ᠤᠢᠢᠷ᠎ᠠ ᠶᠢᠨ ᠡᠳᠦᠷ᠂ ᠪᠦᠬᠦ ᠬᠤᠲᠠ ᠶᠢᠨ ᠠᠶᠤᠯᠬᠦᠢ ᠦᠢᠯᠡᠳᠪᠦᠷᠢᠯᠡᠯ ᠵᠢᠴᠢ ᠲᠦᠢᠮᠡᠷ ᠢ ᠰᠡᠷᠬᠡᠶᠢᠯᠡᠬᠦ | ᠰᠦᠡᠭ ᠬᠠᠯᠢᠶ᠎ᠠ ᠶᠢ ᠰᠡᠷᠬᠡᠶᠢᠯᠡᠬᠦ ᠠᠵᠢᠯ ᠤᠨ ᠲᠧᠯᠸᠢᠰ ᠳ᠋ᠢᠶᠡᠩᠬᠤᠸᠠ ᠬᠤᠷᠠᠯ ᠬᠤᠷᠠᠯᠳᠤᠪᠠ᠃ ᠬᠤᠷᠠᠯ ᠠᠴᠠ | ᠶᠡᠷᠦᠩᠬᠡᠶ ᠱᠦᠵᠢ ᠰᠢ ᠶᠢᠨ ᠫᠢᠡᠭ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠣᠯᠤᠨ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠪᠦᠬᠦ | ᠬᠤᠲᠠ ᠶᠢᠨ ᠠᠶᠤᠯᠬᠦᠢ ᠦᠢᠯᠡᠳᠪᠦᠷᠢᠯᠡᠯ ᠵᠢᠴᠢ ᠲᠦᠢᠮᠡᠷ ᠢ ᠰᠡᠷᠬᠡᠶᠢᠯᠡᠬᠦ ᠰᠦᠡᠭ ᠬᠠᠯᠢᠶ᠎ᠠ ᠶᠢ ᠰᠡᠷᠬᠡᠶᠢᠯᠡᠬᠦ ᠠᠵᠢᠯ ᠢ | ᠲᠠᠬᠢᠨᠳᠠ ᠪᠠᠶᠢᠷᠢᠯᠠᠭᠤᠯᠤᠨ ᠲᠠᠬᠢᠨᠲᠠ ᠠᠬᠢᠭᠤᠯᠤᠬᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ | ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠬᠤᠰᠢᠭᠤ ᠣᠳᠣᠷᠢᠳᠣᠯᠭ᠎ᠠ ᠭᠤᠣ ᠬᠣ᠋᠂ ᠵᠧᠦ ᠱᠤᠸᠠᠢ ᠵᠢᠴᠢ | ᠰᠣᠪᠣᠷᠭ᠎ᠠ ᠠᠵᠣ ᠠᠬᠤᠢ ᠶᠢᠨ ᠨᠡᠬᠡᠬᠡᠯᠳᠡ ᠶᠢᠨ ᠣᠷᠣᠨ᠂ ᠨᠠᠷᠢᠨᠭᠤᠣᠯ ᠠᠵᠣ ᠦᠢᠯᠡᠳᠪᠦᠷᠢ ᠶᠢᠨ ᠳᠣᠭᠤᠷᠢᠭ᠂ ᠡᠯ᠎ᠡ | ᠰᠣᠮᠣ ᠪᠠᠯᠭᠠᠰᠣ᠂ ᠬᠤᠰᠢᠭᠤ ᠠᠶᠣᠯᠬᠦᠢ ᠦᠢᠯᠡᠳᠪᠦᠷᠢᠯᠡᠯ ᠤᠨ ᠵᠦᠪᠯᠡᠯ ᠤᠨ ᠭᠤᠣᠯ ᠪᠦᠷᠢᠯᠳᠦᠬᠦᠨ ᠪᠠᠶᠢᠭᠤᠯᠭ᠎ᠠ | ᠶᠢᠨ ᠭᠤᠣᠯ ᠬᠠᠷᠢᠭᠤᠴᠠᠯᠭᠠᠳᠠᠨ᠂ ᠭᠤᠣᠯᠳᠠᠯᠭ᠎ᠠ ᠲᠠᠢ ᠠᠵᠣ ᠠᠬᠤᠶᠢᠯᠠᠯ ᠤᠨ ᠭᠤᠣᠯ ᠬᠠᠷᠢᠭᠤᠴᠠᠯᠭᠠᠳᠠᠳ ᠮᠠᠨ ᠤ | ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃ | ᠬᠤᠷᠠᠯ ᠠᠴᠠ ᠪᠦᠬᠦ ᠬᠤᠲᠠ ᠶᠢᠨ ᠠᠶᠤᠯᠬᠦᠢ ᠦᠢᠯᠡᠳᠪᠦᠷᠢᠯᠡᠯ ᠵᠢᠴᠢ ᠲᠦᠢᠮᠡᠷ ᠢ ᠰᠡᠷᠬᠡᠶᠢᠯᠡᠬᠦ ᠰᠦᠡᠭ | ᠬᠠᠯᠢᠶ᠎ᠠ ᠶᠢ ᠰᠡᠷᠬᠡᠶᠢᠯᠡᠬᠦ ᠠᠵᠢᠯ ᠤᠨ ᠪᠠᠶᠢᠳᠠᠯ ᠢ ᠮᠡᠳᠡᠭᠳᠡᠪᠡ᠃ ᠬᠤᠷᠠᠯ ᠠᠴᠠ ᠡᠯ᠎ᠡ ᠬᠤᠰᠢᠭᠤ ᠲᠣᠭᠤᠷᠢᠭ ᠡᠯ᠎ᠡ | ᠰᠠᠯᠠᠭ᠎ᠠ ᠮᠥᠴᠢᠷ ᠪᠣᠯᠤᠨ ᠡᠯ᠎ᠡ ᠠᠵᠤ ᠠᠬᠤᠶᠢᠯᠠᠯ ᠤᠯᠤᠰ ᠲᠥᠷᠥ ᠶᠢᠨ ᠵᠤᠬᠰᠤᠯᠲᠠ ᠪᠠᠨ ᠳᠡᠭᠡᠭᠰᠢᠯᠡᠭᠦᠯᠵᠦ᠂ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ | ᠠᠶᠤᠯᠬᠦᠢ ᠦᠢᠯᠡᠳᠪᠦᠷᠢᠯᠡᠯ ᠤᠨ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ | ᠠᠶᠤᠯᠬᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ᠃ ᠬᠤᠲᠠ ᠶᠢᠨ | ᠳᠣᠲᠣᠨ᠎ᠠ ᠭᠠᠳᠠᠨ᠎ᠠ ᠡᠬᠦᠰᠦᠭᠰᠡᠨ ᠡᠯ᠎ᠡ ᠲᠥᠷᠥᠯ ᠤᠨ ᠬᠡᠷᠡᠭ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠵᠤ | ᠠᠬᠤᠢᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ | ᠪᠣᠯᠤᠨ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠨᠠᠶᠢᠳᠠᠪᠤᠷᠢᠵᠢᠭᠤᠯᠬᠤ ᠬᠡᠷᠡᠭᠲᠠᠢ᠃ | ᠠᠶᠤᠯᠭᠦᠶ ᠦᠶ᠋ᠯᠡᠳᠪᠦᠷᠢᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ | ᠠᠬᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ | ᠬᠦᠴᠦᠯᠡᠨ ᠰᠡᠷᠭᠡᠶᠢᠯᠡᠨ ᠡᠵᠡᠮᠰᠢᠵᠦ᠂ ᠡᠯ᠎ᠡ ᠲᠦᠷᠦᠯ ᠤᠨ ᠠᠵᠢᠯ ᠤᠨ ᠪᠣᠳᠠᠲᠠᠶ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠠᠰᠠ ᠪᠦᠬᠦ ᠬᠤᠲᠠ ᠶᠢᠨ ETC ᠶᠢ ᠲᠦᠬᠡᠮᠡᠯᠵᠢᠬᠦᠯᠦᠨ ᠤᠭᠰᠠᠷᠠᠭᠤᠯᠬᠤ ᠠᠵᠢᠯ ᠤᠨ | ᠪᠠᠶᠢᠳᠠᠯ ᠢ ᠮᠡᠳᠡᠭᠳᠡᠪᠡ᠃ ᠬᠤᠷᠠᠯ ᠠᠴᠠ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ETC ᠶᠢ ᠲᠦᠭᠡᠮᠡᠯᠵᠢᠭᠦᠯᠦᠨ ᠳᠡᠯᠭᠡᠷᠡᠭᠦᠯᠬᠦ ᠠᠵᠢᠯ ᠤᠨ | ᠬᠠᠷᠢᠭᠤᠴᠠᠯᠭᠠᠲᠤ ᠰᠡᠳᠬᠢᠯᠭᠡ᠂ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠡᠯ᠎ᠡ ᠲᠦᠷᠦᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠬᠰᠠᠨ ᠪᠠᠶᠢᠨ᠎ᠠ᠃ | ᠬᠤᠷᠠᠯ ᠤᠨ ᠳᠠᠷᠠᠭ᠎ᠠ᠂ ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠠᠶᠣᠯᠬᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠡᠬᠦᠷᠭᠡ ᠬᠠᠷᠢᠭᠤᠴᠠᠯᠭ᠎ᠠ ᠪᠠᠨ ᠣᠯᠠᠮ ᠨᠢᠬᠡ ᠠᠯᠬᠤᠮ ᠪᠣᠳᠠᠳᠠᠶᠢᠵᠢᠭᠤᠯᠵᠦ ᠳᠦᠰᠦᠪ ᠶᠣᠰᠣᠭᠠᠷ | ᠰᠠᠶᠢᠳᠣᠷ ᠲᠤᠭᠤᠰᠢᠯᠠᠭᠤᠯᠵᠤ ᠴᠢᠬᠤᠯᠠ ᠠᠵᠢᠯ ᠲᠦᠷᠦᠯ ᠤᠨ ᠬᠠᠮᠢᠶᠠᠷᠣᠯᠳᠠ ᠶᠢ ᠴᠢᠩᠭᠠᠳᠬᠠᠵᠦ ᠣᠯᠠᠨ ᠳᠠᠯ᠎ᠠ ᠪᠠᠷ | ᠨᠠᠷᠢᠯᠢᠭ ᠨᠢᠮᠪᠠᠢ ᠪᠠᠷ ᠠᠰᠠᠭᠤᠳᠠᠯ ᠳᠠᠯᠳᠠ ᠬᠡᠮ ᠢ ᠪᠠᠶᠢᠴᠠᠭᠠᠵᠦ ᠭᠤᠣᠯᠴᠢᠯᠠᠨ ᠴᠡᠭᠴᠡᠯᠡᠵᠦ ᠵᠣᠬᠢᠶᠠᠨ ᠪᠠᠶᠢᠭᠤᠯᠣᠯᠳᠠ | ᠶᠢᠨ ᠣᠳᠣᠷᠢᠳᠣᠯᠭ᠎ᠠ ᠪᠠ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠣᠮᠣ ᠪᠠᠯᠭᠠᠰᠣ᠂ ᠡᠯ᠎ᠡ | ᠪᠠᠶᠢᠭᠤᠯᠭ᠎ᠠ ᠶᠢᠨ ᠬᠢᠨ ᠣᠯᠣᠰ ᠳᠦᠷᠦ ᠶᠢᠨ ᠵᠣᠭᠰᠣᠴᠠ ᠪᠠ ᠬᠢᠨᠠᠯᠳᠠ ᠬᠠᠮᠢᠶᠠᠷᠣᠯᠳᠠ ᠶᠢᠨ ᠳᠠᠨᠢᠯᠳᠠ ᠪᠠᠨ | ᠳᠡᠭᠡᠭᠰᠢᠯᠡᠬᠦᠯᠵᠦ ᠬᠢᠨᠠᠯᠳᠠ ᠬᠠᠮᠢᠶᠠᠷᠣᠯᠳᠠ ᠶᠢᠨ ᠡᠬᠦᠷᠭᠡ ᠬᠠᠷᠢᠭᠤᠴᠠᠯᠭ᠎ᠠ ᠪᠠᠨ ᠪᠣᠳᠠᠳᠠᠢ ᠲᠤᠭᠤᠰᠢᠯᠠᠭᠤᠯᠤᠨ ᠬᠠᠣᠯᠢ | ᠬᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠵᠦ ᠠᠶᠣᠯᠬᠦᠢ ᠦᠢᠯᠡᠳᠪᠦᠷᠢᠯᠡᠯ ᠤᠨ ᠣᠬᠠᠭᠤᠯᠭ᠎ᠠ ᠪᠠ ᠪᠣᠯᠪᠠᠰᠣᠷᠠᠯ ᠢ | ᠨᠡᠮᠡᠭᠳᠡᠬᠦᠯᠬᠦ ᠬᠡᠷᠡᠭᠲᠡᠢ ᠬᠡᠪᠡ᠃ | ETC ᠶᠢ ᠲᠦᠬᠡᠮᠡᠯᠵᠢᠬᠦᠯᠦᠨ ᠤᠭᠰᠠᠷᠠᠭᠤᠯᠬᠤ ᠠᠵᠢᠯ ᠤᠨ ᠳᠣᠬᠠᠢ ᠵᠣᠣ ᠹᠧᠢ ᠯᠣ᠋ ᠠᠴᠠ ᠴᠢᠬᠤᠯᠠᠴᠢᠯᠠᠬᠤ | ᠳᠠᠭᠠᠨ᠂ ᠵᠦᠪ ᠳᠠᠨᠢᠵᠦ ᠴᠢᠩᠭ᠎ᠠ ᠠᠳᠬᠤᠵᠦ ᠪᠣᠳᠠᠳᠠᠢ ᠲᠤᠭᠤᠰᠢᠯᠠᠭᠤᠯᠤᠨ ᠡᠬᠦᠷᠭᠡ ᠪᠠᠨ ᠪᠡᠶᠡᠯᠡᠬᠦᠯᠬᠦ ᠶᠢ | ᠪᠠᠳᠣᠯᠠᠵᠦ ᠡᠨᠡᠬᠦ ᠠᠷᠠᠳ ᠤᠨ ᠠᠮᠢᠳᠣᠷᠠᠯ ᠤᠨ ᠢᠨᠵᠧᠨᠧᠷᠢᠩ ᠢ ᠦᠨᠡᠨᠬᠦ ᠲᠤᠭᠤᠰᠢᠯᠠᠭᠤᠯᠬᠤ ᠶᠢ ᠪᠠᠳᠣᠯᠠᠬᠤ ᠬᠡᠷᠡᠭᠲᠡᠢ | ᠬᠡᠪᠡ᠃ | |