᠨ ᠵᠠᠰᠠᠭ ᠤᠨ ᠣᠷᠳᠣᠨ ᠪᠠ ᠬᠤᠳᠠᠯᠳᠣᠭᠠᠴᠢᠨ ᠤ ᠰᠢᠨ᠎ᠡ ᠭᠡᠯᠪᠡᠷᠢ ᠶᠢᠨ ᠬᠠᠷᠢᠴᠠᠭ᠎ᠠ ᠶᠢ ᠪᠠᠳᠣᠯᠠᠵᠦ ᠰᠠᠬᠢᠯᠭ᠎ᠠ ᠪᠠᠳᠣ  ᠶᠢ ᠰᠠᠬᠢᠬᠤ ᠬᠡᠷᠡᠭᠲᠡᠢ᠃ ᠰᠣᠷᠳᠠᠯ ᠤᠨ ᠪᠠᠶᠢᠭᠤᠯᠣᠯᠳᠠ ᠶᠢ ᠬᠦᠨᠵᠡᠭᠡᠶᠢᠷᠡᠬᠦᠯᠵᠦ ᠴᠢᠳᠠᠪᠣᠷᠢ ᠪᠠᠨ ᠳᠠᠰᠣᠷᠠᠯᠳᠠ ᠦᠬᠡᠢ ᠴᠢᠩᠭᠠᠳᠬᠠᠨ ᠬᠠᠷᠢᠭᠤᠴᠠᠯᠭ᠎ᠠ ᠡᠭᠦᠷᠭᠡᠯᠡᠬᠦ ᠡᠷᠴᠢ ᠵᠣᠷᠢᠭ ᠢᠶᠠᠨ ᠪᠠᠳᠣᠯᠠᠵᠦ ᠨᠠᠮ ᠪᠠ ᠠᠷᠠᠳ ᠲᠦᠮᠡᠨ ᠳᠤ ᠰᠢᠨ᠎ᠡ ᠠᠮᠵᠢᠯᠳᠠ ᠪᠦᠲᠦᠮᠵᠢ ᠶᠢ ᠴᠢᠷᠮᠠᠶᠢᠨ ᠡᠭᠦᠳᠭᠦ ᠭᠡᠷᠡᠭᠲᠡᠢ ᠭᠡᠵᠡᠢ᠃      ᠨᠢᠤ ᠵᠢᠶᠥ᠋ᠨ ᠶᠠᠨ ᠴᠢᠬᠤᠯᠠᠴᠢᠯᠠᠭᠰᠠᠨ ᠨᠢ᠂ ᠪᠦᠷᠢᠨ ᠲᠦᠭᠦᠷ ᠲᠦᠷᠢᠮ ᠨᠢ ᠺᠠᠳ᠋ᠷ ᠢ ᠬᠠᠮᠠᠭᠠᠯᠠᠬᠤ ᠬᠠᠯᠬᠠᠪᠴᠢ ᠬᠡᠷᠡᠮ ᠮᠦᠨ᠃ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠳᠦᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠤᠭᠤᠰᠢᠯᠠᠭᠤᠯᠵᠤ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠳᠣᠭᠳᠠᠴᠠ᠂ ᠬᠢᠨᠠᠯᠳᠠ ᠳᠠᠯᠪᠢᠨ ᠬᠢᠵᠠᠭᠠᠷᠯᠠᠬᠤ ᠳᠣᠭᠳᠠᠴᠠ᠂ ᠡᠷᠬᠡ ᠶᠢ ᠬᠢᠵᠠᠭᠠᠷᠯᠠᠨ ᠬᠢᠨᠠᠯᠳᠠ ᠳᠠᠯᠪᠢᠬᠤ ᠳᠣᠭᠳᠠᠴᠠ ᠶᠢ ᠲᠡᠭᠦᠯᠳᠡᠷᠵᠢᠭᠦᠯᠦᠨ ᠴᠢᠩᠭᠠᠳᠬᠠᠵᠤ ᠢᠯᠵᠢᠷᠡᠬᠦ ᠶᠢ ᠢᠮᠠᠭᠳᠠ ᠰᠡᠷᠭᠡᠶᠢᠯᠡᠭᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠣᠯᠠᠮ ᠨᠢᠭᠡ ᠠᠯᠬᠤᠮ ᠴᠢᠩᠭᠠᠳᠬᠠᠨ ᠱᠠᠳᠣ ᠱᠠᠳᠣ ᠪᠠᠷ ᠪᠣᠳᠠᠳᠠᠶᠢᠵᠢᠭᠤᠯᠣᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ ᠲᠦᠪ ᠴᠢᠬᠡᠴᠢ ᠣᠯᠣᠰ ᠲᠦᠷᠦ ᠶᠢᠨ ᠠᠮᠢ ᠠᠬᠤᠢ ᠶᠢ ᠶᠡᠬᠡᠪᠡᠷ ᠪᠣᠢ ᠪᠣᠯᠭᠠᠵᠦ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠢ ᠬᠦᠴᠦᠯᠡᠨ ᠠᠬᠢᠭᠤᠯᠵᠦ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠳᠠ ᠶᠢ ᠣᠯᠬᠤ᠂ ᠠᠵᠦ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠳᠤ ᠭᠦᠴᠦᠷᠭᠡᠭ ᠶᠡᠭᠡ ᠭᠦᠳᠡᠯᠭᠡᠭᠴᠢ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠲᠠᠷᠢᠭᠦᠯᠡᠭᠴᠢ ᠬᠤᠤ ᠸᠧᠢ ᠵᠡᠷᠭᠡ ᠬᠤᠰᠢᠭᠤ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠰᠤᠮᠤ ᠪᠠᠯᠭᠠᠰᠤᠨ ᠲᠠᠷᠤᠭ᠎ᠠ᠂ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠵᠢᠴᠢ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号