11 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠬᠡᠷᠡᠭ ᠵᠥᠪᠯᠠᠵᠤ ᠵᠣᠬᠢᠴᠠᠭᠤᠯᠬᠤ | ᠪᠠᠶᠢᠭᠤᠯᠤᠮᠵᠢ ᠶᠢᠨ ᠭᠤᠷᠪᠠᠳᠤᠭᠠᠷ ᠤᠳᠠᠭᠠᠨ ᠤ ᠠᠵᠢᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ | ᠥᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ | ᠡᠷᠭᠢᠯᠠᠭᠦ ᠶᠢᠨ ᠬᠠᠮᠳᠤ ᠶᠠᠷᠢᠶ᠎ᠠ ᠲᠠᠯᠪᠢᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠠᠷᠢᠭᠦᠯᠡᠭᠴᠢ ᠬᠤᠤ ᠸᠧᠶ ᠵᠡᠷᠭᠡ ᠰᠢᠶᠠᠨ ᠤ ᠲᠡᠰ ᠤᠨ ᠪᠥᠬᠦ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ | ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ | ᠵᠥᠪᠯᠡᠯ᠂ ᠬᠢᠨᠠᠨ ᠪᠤᠳᠤᠬᠤ ᠵᠥᠪᠯᠡᠯ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠨᠠᠷᠢᠨ ᠪᠢᠴᠢᠭ ᠤᠨ ᠳᠤᠭᠤᠶᠢᠯᠠᠩ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠬᠢᠨ ᠲᠤᠰ ᠲᠤᠰ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠷᠠᠯ ᠤᠨ | ᠵᠣᠷᠢᠭ ᠰᠠᠨᠠᠭ᠎ᠠ ᠪᠠ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠤᠯᠠᠮᠵᠢᠯᠠᠪᠠ᠃ ᠬᠤᠷᠠᠯ ᠠᠴᠠ ᠡᠯ᠎ᠡ ᠬᠡᠷᠡᠭ ᠵᠥᠪᠯᠠᠵᠤ | ᠵᠣᠬᠢᠴᠠᠭᠤᠯᠬᠤ ᠪᠠᠶᠢᠭᠤᠯᠤᠮᠵᠢ ᠶᠢᠨ ︽ᠠᠵᠢᠯ ᠤᠨ ᠳᠦᠷᠢᠮ︾ ︽ᠠᠯᠪᠠᠨ ᠭᠡᠷ ᠤᠨ ᠠᠵᠢᠯ ᠤᠨ ᠨᠠᠷᠢᠨ ᠳᠦᠷᠢᠮ︾ | ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠳᠦᠷᠢᠮ ᠪᠣᠯᠤᠨ ᠲᠥᠰᠦᠯ ᠢ ᠬᠢᠨᠠᠨ ᠵᠥᠪᠯᠠᠵᠤ ᠵᠠᠷᠴᠢᠮ ᠳᠡᠭᠡᠷ᠎ᠡ ᠪᠠᠨ | ᠪᠠᠲᠤᠯᠠᠪᠠ᠃ | ᠬᠤᠷᠠᠯ ᠠᠴᠠ ᠴᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠤᠨ ᠲᠤᠤᠷ ᠰᠥᠯᠵᠢᠶ᠎ᠠ ᠪᠠᠷ ᠤᠯᠤᠰ ᠢᠶᠠᠨ ᠭᠥᠴᠥᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢᠨ | ᠥᠵᠠᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ ᠪᠦᠬᠦ ᠬᠤᠰᠢᠭᠤᠨ ᠤ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠦᠢᠯᠡᠰ ᠤᠨ ᠬᠥᠭᠵᠢᠯᠲᠡ ᠶᠢ ᠠᠭᠢᠭᠤᠯᠤᠨ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ | ᠬᠠᠮᠠᠭᠠᠯᠠᠬᠤ︾ ᠶᠢ ᠥᠢᠯᠡᠳᠤᠯᠭᠡᠵᠢᠭᠦᠯᠵᠤ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠲᠣᠳᠣᠷᠬᠠᠶᠢᠯᠠᠬᠤ | ᠬᠡᠷᠡᠭᠲᠡᠶ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠬᠠᠮᠢᠶᠠᠷᠤᠯᠲᠠ ᠪᠠ ᠰᠦᠯᠵᠢᠶᠡᠨ ᠤ ᠠᠮᠤᠷ ᠲᠦᠪᠰᠢᠨ ᠤ | ᠪᠠᠲᠤᠯᠠᠭ᠎ᠠ ᠶᠢ ᠴᠢᠩᠭᠠᠳᠬᠠᠵᠤ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠵᠤ | ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠶ᠃ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ ᠤᠯᠤᠰ ᠤᠨ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠠᠬᠢ ᠬᠢᠨᠠᠨ | ᠪᠣᠳᠣᠯᠲᠠ ᠶᠢᠨ ᠴᠢᠬᠤᠯᠠ ᠥᠢᠯᠡᠳᠤᠯ ᠢ ᠭᠦᠨᠵᠡᠭᠡᠶ ᠲᠠᠨᠢᠵᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠶᠢᠨ ᠭᠢᠨᠠᠨ ᠪᠤᠳᠤᠬᠤ ᠠᠵᠢᠯ ᠤᠨ | ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠨᠢᠭᠡᠳᠬᠡᠵᠦ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ | ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ︽ᠠᠵᠤ ᠠᠬᠤᠢ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠠᠤᠯᠢ ᠶᠣᠰᠣᠭᠠᠷ | ᠵᠠᠰᠠᠭ ᠶᠠᠪᠤᠭᠤᠯᠬᠤ᠂ ᠠᠷᠢᠭᠤᠨ ᠴᠢᠬᠡᠴᠢ ᠪᠠᠶᠢᠬᠤ ᠶᠢ ᠪᠠᠶᠠᠯᠠᠭᠦᠯᠭᠦ ᠭᠡᠷᠡᠭᠳᠠᠢ᠃ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ | ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠬᠢᠨᠠᠨ ᠪᠣᠳᠣᠯᠲᠠ ᠶᠢᠨ | ᠪᠦᠬᠦ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠦᠵᠡᠭᠦᠯᠬᠦ ᠠᠬᠢᠭᠤᠯᠬᠤ | ᠥᠢᠯᠡᠳᠤᠯ ᠢ ᠪᠠᠳᠠᠷᠠᠭᠤᠯᠬᠤ ᠬᠡᠷᠡᠭᠲᠠᠢ ᠭᠡᠵᠡᠢ᠃ | ᠬᠤᠷᠠᠯ ᠠᠴᠠ ᠱᠠᠭᠠᠷᠳᠠᠬᠤ ᠳᠤ ᠪᠠᠨ᠂ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ | ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠪᠣᠯ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ | ᠤᠳᠤᠷᠢᠳᠤᠯᠭ᠎ᠠ ᠶᠢ ᠴᠢᠩᠭᠠᠳᠬᠠᠨ ᠨᠠᠮ ᠤᠨ ᠰᠤᠷᠭᠠᠨ ᠭᠥᠮᠤᠵᠢᠯ ᠤᠨ ᠴᠢᠭᠯᠡᠯᠳᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠠᠷᠠᠳ ᠲᠥᠮᠡᠨ ᠬᠠᠨᠤᠮᠵᠢᠳᠠᠢ ᠰᠤᠷᠭᠠᠨ ᠬᠥᠮᠦᠵᠢᠯ ᠡᠷᠬᠢᠯᠡᠬᠦ ᠶᠢᠨ | ᠬᠡᠷᠡᠭᠴᠡᠭᠡ ᠮᠥᠨ᠃ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠨᠢ ᠪᠦᠷᠢᠯᠳᠦᠬᠦᠨ ᠨᠢᠭᠡᠴᠢ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠨ ᠲᠤᠪᠤᠶᠢᠮ᠎ᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠠᠵᠢᠯ ᠢ ᠪᠦᠬᠦ | ᠬᠦᠴᠦᠨ ᠢᠶᠠᠷ ᠰᠠᠶᠢᠲᠤᠷ ᠠᠳᠬᠤᠵᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠯᠠᠪᠳᠠᠭᠤᠨ ᠪᠠᠲᠤᠲᠠᠢ ᠠᠭᠢᠭᠤᠯᠬᠤ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠤᠨᠤᠯ ᠤᠨ ᠰᠤᠷᠤᠯᠴᠠᠯᠭ᠎ᠠ ᠶᠢ ᠰᠠᠶᠢᠲᠤᠷ ᠠᠳᠬᠤᠬᠤ ᠬᠡᠷᠡᠭᠲᠡᠶ᠃ | ︽ᠰᠢ ᠶᠢᠨ ᠫᠢᠩ ᠤᠨ ᠲᠠᠷᠢᠶᠠᠯᠠᠩ᠂ ᠲᠠᠷᠢᠶᠠᠯᠠᠬᠤ ᠤᠷᠤᠨ᠂ ᠲᠠᠷᠢᠶᠠᠴᠢᠨ ᠤ ᠠᠵᠢᠯ ᠤᠨ ᠲᠤᠬᠠᠶ ᠥᠭᠦᠯᠡᠯᠲᠡ ᠶᠢᠨ | ᠲᠡᠭᠦᠪᠦᠷᠢ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾ ᠢ | ᠰᠤᠷᠤᠯᠴᠠᠨ ᠤᠶᠢᠯᠠᠭᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠭᠡᠷᠡᠭᠳᠠᠢ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠬᠤ ᠶᠢᠨ ᠬᠠᠮᠲᠤ ᠦᠨᠳᠦᠰᠦᠨ ᠵᠥᠢᠯ ᠢ ᠬᠠᠮᠢᠶᠠᠷᠬᠤ᠂ ᠪᠦᠬᠦ | ᠲᠠᠯ᠎ᠠ ᠶᠢ ᠬᠠᠮᠢᠶᠠᠷᠬᠤ᠂ ᠠᠯᠤᠰ ᠬᠡᠲᠦ ᠶᠢ ᠬᠠᠮᠢᠶᠠᠷᠬᠤ ᠪᠠᠢᠭᠤᠯᠤᠮᠵᠢ ᠶᠢᠨ ᠲᠤᠭᠳᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠵᠦ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠵᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠭᠢᠵᠠᠭᠠᠷᠯᠠᠬᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ | ᠤᠯᠤᠰ ᠲᠥᠷᠦ ᠶᠢᠨ ᠵᠤᠭᠰᠤᠴᠠ ᠪᠠᠨ ᠲᠡᠭᠡᠭᠰᠢᠯᠠᠭᠦᠯᠤᠨ ᠤᠬᠠᠭᠤᠯᠤᠨ ᠰᠡᠷᠭᠡᠶᠢᠯᠡᠬᠦ ᠠᠵᠢᠯ ᠢ ᠴᠢᠩᠭᠠᠳᠬᠠᠵᠤ | ᠲᠡᠭᠡᠳᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠶ ᠱᠠᠭᠠᠷᠳᠠᠯᠭ᠎ᠠ ᠶᠣᠰᠣᠭᠠᠷ ᠡᠯ᠎ᠡ | ᠲᠥᠷᠤᠯ ᠤᠨ ᠠᠵᠢᠯ ᠢ ᠴᠢᠩᠭ᠎ᠠ ᠥᠷᠨᠢᠭᠦᠯᠵᠦ ᠪᠥᠭᠦ ᠬᠤᠰᠢᠭᠤᠨ ᠤ ᠨᠡᠶᠢᠬᠡᠮ ᠤᠨ ᠲᠣᠭᠲᠠᠭᠤᠨ ᠪᠠ ᠠᠷᠠᠳ | ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ |