ᠦᠤᠰᠢᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-12-02
     ᠨᠢᠭᠡ᠂ ᠤᠳᠤᠷᠢᠳᠬᠤ ᠪᠠᠭ ᠵᠢᠴᠢ ᠠᠵᠢᠯ ᠬᠤᠪᠢᠶᠠᠷᠢᠯᠠᠭᠰᠠᠨ ᠪᠠᠶᠢᠳᠠᠯ     ᠳᠠᠪᠰᠢᠭᠴᠢ᠄ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶᠠᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠲᠤᠪᠴᠢᠶᠠᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃      ᠯᠦᠸᠧ ᠢᠦᠶ ᠪᠢᠨ᠄ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ᠂ ᠳᠡᠳ᠋ ᠲᠣᠪᠴᠢᠶᠠᠨ ᠳᠠᠷᠤᠭ᠎ᠠ᠂ ᠲᠣᠪᠴᠢᠶᠠᠨ ᠳᠠᠷᠤᠭ᠎ᠠ ᠳᠤ ᠬᠠᠮᠵᠢᠨ᠎ᠠ᠂ ᠠᠵᠢᠯᠲᠠᠨ ᠴᠢᠳᠠᠪᠤᠷᠢᠲᠠᠨ ᠤ ᠶᠠᠪᠤᠳᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠲᠤᠰᠬᠠᠶ ᠮᠡᠷᠭᠡᠵᠢᠯ᠂ ᠠᠯᠪᠠᠲᠠᠨ ᠤ ᠬᠠᠮᠢᠶᠠᠷᠤᠯᠲᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ᠂ ᠦᠭᠡ ᠬᠡᠯᠡ ᠦᠰᠦᠭ ᠪᠢᠴᠢᠭ᠂ ISO14001 ᠣᠷᠴᠢᠨ ᠲᠣᠭᠤᠷᠢᠨ ᠤ ᠭᠡᠷᠡᠴᠢᠯᠡᠭᠡ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠠᠵᠢᠯ ᠢ ᠬᠤᠪᠢᠶᠠᠷᠢᠯᠠᠨ ᠬᠠᠮᠢᠶᠠᠷᠴᠤ  ᠴᠢᠳᠠᠪᠤᠷᠢᠲᠠᠨ ᠤ ᠦᠢᠯᠡᠴᠢᠯᠡᠭᠡᠨ ᠤ ᠲᠥᠪ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠲᠠᠰᠤᠭ᠂ ᠠᠯᠪᠠᠲᠠᠨ ᠤ ᠬᠠᠮᠢᠶᠠᠷᠤᠯᠲᠠ ᠶᠢᠨ ᠲᠠᠰᠤᠭ ︵ᠳᠠᠩᠰᠠ ᠡᠪᠬᠡᠮᠡᠯ ᠤᠨ ᠲᠠᠰᠤᠭ︶᠂ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠲᠠᠰᠤᠭ ᠢ ᠪᠤᠳᠠᠲᠠᠢ ᠬᠤᠪᠢᠶᠠᠷᠢᠯᠠᠨ ᠬᠠᠮᠢᠶᠠᠷᠤᠨ᠎ᠠ᠃     ᠱᠧᠩ ᠪᠦᠦ ᠹᠧᠩ᠄ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ᠂ ᠳᠡᠳ᠋ ᠲᠣᠪᠴᠢᠶᠠᠨ ᠳᠠᠷᠤᠭ᠎ᠠ᠂ ᠲᠣᠪᠴᠢᠶᠠᠨ ᠳᠠᠷᠤᠭ᠎ᠠ ᠳᠤ ᠬᠠᠮᠵᠢᠨ᠎ᠠ᠂ ᠲᠤᠪᠴᠢᠶᠠᠨ ᠤ ᠠᠯᠪᠠᠨ ᠪᠠᠶᠢᠭᠤᠯᠭ᠎ᠠ ᠶᠢᠨ ᠡᠳᠦᠷ ᠲᠣᠲᠤᠮ ᠤᠨ ᠬᠡᠷᠡᠭ ᠶᠠᠪᠤᠳᠠᠯ ᠢ ᠬᠠᠷᠢᠭᠤᠴᠠᠵᠤ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠷᠠᠳᠴᠢᠯᠠᠯ ᠢᠶᠠᠷ ᠵᠦᠪᠯᠡᠯᠳᠦᠬᠦ᠂ ᠦᠷ᠎ᠡ ᠪᠦᠲᠦᠮᠵᠢ ᠶᠢᠨ ᠪᠠᠶᠢᠭᠤᠯᠤᠯᠲᠠ᠂ ᠠᠵᠢᠯᠲᠠᠨ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠤᠨ ᠣᠯᠠᠨ ᠲᠦᠮᠡᠨ ᠤ ᠪᠦᠯᠬᠦᠮ ᠤᠨ ᠪᠠᠶᠢᠭᠤᠯᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠦᠯᠵᠢᠶᠡᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠂ ᠣᠶᠤᠲᠠᠨ ᠤ ᠦᠢᠯᠡᠰ ᠪᠤᠰᠬᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠴᠠᠯᠢᠩ ᠠᠰᠠᠷᠠᠮᠵᠢ᠂ ᠬᠠᠷᠢᠯᠴᠠᠬᠤ ᠴᠡᠭ ᠤᠨ ᠬᠠᠪᠰᠤᠷᠤᠨ ᠲᠡᠳᠬᠦᠬᠦ ᠵᠡᠷᠭᠡ ᠠᠵᠢᠯ ᠢ ᠬᠠᠷᠢᠭᠤᠴᠠᠵᠤ᠂ ᠠᠯᠪᠠᠨ ᠭᠡᠷ᠂ ᠴᠠᠯᠢᠩ ᠠᠰᠠᠷᠠᠮᠵᠢ ᠶᠢᠨ ᠲᠠᠰᠤᠭ ᠢ ᠪᠤᠳᠠᠲᠠᠢ ᠬᠤᠪᠢᠶᠠᠷᠢᠯᠠᠨ ᠬᠠᠷᠢᠭᠤᠴᠠᠨ᠎ᠠ᠃     ᠼᠤᠤ ᠯᠢ ᠬᠤᠩ᠄ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ᠂ ᠰᠠᠬᠢᠯᠭ᠎ᠠ ᠪᠠᠲᠤ ᠪᠠᠶᠢᠴᠠᠭᠠᠬᠤ ᠲᠤᠭᠤᠶᠢᠯᠠᠩ ᠤᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ᠸᠠᠩ ᠰᠢᠶᠠᠩ ᠵᠢᠶᠦ᠋ᠨ᠄ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ᠂ ᠲᠣᠪᠴᠢᠶᠠᠨ ᠳᠠᠷᠤᠭ᠎ᠠ ᠳᠤ ᠬᠠᠮᠵᠢᠨ᠎ᠠ᠂ ᠠᠵᠢᠯ ᠣᠯᠭᠤᠯᠲᠠ᠂ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ᠂ ᠵᠠᠬᠢᠳᠠᠯ ᠰᠤᠷᠪᠤᠯᠵᠢᠯᠠᠯ᠂ ᠶᠡᠷᠦᠩᠬᠡᠶᠢᠯᠡᠨ ᠵᠠᠰᠠᠵᠤ ᠲᠣᠭᠲᠠᠭᠤᠨ   ᠢ ᠬᠠᠮᠠᠭᠠᠯᠠᠬᠤ᠂ ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠬᠠᠤᠯᠢ ᠴᠠᠭᠠᠵᠠ ᠶᠢᠨ  ᠮᠡᠳᠡᠯᠭᠡ ᠶᠢ ᠲᠦᠭᠡᠮᠡᠯᠵᠢᠭᠦᠯᠬᠦ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠠᠶᠤᠯᠭᠦᠢ ᠦᠢᠯᠡᠳᠪᠦᠷᠢᠯᠡᠯ᠂ ᠦᠨᠳᠦᠰᠦᠲᠡᠨ ᠤ ᠠᠵᠢᠯ᠂ ᠨᠢᠭᠡᠳᠦᠮᠡᠯ ᠹᠷᠤᠨᠲ ᠂ ᠰᠤᠷᠳᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠪᠤᠯᠪᠠᠰᠤᠨ ᠬᠤᠲᠠ ᠶᠢᠨ ᠡᠬᠦᠳᠦᠨ ᠪᠠᠶᠢᠭᠤᠯᠤᠯᠲᠠ᠂ ᠡᠷᠡᠬᠦᠯ ᠬᠠᠮᠠᠭᠠᠯᠠᠯ ᠤᠨ ᠬᠤᠰᠢᠭᠤ ᠶᠢᠨ ᠡᠭᠦᠳᠦᠨ ᠪᠠᠶᠢᠭᠤᠯᠤᠯᠲᠠ᠂ ᠲᠥᠯᠥᠪᠯᠡᠭᠡᠲᠦ ᠬᠦᠩᠭᠡᠵᠢᠯ᠂ ᠭᠠᠯᠠᠭᠤᠲᠤ ᠪᠠᠯᠭᠠᠰᠤᠨ ᠤ ︽ᠬᠤᠶᠠᠷ ᠲᠦᠷᠦᠯ︾ ᠤᠨ ᠠᠵᠢᠯ᠂ ᠠᠵᠢᠯ ᠠᠴᠠ ᠪᠣᠯᠤᠭᠰᠠᠨ ᠭᠡᠮᠲᠦᠯ ᠢ ᠲᠤᠭᠳᠠᠭᠠᠬᠤ᠂ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠵᠡᠷᠭᠡ ᠠᠵᠢᠯ ᠢ ᠬᠠᠷᠢᠭᠤᠴᠠᠵᠤ᠂ ᠨᠡᠶᠢᠭᠡᠮ ᠤᠨ ᠳᠠᠭᠠᠳᠬᠠᠯ ᠤᠨ ᠲᠣᠪᠴᠢᠶ᠎ᠠ᠂ ᠠᠵᠢᠯ ᠤᠯᠭᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠥᠪ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠭᠠᠵᠠᠷ᠂ ᠨᠡᠶᠢᠭᠡᠮ ᠤᠨ ᠪᠠᠲᠤᠯᠠᠭ᠎ᠠ ᠠᠵᠢᠯ ᠣᠯᠭᠤᠯᠲᠠ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠠᠰᠤᠭ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠠᠰᠤᠭ ᠵᠡᠷᠭᠡ ᠶᠢ ᠪᠣᠳᠠᠲᠠᠶ ᠬᠠᠮᠢᠶᠠᠷᠤᠨ᠎ᠠ᠃      ᠭᠦᠸᠧ ᠬᠤᠤ᠄ ᠵᠢᠩᠬᠢᠨᠢ ᠰᠠᠯᠠᠭᠠᠨ ᠲᠡᠰ ᠤᠨ ᠤᠳᠤᠷᠢᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠤᠢ᠂ ᠦᠢᠯᠡᠰ ᠪᠤᠰᠬᠠᠬᠤ ᠬᠦᠷᠢᠶᠡᠯᠡᠩ ᠤᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃      ᠠᠵᠢᠯ ᠤᠨ ᠵᠠᠯᠭᠠᠯᠳᠤᠯ ᠪᠣᠯᠤᠨ ᠬᠠᠮᠵᠢᠯᠴᠠᠭ᠎ᠠ ᠪᠠᠨ ᠴᠢᠩᠭᠠᠳᠬᠠᠬᠤ ᠶᠢᠨ ᠲᠥᠯᠥᠭᠡ᠂ ᠲᠤᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠡᠰᠢᠬᠦᠨ ᠬᠤᠭᠤᠷᠣᠨᠳᠣ ᠪᠠᠨ AB ᠮᠠᠶ᠋ᠢᠭ ᠢᠶᠠᠷ ᠬᠠᠷᠢᠭᠤᠴᠠᠵᠤ ᠠᠵᠢᠯ ᠤᠨ ᠬᠠᠷᠢᠯᠴᠠᠨ ᠨᠥᠬᠦᠪᠥᠷᠢᠯᠡᠬᠦ ᠲᠣᠭᠲᠠᠴᠠ ᠶᠢ ᠬᠡᠷᠡᠭᠵᠢᠭᠦᠯᠪᠡ᠂ ᠲᠤᠬᠠᠶᠢᠯᠠᠪᠠᠯ ᠯᠦᠸᠧ ᠢᠦᠶ ᠪᠢᠨ ᠪᠣᠯᠤᠨ ᠱᠧᠩ ᠪᠦᠦ ᠹᠧᠩ᠂ ᠱᠧᠩ ᠪᠦᠦ ᠹᠧᠩ ᠪᠣᠯᠤᠨ ᠸᠠᠩ ᠰᠢᠶᠠᠩ ᠵᠢᠶᠦ᠋ᠨ᠂ ᠸᠠᠩ ᠰᠢᠶᠠᠩ ᠵᠢᠶᠦ᠋ᠨ ᠪᠣᠯᠤᠨ ᠯᠦᠸᠧ ᠢᠦᠶ ᠪᠢᠨ ᠬᠤᠪᠢᠶᠠᠷᠢᠯᠠᠨ ᠬᠠᠷᠢᠭᠤᠴᠠᠵᠤ ᠪᠠᠶᠢᠬᠤ ᠠᠵᠢᠯ ᠢᠶᠠᠨ ᠬᠠᠷᠢᠯᠴᠠᠨ AB ᠮᠠᠶ᠋ᠢᠭ ᠢᠶᠠᠷ ᠬᠠᠷᠢᠭᠤᠴᠠᠬᠤ ᠪᠣᠯᠤᠨ᠎ᠠ᠃ ᠬᠤᠪᠢᠶᠠᠷᠢᠯᠠᠨ ᠬᠠᠷᠢᠭᠤᠴᠠᠵᠤ ᠪᠠᠶᠢᠬᠤ ᠠᠵᠢᠯ ᠢᠶᠠᠨ ᠬᠠᠷᠢᠯᠴᠠᠨ AB  ᠮᠠᠶ᠋ᠢᠭ ᠢᠶᠠᠷ ᠬᠠᠷᠢᠭᠤᠴᠠᠬᠤ ᠤᠳᠤᠷᠷᠢᠳᠤᠯᠭ᠎ᠠ ᠶᠢᠨ ᠳᠣᠲᠣᠷᠠᠬᠢ ᠨᠢᠭᠡ ᠨᠢ ᠠᠯᠪᠠᠨ ᠠᠵᠢᠯ ᠢᠶᠠᠷ ᠭᠠᠳᠠᠭᠰᠢ ᠭᠠᠷᠬᠤ᠂ ᠴᠢᠯᠥᠭᠡ ᠭᠤᠶᠤᠬᠤ᠂ ᠠᠮᠠᠷᠠᠯᠲᠠ ᠠᠪᠬᠤ ᠪᠤᠶᠤ ᠪᠤᠰᠤᠳ ᠰᠢᠯᠲᠠᠭᠠᠨ ᠠᠴᠠ ᠪᠣᠯᠵᠤ ᠠᠵᠢᠯ ᠤᠨ ᠪᠠᠶᠢᠷᠢ ᠳᠤ ᠪᠠᠶᠢᠬᠤ ᠦᠭᠡᠢ ᠪᠣᠯ ᠨᠥᠬᠦᠭᠡ ᠨᠢ ᠣᠷᠣᠯᠠᠨ ᠬᠦᠢᠴᠡᠳᠬᠡᠬᠦ ᠪᠣᠯᠤᠨ᠎ᠠ᠃     ᠬᠤᠶᠠᠷ᠂ ᠨᠡᠮᠡᠭᠰᠡᠨ ᠲᠤᠰᠢᠶᠠᠯ ᠬᠠᠷᠢᠭᠤᠴᠠᠯᠭ᠎ᠠ     ︵ᠨᠢᠭᠡ︶ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ᠃     ︵ᠬᠤᠶᠠᠷ︶ ᠴᠢᠳᠠᠪᠤᠷᠢᠲᠠᠨ ᠤ ᠵᠠᠭᠤᠴᠢ ᠪᠠᠶᠢᠭᠤᠯᠤᠮᠵᠢ ᠶᠢ ᠨᠡᠮᠡᠨ ᠲᠤᠬᠢᠷᠠᠭᠤᠯᠬᠤ ᠵᠢᠴᠢ ᠲᠡᠬᠦᠨ ᠤ ᠲᠤᠬᠠᠶᠢᠯᠠᠭᠰᠠᠨ ᠠᠵᠢᠯ ᠤᠨ ᠴᠠᠷᠠᠭᠠᠨ ᠤ ᠬᠢᠨᠠᠨ ᠵᠥᠪᠰᠢᠶᠡᠷᠡᠬᠦ᠃     ︵ᠭᠤᠷᠪᠠ︶ ᠬᠥᠳᠡᠯᠮᠦᠷᠢ ᠬᠦᠴᠦ ᠲᠣᠮᠢᠯᠠᠬᠤ ᠶᠢ ᠬᠢᠨᠠᠨ ᠵᠥᠪᠰᠢᠶᠡᠷᠡᠬᠦ᠃     ︵ᠳᠥᠷᠪᠠ︶ ᠬᠥᠮᠦᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ ᠤᠷᠢᠬᠤ ᠬᠢᠷᠢ ᠬᠡᠮ ᠢ ᠬᠢᠨᠠᠨ ᠪᠠᠶᠢᠴᠠᠭᠠᠬᠤ᠃     ︵ᠲᠠᠪᠤ︶ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢ ᠬᠢᠨᠠᠨ ᠵᠥᠪᠰᠢᠶᠡᠷᠡᠬᠦ᠃     ︵ᠵᠢᠷᠭᠤᠭ᠎ᠠ︶ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ᠃     ︵ᠲᠤᠯᠤᠭ᠎ᠠ︶ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠳᠤ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠴᠡᠭ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ᠃     ︵ᠨᠠᠢᠮᠠ︶ ᠬᠥᠮᠦᠨ ᠬᠡᠷᠡᠭᠯᠡᠬᠦ ᠨᠢᠭᠡᠴᠢ ᠶᠢᠨ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ᠃     ᠭᠤᠷᠪᠠ᠂ ᠭᠤᠤᠯ ᠡᠭᠦᠷᠭᠡ ᠬᠠᠷᠢᠭᠤᠴᠠᠯᠭ᠎ᠠ     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠦᠬᠦ ᠬᠤᠰᠢᠭᠤᠨ ᠤ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ᠂ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠦᠤᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠤᠮᠳᠠᠬᠢ ᠠᠵᠢᠯᠲᠠᠨ ᠤ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠲᠣᠭᠲᠠᠭᠠᠬᠤ᠂ ᠲᠥᠷᠥᠯ ᠬᠤᠪᠢᠶᠠᠨ ᠬᠠᠮᠢᠶᠠᠷᠬᠤ ᠳᠦᠷᠢᠮ ᠵᠢᠴᠢ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃     ︵ᠬᠤᠶᠠᠷ︶ ᠪᠦᠬᠦ ᠬᠤᠰᠢᠭᠤᠨ ᠤ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠤᠨ ᠲᠥᠯᠥᠪᠵᠢᠭᠦᠯᠭᠡ᠂ ᠠᠵᠢᠯᠲᠠᠨ ᠲᠤ ᠲᠣᠬᠢᠷᠠᠭᠤᠯᠤᠯᠲᠠ ᠬᠢᠬᠦ ᠠᠷᠭ᠎ᠠ ᠶᠢ ᠲᠤᠭᠤᠷᠪᠢᠨ ᠲᠣᠭᠲᠠᠭᠠᠵᠤ᠂ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠢ ᠶᠢᠨ ᠬᠥᠮᠥᠨ ᠬᠡᠷᠡᠭᠯᠡᠬᠦ ᠲᠥᠯᠥᠪᠯᠡᠭᠡ ᠶᠢ ᠨᠠᠢᠷᠠᠭᠤᠯᠤᠨ ᠲᠤᠭᠲᠠᠭᠠᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠠᠯᠪᠠᠨ ᠪᠠᠶᠢᠭᠤᠯᠭ᠎ᠠ ᠶᠢᠨ ᠠᠵᠢᠯᠴᠢᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠭᠤᠷᠪᠠ︶ ᠪᠦᠬᠦ ᠬᠤᠰᠢᠭᠤᠨ ᠤ ᠲᠤᠰᠬᠠᠢ ᠮᠡᠷᠭᠡᠵᠢᠯ ᠤᠨ ᠠᠵᠢᠯᠲᠠᠨ ᠠᠵᠢᠯᠴᠢᠨ᠂ ᠢᠳᠡᠷ ᠵᠠᠯᠠᠭᠤ ᠲᠤᠰᠬᠠᠢ ᠮᠡᠷᠭᠡᠵᠢᠯᠲᠡᠨ ᠪᠣᠯᠤᠨ ᠵᠠᠰᠠᠭ ᠤᠨ ᠣᠷᠳᠣᠨ ᠤ ᠣᠨᠴᠠ ᠨᠡᠮᠡᠭᠦᠷᠢ ᠶᠢ ᠬᠦᠷᠲᠡᠬᠦ ᠲᠤᠰᠬᠠᠢ ᠮᠡᠷᠭᠡᠵᠢᠯᠲᠡᠨ ᠢ ᠬᠠᠮᠢᠶᠠᠷᠴᠤ᠂ ᠲᠡᠳᠡᠨ ᠳᠤ ᠦᠢᠯᠡᠴᠢᠯᠡᠭᠡ ᠬᠠᠩᠭᠠᠨ᠎ᠠ᠃ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠵᠤ ᠠᠪᠴᠢᠷᠠᠬᠤ᠂ ᠬᠡᠷᠡᠭᠯᠡᠬᠦ ᠲᠥᠷᠦ ᠶᠢᠨ ᠪᠣᠳᠣᠯᠭ᠎ᠠ ᠶᠢ ᠲᠣᠭᠲᠠᠭᠠᠵᠤ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ︔ ᠲᠤᠰᠬᠠᠶ ᠮᠡᠷᠭᠡᠵᠢᠯ ᠤᠨ ᠠᠵᠢᠯᠲᠠᠨ ᠠᠵᠢᠯᠴᠢᠨ ᠤ ᠮᠡᠳᠡᠯᠭᠡ ᠶᠢᠨ ᠰᠢᠨᠡᠴᠢᠯᠡᠯᠲᠡ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠤᠨ᠎ᠠ᠃     ︵ᠳᠥᠷᠪᠡ︶ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠠᠷᠢᠶᠠᠨ ᠳᠤ ᠪᠠᠶᠢᠭ᠎ᠠ ᠤᠯᠤᠰ ᠤᠨ ᠠᠯᠪᠠᠲᠠᠨ ᠵᠢᠴᠢ ︽ᠠᠯᠪᠠᠲᠠᠨ ᠤ ᠬᠠᠤᠯᠢ︾ ᠶᠢᠨ ᠬᠠᠮᠢᠶᠠᠷᠤᠯᠲᠠ ᠪᠠᠷ ᠯᠠᠪᠯᠠᠯᠲᠠ ᠪᠤᠯᠭᠠᠭᠰᠠᠨ ᠠᠵᠢᠯ ᠦᠢᠯᠡᠰ ᠤᠨ ᠨᠢᠭᠡᠴᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ︽ᠠᠯᠪᠠᠲᠠᠨ ᠤ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠱᠠᠩᠨᠠᠨ ᠬᠥᠬᠢᠭᠦᠯᠬᠦ ᠳᠦᠷᠢᠮ ᠢ ᠲᠣᠭᠲᠠᠭᠠᠵᠤ ᠬᠤᠰᠢᠭᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠱᠠᠩᠨᠠᠨ ᠬᠥᠬᠢᠭᠦᠯᠬᠦ ᠠᠵᠢᠯ ᠢ ᠵᠣᠬᠢᠴᠠᠭᠤᠯᠬᠤ ᠪᠠ ᠬᠢᠨᠠᠨ ᠬᠠᠷᠭᠤᠭᠤᠯᠤᠨ᠎ᠠ ︔ ᠵᠠᠯᠬᠠᠭᠠᠨ ᠴᠡᠭᠡᠷᠯᠡᠭᠦᠯᠬᠦ ᠳᠤ ᠬᠤᠯᠪᠣᠭᠳᠠᠬᠤ ᠭᠤᠮᠣᠳᠠᠯ ᠲᠣᠭᠠᠴᠢᠬᠤ ᠪᠠ ᠵᠠᠭᠠᠯᠳᠤᠬᠤ ᠠᠵᠢᠯ ᠢ ᠬᠠᠷᠢᠭᠤᠴᠠᠨ᠎ᠠ᠃      ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠪᠦᠬᠦ ᠬᠤᠰᠢᠭᠤᠨ ᠤ ᠵᠠᠰᠠᠭ ᠤᠨ ᠣᠷᠳᠣᠨ ᠤ ᠬᠠᠷᠢᠶᠠᠲᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠴᠠᠯᠢᠩ ᠠᠰᠠᠷᠠᠮᠵᠢ ᠪᠣᠯᠤᠨ ᠺᠠᠳ᠋ᠷ᠂ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠠᠴᠠ ᠪᠠᠨ ᠪᠠᠭᠤᠵᠤ ᠠᠮᠠᠷᠠᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃     ︵ᠵᠢᠷᠭᠤᠭ᠎ᠠ︶ ᠪᠥᠬᠦ ᠬᠤᠰᠢᠭᠤᠨ ᠤ ᠴᠢᠳᠠᠪᠤᠷᠢᠲᠠᠨ ᠤ ᠡᠬᠢ ᠪᠠᠶᠠᠯᠢᠭ ᠤᠨ ᠲᠥᠯᠥᠪᠵᠢᠭᠦᠯᠬᠡ ᠪᠠ ᠨᠡᠭᠡᠭᠡᠨ ᠬᠥᠭᠵᠢᠭᠦᠯᠬᠦ ᠵᠢᠴᠢ ᠤᠷᠢᠨ ᠠᠪᠴᠢᠷᠠᠬᠤ ᠠᠵᠢᠯ ᠢ ᠬᠠᠷᠢᠭᠤᠴᠠᠵᠤ ᠴᠢᠳᠠᠪᠤᠷᠢᠲᠠᠨ ᠤ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠴᠢᠳᠠᠪᠤᠷᠢᠲᠠᠨ ᠤ ᠵᠠᠬ᠎ᠠ ᠳᠡᠯᠭᠡᠭᠦᠷ ᠢ ᠬᠥᠭᠵᠢᠭᠦᠯᠬᠦ ᠪᠠ ᠲᠥᠯᠥᠪᠵᠢᠭᠦᠯᠦᠨ᠎ᠡ︔ ᠶᠡᠭᠡ ᠲᠡᠭᠡᠲᠦ ᠰᠤᠷᠭᠠᠭᠤᠯᠢ ᠲᠡᠭᠦᠰᠦᠭᠰᠡᠳ ᠢ ᠬᠤᠪᠢᠶᠠᠷᠢᠯᠠᠬᠤ ᠪᠠ ᠠᠵᠢᠯ ᠣᠯᠭᠤᠬᠤ ᠠᠵᠢᠯ ᠢ ᠬᠠᠷᠢᠭᠤᠴᠠᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠲᠠᠨ ᠠᠵᠢᠯᠴᠢᠨ ᠡᠯᠰᠡᠵᠦ ᠬᠡᠷᠡᠭᠯᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠤᠷᠠᠳᠤᠨ ᠭᠠᠷᠭᠠᠨ᠎ᠠ︔ ᠬᠤᠰᠢᠭᠤᠨ ᠤ ᠳᠣᠲᠣᠷᠠᠬᠢ ᠣᠨᠴᠠᠭᠠᠢ ᠬᠡᠷᠡᠭᠴᠡᠭᠡ ᠲᠠᠢ ᠴᠢᠳᠠᠪᠤᠷᠢᠲᠠᠨ ᠢ ᠰᠣᠩᠭᠤᠨ ᠰᠢᠯᠵᠢᠭᠦᠯᠬᠦ ᠠᠵᠢᠯ ᠢ ᠳᠠᠭᠠᠭᠠᠨ ᠬᠦᠢᠴᠡᠳᠬᠡᠨ᠎ᠡ᠃     ︵ᠳᠣᠯᠤᠭ᠎ᠠ︶ ᠬᠤᠲᠠ ᠬᠥᠳᠡᠭᠡ ᠶᠢᠨ ᠨᠡᠶᠢᠬᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠬᠦᠢᠴᠡᠳᠬᠡᠯ ᠳᠤ ᠬᠢᠨᠠᠨ ᠬᠠᠷᠭᠤᠭᠤᠯᠤᠭᠰᠠᠨ ᠰᠠᠨᠠᠯ ᠳᠤᠷᠠᠳᠬᠤ ᠶᠢᠨ ᠬᠠᠮᠲᠤ ᠨᠡᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠳᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠶᠢ ᠬᠡᠷᠡᠭᠵᠢᠭᠦᠯᠤᠨ᠎ᠠ︔ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠶᠢ ᠬᠠᠮᠢᠶᠠᠷᠴᠤ ᠰᠠᠭᠤᠷᠢ ᠮᠦᠩᠭᠦᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠨ᠎ᠠ︔ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠰᠤᠵᠢᠯ  ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠨᠠᠰᠤᠵᠢᠯ᠂ ᠡᠮ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠬᠦᠩᠭᠡᠵᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠡᠷᠡᠭ ᠶᠠᠪᠤᠳᠠᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃     ︵ᠨᠠᠢᠮᠠ︶ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ ᠪᠦᠬᠦ ᠬᠤᠰᠢᠭᠤᠨ ᠤ ᠬᠤᠲᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠬᠦ ᠲᠥᠷᠦ ᠶᠢᠨ ᠪᠣᠳᠣᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠵᠤ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠲᠥᠯᠥᠪᠵᠢᠭᠦᠯᠵᠦ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ︔ ᠠᠵᠢᠯ ᠣᠯᠭᠤᠯᠲᠠ ᠶᠢᠨ ᠲᠤᠰᠠᠯᠠᠮᠵᠢ ᠪᠠ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠵᠣᠬᠢᠶᠠᠨ ᠪᠠᠶᠢᠭᠤᠯᠤᠨ ᠨᠠᠶᠢᠲᠠᠪᠤᠷᠢᠵᠢᠭᠤᠯᠵᠤ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠳᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠤᠨ᠎ᠠ︔ ᠶᠡᠭᠡ ᠲᠡᠭᠡᠲᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠤᠨ᠎ᠠ︔ ᠪᠦᠬᠦ ᠬᠤᠰᠢᠭᠤᠨ ᠤ ᠠᠵᠢᠯ ᠣᠯᠭᠤᠯᠲᠠ᠂ ᠠᠵᠢᠯ ᠠᠯᠳᠠᠯᠲᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠵᠢᠯᠣᠭᠤᠳᠤᠮᠵᠢ ᠶᠢ ᠬᠠᠷᠢᠭᠤᠴᠠᠵᠤ ᠰᠢᠢᠳᠪᠦᠷᠢᠯᠡᠬᠦ ᠲᠥᠰᠦᠪ ᠲᠣᠭᠲᠠᠭᠠᠨ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ ᠠᠵᠢᠯ ᠣᠯᠭᠤᠯᠲᠠ ᠶᠢᠨ ᠬᠠᠨᠳᠤᠰᠢ ᠶᠢ ᠲᠣᠭᠲᠠᠭᠤᠨ ᠪᠠᠶᠢᠯᠭᠠᠬᠤ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠡᠩᠴᠡᠬᠦᠷᠢ ᠶᠢ ᠪᠠᠲᠤᠯᠠᠨ᠎ᠠ︔ ᠬᠥᠳᠡᠭᠡ ᠲᠣᠰᠬᠤᠨ ᠤ ᠦᠯᠡᠭᠦᠤ ᠬᠥᠳᠡᠯᠮᠦᠷᠢ ᠬᠦᠴᠦᠨ ᠢ ᠨᠡᠭᠡᠭᠡᠨ ᠬᠥᠭᠵᠢᠭᠦᠯᠵᠦ ᠠᠵᠢᠯ ᠣᠯᠭᠤᠬᠤ ᠪᠠ ᠡᠮᠬᠢ ᠵᠢᠷᠤᠮ ᠲᠠᠢ ᠪᠠᠷ ᠰᠢᠯᠵᠢᠭᠦᠯᠬᠦ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠵᠤ ᠠᠬᠤᠶᠢᠯᠠᠯ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠴᠢᠨ᠂ ᠠᠵᠢᠯ ᠠᠯᠳᠠᠭᠰᠠᠳ᠂ ᠠᠵᠤ ᠠᠬᠤᠶᠢᠯᠠᠯ ᠤᠨ ᠠᠵᠢᠯ ᠤᠨ ᠪᠠᠶᠢᠷᠢ ᠠᠴᠠ ᠪᠠᠭᠤᠭᠰᠠᠨ ᠠᠵᠢᠯᠴᠢᠨ ᠳᠤ ᠳᠠᠬᠢᠨ ᠠᠵᠢᠯ ᠣᠯᠭᠤᠬᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠨ᠎ᠠ︔ ᠠᠩᠬ᠎ᠠ ᠵᠡᠷᠭᠡ ᠶᠢᠨ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠠᠩᠬ᠎ᠠ ᠬᠢᠨᠠᠯᠲᠠ ᠪᠠᠷ ᠳᠡᠭᠡᠭᠰᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠤᠨ᠎ᠠ᠃     ︵ᠶᠢᠰᠦ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠥᠳᠡᠯᠮᠦᠷᠢ ᠶᠢᠨ ᠭᠡᠷ᠎ᠡ᠂ ᠬᠥᠳᠡᠯᠮᠦᠷᠢ ᠶᠢᠨ ᠮᠠᠷᠭᠤᠯᠳᠤᠭᠠᠨ᠂ ᠬᠥᠳᠡᠯᠮᠦᠷᠢ ᠶᠢᠨ ᠬᠥᠨᠳᠡᠯᠡᠨ ᠤ ᠲᠠᠰᠤᠯᠤᠯᠲᠠ᠂ ᠣᠨᠴᠠᠭᠠᠢ ᠬᠥᠳᠡᠯᠮᠦᠷᠢ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠠᠵᠢᠯᠲᠠᠨ ᠤ ᠶᠠᠪᠤᠳᠠᠯ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠳᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠤᠨ ᠬᠠᠤᠯᠢ ᠵᠦᠷᠢᠴᠠᠵᠤ ᠰᠠᠬᠢᠯᠭ᠎ᠠ ᠡᠪᠳᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠠᠷᠪᠠ︶  ᠪᠦᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ᠂ ᠬᠥᠳᠡᠯᠮᠦᠷᠢ ᠪᠠ ᠨᠡᠶᠢᠭᠡᠮ ᠤᠨ ᠳᠠᠭᠠᠳᠬᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠵᠢᠯ ᠢ ᠡᠭᠦᠷᠭᠡᠯᠡᠵᠦ ᠪᠦᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ᠂ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠵᠤᠬᠢᠶᠠᠨ ᠪᠠᠶᠢᠭᠤᠯᠤᠨ ᠪᠦᠲᠦᠭᠡᠵᠤ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠲᠤᠭ᠎ᠠ ᠪᠦᠷᠢᠳᠬᠡᠯ ᠤᠨ ᠠᠯᠪᠠᠨ ᠮᠡᠳᠡᠭᠡ᠂ ᠮᠡᠳᠡᠭᠡ ᠵᠠᠩᠭᠢ ᠶᠢᠨ ᠮᠠᠲ᠋ᠧᠷᠢᠶᠠᠯ᠂ ᠬᠥᠭᠵᠢᠯᠲᠡ ᠶᠢᠨ ᠲᠥᠰᠦᠭᠡᠯᠡᠭᠰᠡᠨ ᠮᠡᠳᠡᠭᠦᠯᠦᠯᠲᠡ ᠶᠢ ᠨᠡᠶᠢᠲᠡᠯᠡᠨ᠎ᠠ᠃       ︵ᠠᠷᠪᠠᠨ ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠡᠷᠢᠭ ᠠᠴᠠ ᠬᠠᠯᠠᠭᠳᠠᠭᠰᠠᠨ ᠺᠠᠳ᠋ᠷ ᠵᠢᠴᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠪᠣᠯᠤᠨ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃      ︵ᠠᠷᠪᠠᠨ ᠬᠤᠶᠠᠷ︶ ᠵᠠᠰᠠᠭ ᠤᠨ ᠣᠷᠳᠣᠨ ᠤ ᠰᠢᠰᠲ᠋ᠧᠮ ᠪᠣᠯᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠨ ᠤ ᠶᠠᠪᠤᠳᠠᠯ ᠤᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠪᠠ ᠵᠣᠬᠢᠴᠠᠭᠤᠯᠬᠤ ᠦᠢᠯᠡᠴᠢᠯᠡᠭᠡ ᠶᠢ ᠬᠠᠷᠢᠭᠤᠴᠠᠨ᠎ᠠ᠃      ︵ᠠᠷᠪᠠᠨ ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠪᠤᠯᠤᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠵᠦᠢᠯᠡᠰ ᠢ ᠲᠠᠭᠠᠭᠠᠴᠢᠯᠠᠨ ᠬᠦᠢᠴᠡᠳᠬᠡᠨ᠎ᠡ᠃       ᠲᠦᠷᠪᠡ᠂ ᠠᠯᠪᠠᠯᠠᠬᠤ ᠬᠠᠶ᠋ᠢᠭ      ᠦᠤᠰᠢᠨ ᠬᠤᠰᠢᠭᠤᠨ ᠤ ᠨᠠᠮ ᠵᠠᠰᠠᠭ ᠤᠨ ᠰᠢᠨ᠎ᠡ ᠲᠣᠭᠤᠷᠢᠭ ᠤᠨ 6 ᠳ᠋ᠤᠭᠠᠷ ᠨᠣᠮᠧᠷᠲᠤ ᠠᠰᠠᠷ ᠤᠨ C ᠲᠤᠭᠤᠷᠢᠭ       ᠲᠠᠪᠤ᠂ ᠬᠠᠷᠢᠯᠴᠠᠬᠤ ᠠᠷᠭ᠎ᠠ      ᠤᠲᠠᠰᠤ ︵ᠹᠠᠺᠰ︶᠄ 0477 — 7582202      ᠢᠮᠧᠯ᠄ nmgwsqrsj@163.com      ᠵᠢᠷᠭᠤᠭ᠎ᠠ᠂ ᠠᠵᠢᠯᠯᠠᠬᠤ ᠴᠠᠭ     ᠦᠳᠡ ᠡᠮᠦᠨ᠎ᠡ 8᠄ 30 — 12᠄ 00     ᠦᠳᠡ ᠬᠤᠶᠢᠨ᠎ᠠ 14᠄ 30 — 17᠄ 30     ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号