︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠦᠦᠰᠢᠨᠵᠦᠦ ᠪᠠᠯᠭᠠᠰᠤᠨ ᠤ ᠪᠠᠶᠠᠨᠲᠣᠯᠤᠭᠠᠢ ᠭᠠᠴᠠᠭ᠎ᠠ | ᠮᠠᠯᠴᠢᠨ ᠲᠠᠷᠢᠶᠠᠴᠢᠨ ᠨᠠᠮ ᠤᠨ ᠭᠡᠰᠢᠭᠦᠳ ᠤᠨ ᠰᠤᠷᠤᠯᠴᠠᠯᠭ᠎ᠠ ᠬᠥᠮᠦᠵᠢᠯ ᠢ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ ᠤᠨᠴᠠᠭᠠᠶᠢᠯᠠᠨ ᠨᠠᠰᠤ ᠠᠭᠢᠵᠤ ᠪᠡᠶ᠎ᠡ ᠮᠠᠭᠤᠳᠠᠭᠰᠠᠨ᠂ ᠪᠣᠶᠢᠳᠠ ᠪᠥᠭᠯᠡᠭᠦᠦ ᠣᠷᠣᠨ | ᠰᠠᠭᠤᠴᠠ ᠲᠠᠢ ᠨᠠᠮ ᠤᠨ ᠭᠡᠰᠢᠭᠦᠳ ᠲᠤ ︽ᠰᠢ ᠶᠢᠨ ᠫᠢᠩ ᠲᠦᠷᠦ ᠶᠢ ᠵᠠᠰᠠᠬᠤ ᠲᠤᠬᠠᠢ︾ ᠵᠡᠷᠭᠡ ᠨᠣᠮ ᠰᠤᠳᠤᠷ | ᠢ ᠲᠤᠰᠬᠠᠶᠢᠯᠠᠨ ᠭᠥᠷᠭᠡᠨ ᠥᠭᠴᠤ ᠰᠤᠷᠤᠯᠴᠠᠬᠤ ᠳᠤ ᠨᠢ ᠳᠥᠭᠦᠮ ᠥᠵᠠᠭᠦᠯᠵᠤ ᠪᠠᠶᠢᠨ᠎ᠠ᠃ | ᠪᠠᠶᠠᠠᠳᠤᠯᠤᠭᠠᠢ ᠭᠠᠴᠠᠭᠠᠨ ᠤ ᠰᠡᠴᠡᠨᠭᠡᠷᠡᠯ ᠨᠠᠰᠤᠲᠠᠨ ᠪᠤᠯ 1966 ᠣᠨ ᠳᠤ ᠨᠠᠮ ᠳᠤ ᠡᠯᠰᠡᠭᠳᠡᠨ᠂ ᠵᠠᠯᠠᠭᠤ | ᠽᠠᠨᠳᠠᠨ ᠨᠠᠰᠤᠨ ᠳᠤ ᠪᠠᠨ ︽ᠮᠠᠯᠵᠢᠬᠤ ᠳ᠋ᠠᠵᠠᠢ︾ ᠶᠢᠨ ᠲᠡᠮᠦᠷ ᠬᠡᠦᠬᠡᠨ ᠪᠣᠯᠣᠨ ᠭᠠᠪᠰᠢᠭᠠᠶᠢᠯᠠᠨ ᠭᠠᠴᠠᠭᠠᠨ | ᠳᠠᠷᠤᠭ᠎ᠠ ᠶᠢᠨ ᠠᠵᠢᠯ ᠢ ᠬᠤᠷᠢᠭᠠᠳ ᠵᠢᠯ ᠬᠢᠵᠦ ᠨᠠᠮ ᠤᠨ ᠭᠡᠰᠢᠭᠦᠨ ᠪᠣᠯᠤᠭᠰᠠᠨ 53 ᠵᠢᠯ ᠳᠤ ᠪᠠᠨ ᠪᠠᠶᠠᠨᠲᠣᠯᠤᠭᠠᠢ | ᠭᠠᠴᠠᠭᠠᠨ ᠤ ᠬᠥᠭᠵᠢᠯᠲᠡ ᠬᠤᠪᠢᠷᠠᠯᠳᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠳᠤᠷᠰᠢᠬᠢ ᠬᠥᠭᠵᠢᠯᠲᠡ ᠬᠤᠪᠢᠷᠠᠯᠲᠠ ᠶᠢ ᠪᠡᠶ᠎ᠡ ᠪᠠᠷ ᠢᠶᠠᠨ | ᠥᠩᠭᠡᠷᠡᠭᠦᠯᠦᠭᠰᠡᠨ ᠠᠬᠠᠮᠠᠳ ᠨᠠᠮ ᠤᠨ ᠭᠡᠰᠢᠭᠦᠨ ᠪᠣᠯᠤᠨ᠎ᠠ᠃ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ | ᠬᠠᠶᠢᠷᠬᠠᠨ ᠨᠠᠰᠤ ᠠᠭᠢᠭᠰᠠᠨ ᠰᠡᠴᠡᠨᠭᠡᠷᠡᠯ ᠨᠠᠰᠤᠲᠠᠨ ᠳᠤ ᠲᠤᠰᠬᠠᠶᠢᠯᠠᠨ ᠭᠥᠷᠴᠤ ︽ᠰᠢ ᠶᠢᠨ ᠫᠢᠩ ᠲᠦᠷᠦ ᠶᠢ | ᠵᠠᠰᠠᠬᠤ ᠲᠤᠬᠠᠢ︾ ᠨᠣᠮ ᠢ ᠬᠦᠷᠭᠡᠵᠦ ᠠᠭᠤᠯᠭ᠎ᠠ ᠶᠢ ᠨᠢ ᠤᠩᠰᠢᠨ ᠰᠣᠨᠣᠰᠬᠠᠵᠤ ᠨᠠᠰᠤᠲᠠᠨ ᠤ ᠰᠤᠷᠤᠯᠴᠠᠬᠤ ᠳᠤ | ᠬᠦᠴᠢᠷ ᠠᠰᠠᠭᠤᠳᠠᠯ ᠢ ᠰᠢᠢᠳᠪᠦᠷᠢᠯᠡᠨ ᠰᠤᠷᠤᠯᠴᠠᠯᠭ᠎ᠠ ᠬᠦᠮᠦᠵᠢᠯ ᠤᠨ ᠬᠢᠨᠢ ᠰᠠᠶᠢᠨ ᠬᠠᠪᠰᠤᠷᠤᠭᠴᠢ ᠪᠣᠯᠤᠭᠰᠠᠨ | ᠪᠠᠶᠢᠨ᠎ᠠ᠃ | ᠠᠬᠠᠮᠠᠳ ᠨᠠᠮ ᠤᠨ ᠭᠡᠰᠢᠭᠦᠨ ᠰᠡᠴᠡᠨᠭᠡᠷᠡᠯ ᠨᠠᠰᠤᠲᠠᠨ ᠨᠠᠰᠤ ᠠᠬᠢᠭᠰᠠᠨ ᠴᠦ ᠬᠤᠷᠠᠯ ᠰᠤᠷᠤᠯᠴᠠᠯᠭ᠎ᠠ ᠳᠤ | ᠶᠡᠷᠦ ᠠᠴᠠ ᠤᠰᠤᠯᠳᠠᠯ ᠦᠭᠡᠢ ᠤᠷᠤᠯᠴᠠᠵᠤ ᠲᠡᠮᠳᠡᠭᠯᠡᠯ ᠢᠶᠠᠨ ᠪᠦᠷᠢᠨ ᠬᠢᠵᠦ ᠰᠤᠷᠤᠯᠴᠠᠯᠭ᠎ᠠ ᠬᠦᠮᠦᠵᠢᠯ ᠢᠶᠠᠨ | ᠰᠤᠯᠠᠷᠠᠭᠤᠯᠤᠯ ᠦᠭᠡᠢ ᠠᠳᠬᠤᠳᠠᠭ ᠳᠠᠳᠬᠠᠯ ᠨᠢ ᠵᠠᠯᠠᠭᠤ ᠨᠠᠮ ᠤᠨ ᠭᠡᠰᠢᠭᠦᠳ ᠤᠨ ᠰᠤᠷᠤᠯᠴᠠᠬᠤ ᠳᠠᠭᠤᠷᠢᠶᠠᠯ | ᠪᠤᠯᠣᠭᠰᠠᠭᠠᠷ ᠢᠷᠡᠵᠡᠢ᠃ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠬᠠᠶᠢᠷᠬᠠᠨ ᠨᠣᠮ ᠬᠦᠷᠭᠡᠵᠦ ᠢᠷᠡᠬᠦ ᠳᠤ ᠪᠠᠨ | ᠲᠤᠰᠬᠠᠶᠢᠯᠠᠨ ᠰᠡᠴᠡᠨᠭᠡᠷᠡᠯ ᠨᠠᠰᠤᠲᠠᠨ ᠤ ᠲᠡᠮᠳᠡᠭᠯᠡᠯ ᠤᠨ ᠳᠡᠪᠲᠡᠷ ᠢ ᠤᠷᠪᠠᠭᠤᠯᠤᠨ ᠦᠵᠡᠵᠦ ᠨᠠᠰᠤᠲᠠᠨ ᠤ ᠬᠦᠴᠢᠷ | ᠪᠡᠷᠬᠡᠰᠢᠶᠡᠯ ᠲᠠᠢ ᠣᠨ ᠵᠢᠯ ᠤᠳ ᠲᠤ ᠥᠪᠡᠷ ᠤᠨ ᠬᠦᠴᠦ ᠪᠠᠷ ᠢᠶᠠᠨ ᠳᠡᠭᠵᠢᠷᠡᠵᠦ ᠳᠡᠰᠪᠦᠷᠢ ᠬᠠᠲᠠᠭᠤᠵᠢᠯᠲᠠᠢ ᠪᠠᠷ | ᠲᠡᠮᠡᠴᠡᠭᠰᠡᠨ ᠦᠯᠢᠭᠡᠷ ᠤᠴᠢᠷ ᠢ ᠨᠢ ᠰᠣᠨᠣᠰᠤᠨ ᠰᠤᠷᠤᠯᠴᠠᠭᠰᠠᠨ ᠪᠠᠶᠢᠨ᠎ᠠ᠃ | | |