11 ᠰᠠᠷ᠎ᠠ ᠶᠢᠨ 28 ᠤ ᠡᠳᠦᠷ᠂ ᠳᠣᠮᠳᠠᠳᠣ ᠣᠯᠣᠰ ᠤᠨ ᠴᠢᠯᠠᠭᠤᠨ ᠳᠣᠰᠣᠨ ᠤ ᠪᠥᠯᠥᠭᠯᠠᠯ ᠤᠨ ᠴᠤᠸᠠᠨ | ᠴᠢᠩ ᠦᠷᠦᠮᠳᠠᠨ ᠬᠠᠶᠢᠬᠤ ᠢᠨᠵᠧᠨᠧᠷᠢᠩ ᠤᠨ ᠬᠢᠵᠠᠭᠠᠷᠲᠣ ᠺᠣᠮᠫᠠᠨᠢ ᠶᠢᠨ ᠰᠣᠪᠣᠷᠭ᠎ᠠ ᠳᠦᠷᠦᠯ ᠵᠦᠢᠯ ᠤᠨ | ᠵᠢᠯᠤᠭᠤᠳᠬᠤ ᠭᠠᠵᠠᠷ ᠤᠨ ︽ ᠵᠠᠭᠤᠨ ᠠᠵᠣ ᠠᠬᠤᠶᠢᠯᠠᠯ ᠵᠠᠭᠤᠨ ᠭᠠᠴᠠᠭ᠎ᠠ ᠳᠣᠰᠬᠤᠨ ᠢ ᠳᠣᠰᠠᠯᠠᠬᠤ︾ ᠪᠡᠯᠡ | ᠮᠦᠩᠬᠦ ᠬᠠᠨᠳᠢᠪᠯᠠᠬᠤ ᠠᠵᠢᠯᠯᠠᠭ᠎ᠠ ᠭᠠᠯᠠᠭᠤᠲᠣ ᠪᠠᠯᠭᠠᠰᠣᠨ ᠤ ᠰᠠᠷᠠᠭᠤᠯᠨᠣᠳᠤᠭ ᠭᠠᠴᠠᠭᠠᠨ ᠳᠤ ᠶᠠᠪᠣᠭᠳᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ | ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ ᠨᠢᠬᠡᠳᠦᠮᠡᠯ ᠹᠠᠷᠣᠨᠲ ᠤᠨ ᠬᠡᠯᠳᠡᠰ ᠤᠨ ᠳᠠᠷᠤᠭ᠎ᠠ ᠠᠯᠳᠠᠨᠳᠣᠶᠠᠭ᠎ᠠ᠂ ᠬᠤᠰᠢᠭᠤ ᠲᠡᠳ᠋ ᠲᠠᠷᠤᠭ᠎ᠠ | ᠪᠠᠶᠠᠨᠴᠡᠩᠬᠡᠯ ᠵᠢᠴᠢ ᠭᠠᠯᠠᠭᠤᠲᠣ ᠪᠠᠯᠭᠠᠰᠣ᠂ ᠳᠠᠷᠢᠶᠠᠯᠠᠩ ᠮᠠᠯ ᠠᠵᠤ ᠠᠬᠤᠢ ᠤᠨ ᠳᠣᠪᠴᠢᠶ᠎ᠠ᠂ ᠵᠠᠮ ᠬᠠᠷᠢᠯᠴᠠᠭᠠᠨ ᠤ | ᠬᠠᠮᠢᠶᠠᠷᠣᠯᠳᠠ ᠶᠢᠨ ᠶᠡᠭᠡ ᠠᠩᠬᠢ᠂ ᠳᠠᠮᠢᠷ ᠤᠨ ᠦᠢᠯᠡᠰ ᠤᠨ ᠬᠦᠭᠵᠢᠬᠦᠯᠦᠯᠲᠡ ᠶᠢᠨ ᠳᠦᠪ ᠤᠨ ᠬᠠᠮᠢᠶ᠎ᠠ ᠪᠦᠬᠦᠢ | ᠬᠠᠷᠢᠭᠤᠴᠠᠯᠭᠠᠳᠠᠨ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠳᠣᠮᠳᠠᠳᠣ ᠣᠯᠣᠰ ᠤᠨ ᠴᠢᠯᠠᠭᠤᠨ ᠳᠣᠰᠣᠨ ᠤ ᠪᠥᠯᠥᠭᠯᠠᠯ ᠤᠨ ᠴᠤᠸᠠᠨ ᠴᠢᠩ | ᠦᠷᠦᠮᠳᠠᠨ ᠬᠠᠶᠢᠬᠤ ᠢᠨᠵᠧᠨᠧᠷᠢᠩ ᠤᠨ ᠬᠢᠵᠠᠭᠠᠷᠲᠣ ᠺᠣᠮᠫᠠᠨᠢ ᠶᠢᠨ ᠰᠣᠪᠣᠷᠭ᠎ᠠ ᠳᠦᠷᠦᠯ ᠵᠦᠢᠯ ᠤᠨ ᠵᠢᠯᠤᠭᠤᠳᠬᠤ | ᠭᠠᠵᠠᠷ ᠠᠴᠠ ᠰᠠᠷᠠᠭᠤᠯᠨᠣᠳᠤᠭ ᠭᠠᠴᠠᠭᠠᠨ ᠳᠤ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠡᠯᠡ ᠮᠦᠩᠬᠦ | 70 ᠲᠥᠮᠡᠨ ᠲᠥᠭᠦᠷᠢᠭ ᠢ ᠬᠠᠨᠳᠢᠪᠯᠠᠭᠰᠠᠨ ᠪᠠᠶᠢᠨ᠎ᠠ᠃ | ᠭᠠᠯᠠᠭᠤᠲᠣ ᠪᠠᠯᠭᠠᠰᠣᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠳᠣᠮᠳᠠᠳᠣ ᠣᠯᠣᠰ ᠤᠨ ᠴᠢᠯᠠᠭᠤᠨ | ᠳᠣᠰᠣᠨ ᠤ ᠪᠥᠯᠥᠭᠯᠠᠯ ᠤᠨ ᠴᠤᠸᠠᠨ ᠴᠢᠩ ᠦᠷᠦᠮᠳᠠᠨ ᠬᠠᠶᠢᠬᠤ ᠢᠨᠵᠧᠨᠧᠷᠢᠩ ᠤᠨ ᠬᠢᠵᠠᠭᠠᠷᠲᠣ ᠺᠣᠮᠫᠠᠨᠢ ᠶᠢᠨ | ᠰᠣᠪᠣᠷᠭ᠎ᠠ ᠳᠦᠷᠦᠯ ᠵᠦᠢᠯ ᠤᠨ ᠵᠢᠯᠤᠭᠤᠳᠬᠤ ᠭᠠᠵᠠᠷ ᠲᠤ ᠪᠠᠶᠠᠷ ᠳᠠᠯᠠᠷᠬᠠᠯ ᠢᠶᠠᠨ ᠳᠡᠪᠰᠢᠬᠦᠯᠬᠦ ᠶᠢᠨ ᠬᠠᠮᠲᠣ | ᠭᠠᠴᠠᠭᠠᠨ ᠠᠴᠠ ᠳᠣᠰ ᠪᠡᠯᠡ ᠮᠦᠩᠬᠦ ᠶᠢ ᠵᠣᠬᠢᠰᠳᠠᠢ ᠬᠡᠷᠡᠭᠯᠡᠵᠦ ᠭᠠᠴᠠᠭᠠᠨ ᠤ ᠬᠠᠮᠲᠣ ᠶᠢᠨ ᠠᠵᠣ ᠠᠬᠤᠢ ᠶᠢᠨ | ᠭᠥᠭᠵᠢᠯᠳᠠ ᠶᠢᠨ ᠳᠦᠪᠰᠢᠨ ᠢ ᠳᠡᠭᠡᠭᠰᠢᠯᠡᠬᠦᠯᠵᠦ ᠮᠠᠯᠴᠢᠨ ᠳᠠᠷᠢᠶᠠᠴᠢᠨ ᠢᠶᠠᠨ ᠳᠠᠶᠢᠴᠢᠯᠠᠨ ᠪᠠᠶᠠᠵᠢᠨ | ᠴᠢᠨᠡᠬᠡᠯᠢᠭᠵᠢᠬᠦ ᠬᠡᠷᠡᠭᠲᠡᠢ ᠭᠡᠵᠤ ᠱᠠᠭᠠᠷᠳᠠᠪᠠ᠃ | ᠲᠤᠰ ᠤᠳᠠᠭᠠᠨ ᠤ ᠪᠡᠯᠡ ᠮᠦᠩᠬᠦ ᠬᠠᠨᠳᠢᠪᠯᠠᠭᠰᠠᠨ ᠠᠵᠢᠯᠯᠠᠭ᠎ᠠ ᠨᠢ ᠠᠵᠣ ᠠᠬᠤᠶᠢᠯᠠᠯ ᠤᠨ ᠰᠠᠨᠠᠭᠠᠴᠢᠯᠭ᠎ᠠ | ᠠᠴᠠ ᠪᠠᠨ ᠨᠡᠶᠢᠬᠡᠮ ᠤᠨ ᠡᠬᠦᠷᠭᠡ ᠬᠠᠷᠢᠭᠤᠴᠠᠯᠭ᠎ᠠ ᠪᠠᠨ ᠡᠭᠦᠷᠭᠡᠯᠠᠭᠦ ᠵᠤᠷᠢᠭ ᠰᠠᠨᠠᠭ᠎ᠠ ᠶᠢ ᠢᠯᠠᠷᠠᠭᠦᠯᠤᠨ ︽ᠵᠠᠭᠤᠨ | ᠠᠵᠣ ᠠᠬᠤᠶᠢᠯᠠᠯ ᠵᠠᠭᠤᠨ ᠭᠠᠴᠠᠭ᠎ᠠ ᠳᠣᠰᠬᠤᠨ ᠢ ᠳᠣᠰᠠᠯᠠᠬᠤ︾ ᠨᠡᠶᠢᠬᠡᠮ ᠤᠨ ᠨᠦᠯᠦᠬᠡᠯᠡᠯ ᠢ ᠬᠦᠢᠴᠡᠳ | ᠪᠠᠳᠠᠷᠠᠭᠤᠯᠵᠦ ᠭᠠᠵᠠᠷ ᠣᠷᠣᠨ ᠪᠠ ᠠᠵᠣ ᠠᠬᠤᠶᠢᠯᠠᠯ ᠬᠠᠮᠳᠤᠷᠠᠨ ᠠᠵᠢᠯᠯᠠᠵᠤ ᠭᠥᠭᠵᠢᠯᠳᠠ ᠶᠢ ᠬᠠᠮᠳᠤ ᠪᠠᠷ | ᠠᠭᠢᠭᠤᠯᠤᠭᠰᠠᠨ ᠰᠠᠶᠢᠨ ᠰᠠᠶᠢᠬᠠᠨ ᠲᠥᠷᠢ ᠪᠠᠶᠢᠳᠠᠯ ᠢ ᠬᠠᠷᠠᠭᠤᠯᠣᠨ ᠰᠠᠷᠠᠭᠤᠯᠨᠣᠳᠤᠭ ᠭᠠᠴᠠᠭᠠᠨ ᠤ ᠬᠠᠮᠲᠣ ᠶᠢᠨ | ᠠᠵᠣ ᠠᠬᠤᠢ ᠶᠢᠨ ᠬᠦᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ |