ᠣᠯᠠᠭᠠᠨᠳᠣᠯᠣᠭᠠᠢ ᠪᠠᠯᠭᠠᠰᠣ ᠭᠤᠣᠯ ᠰᠡᠳᠣᠪᠳᠣ ᠬᠦᠮᠣᠵᠢᠯ ᠤᠨ ︽ᠪᠢᠴᠢᠬᠠᠨ ᠯᠠᠪᠠᠷ︾ ᠢᠶᠠᠷ ᠨᠠᠮ ᠤᠨ ᠳᠠᠭᠤᠨ ᠢ ᠮᠠᠯᠴᠢᠨ ᠳᠠᠷᠢᠶᠠᠴᠢᠳ ᠲᠤ ᠬᠦᠷᠭᠡᠵᠣ ᠪᠡᠶᠢᠨ᠎ᠠ
ᠨᠡᠶᠢᠲᠡᠯᠡᠭᠰᠡᠨ ᠴᠠᠭ᠄
2019/12/2
     ᠤᠯᠠᠭᠠᠨᠲᠤᠯᠤᠭᠠᠢ ᠪᠠᠯᠭᠠᠰᠤ ᠬᠤᠶᠠᠳᠤᠭᠠᠷ ᠪᠦᠯᠦᠭ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ ᠮᠠᠯᠴᠢᠨ ᠲᠠᠷᠢᠶᠠᠴᠢᠨ ᠨᠠᠮ ᠤᠨ ᠭᠡᠰᠢᠬᠦᠳ ᠤᠨ ᠬᠦᠮᠣᠵᠢᠯ ᠰᠤᠷᠤᠯᠴᠠᠯᠭ᠎ᠠ ᠢ ᠴᠢᠬᠤᠯᠠᠴᠢᠯᠠᠨ ᠦᠵᠡᠵᠣ ᠨᠠᠰᠤ ᠠᠬᠠᠰᠢᠷᠠᠵᠤ ᠪᠡᠶ᠎ᠡ ᠮᠠᠭᠤᠳᠠᠨ ᠬᠥᠳᠡᠯᠵᠦ ᠶᠠᠪᠣᠬᠤ ᠳᠤ ᠳᠥᠭᠦᠮ ᠦᠭᠡᠢ᠂ ᠰᠣᠶᠣᠯ ᠤᠨ ᠬᠡᠮᠵᠢᠶ᠎ᠠ ᠲᠤᠤᠷ᠎ᠠ ᠵᠡᠷᠭᠡ ᠨᠠᠮ ᠤᠨ ᠭᠡᠰᠢᠬᠦᠳ ᠤᠨ ᠬᠦᠮᠣᠵᠢᠯ ᠬᠦᠷᠳᠡᠨ ᠰᠤᠷᠤᠯᠴᠠᠬᠤ ᠳᠤ ᠳᠦᠬᠦᠮ ᠦᠵᠡᠬᠦᠯᠬᠦ ᠪᠠᠷ ᠭᠤᠣᠯ ᠰᠡᠳᠣᠪᠳᠣ ᠬᠦᠮᠣᠵᠢᠯ ᠤᠨ ︽ᠪᠢᠴᠢᠬᠠᠨ ᠯᠠᠪᠠᠷ︾ ᠢ ᠦᠢᠯᠡᠳᠦᠨ ᠲᠠᠷᠬᠠᠭᠠᠵᠤ ᠨᠠᠮ ᠤᠨ ᠳᠠᠭᠤᠨ ᠬᠤᠭᠤᠯᠠᠢ ᠶᠢ ᠴᠠᠭ ᠳᠠᠷᠣᠢ ᠳᠤ ᠨᠢ ᠥᠷᠭᠡᠨ ᠣᠯᠠᠨ ᠮᠠᠯᠴᠢᠨ  ᠲᠠᠷᠢᠶᠠᠴᠢᠳ ᠲᠤ ᠰᠣᠨᠣᠰᠬᠠᠵᠣ ᠴᠢᠳᠡᠯ᠎ᠡ᠃      ᠤᠶᠢᠷ᠎ᠠ ᠶᠢᠨ ᠡᠳᠦᠷ᠂ ᠣᠯᠠᠭᠠᠨᠳᠣᠯᠣᠭᠠᠢ ᠪᠠᠯᠭᠠᠰᠣᠨ ᠤ ᠭᠤᠣᠯ ᠰᠡᠳᠣᠪᠳᠣ ᠬᠦᠮᠣᠵᠢᠯ ᠤᠨ ᠪᠠᠭ᠎ᠠ ᠳᠣᠭᠤᠶᠢᠯᠠᠩ ᠤᠨ ᠬᠢᠨ ᠪᠠᠶ᠋ᠬᠠᠤᠪᠤᠭ᠎ᠠ ᠭᠠᠴᠠᠭᠠᠨ ᠤ 82 ᠨᠠᠰᠤᠲᠠᠶ ᠠᠬᠠᠮᠠᠳ ᠨᠠᠮ ᠤᠨ ᠭᠡᠰᠢᠭᠦᠨ ᠪᠤᠷᠤᠴᠢᠯᠠᠭᠤ ᠨᠠᠰᠤᠲᠠᠨ ᠤ ᠭᠡᠷ ᠲᠤ ᠬᠦᠷᠴᠣ ᠭᠤᠣᠯ ᠰᠡᠳᠣᠪᠳᠣ ᠬᠦᠮᠣᠵᠢᠯ ᠤᠨ ︽ᠪᠢᠴᠢᠬᠠᠨ ᠯᠠᠪᠠᠷ︾ ᠢ ᠬᠦᠷᠭᠡᠭᠰᠡᠨ ᠤ ᠬᠠᠮᠳᠣ ᠭᠡᠷᠡᠭᠯᠡᠬᠦ ᠠᠷᠭ᠎ᠠ᠂ ᠣᠶᠢᠯᠡᠳᠣᠯ ᠭᠡᠷᠡᠭᠴᠡᠭᠡ ᠶᠢ ᠵᠢᠭᠠᠨ ᠦᠭᠴᠣ ᠶᠠᠪᠤᠵᠤ ᠬᠦᠳᠡᠯᠬᠦ ᠳᠤ ᠲᠦᠬᠦᠮ ᠦᠬᠡᠢ ᠪᠣᠯᠣᠭᠰᠠᠨ ᠳᠡᠬᠦᠨ ᠳᠤ ᠳᠣᠶᠢᠯ ᠶᠡᠭᠡ ᠳᠦᠬᠦᠮ ᠢ ᠠᠪᠴᠢᠷᠠᠯ᠎ᠠ᠃      ᠭᠤᠣᠯ ᠰᠡᠳᠣᠪᠳᠣ ᠬᠦᠮᠣᠵᠢᠯ ᠤᠨ ︽ᠪᠢᠴᠢᠬᠠᠨ ᠯᠠᠪᠠᠷ︾ ᠢ ᠣᠯᠠᠭᠠᠨᠳᠣᠯᠣᠭᠠᠢ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠣᠰᠬᠠᠢ ᠮᠣᠩᠭᠤᠯ ᠬᠢᠳᠡᠳ ᠬᠤᠣᠰ ᠬᠡᠯᠡᠨ ᠤ ᠠᠵᠢᠯᠳᠡᠨ ᠳᠣᠬᠢᠷᠠᠭᠤᠯᠣᠨ ᠨᠠᠮ ᠤᠨ ᠲᠥᠷᠥ ᠶᠢᠨ ᠪᠣᠳᠣᠯᠭ᠎ᠠ᠂ ᠣᠨᠣᠯ᠂ ᠴᠠᠭ ᠤᠨ ᠪᠠᠶᠢᠳᠠᠯ᠂ ᠬᠠᠥᠯᠢ ᠳᠦᠷᠢᠮ᠂ ᠮᠠᠯ ᠲᠠᠷᠢᠶᠠᠯᠠᠩ ᠵᠡᠷᠭᠡ ᠤᠯᠠᠨ ᠲᠠᠯ᠎ᠠ ᠢ ᠬᠠᠮᠣᠷᠣᠭᠰᠠᠨ ᠪᠣᠳᠡᠳᠣ ᠠᠭᠤᠯᠭ᠎ᠠ ᠪᠣᠯᠣᠨ ᠰᠦᠯᠵᠢᠶᠠᠨ ᠠᠴᠠ ᠴᠢᠨᠠᠷ ᠰᠠᠶᠢᠲᠠᠶ ᠨᠠᠮ ᠤᠨ ᠭᠡᠴᠢᠶᠡᠯ ᠬᠦᠮᠦᠵᠢᠯ ᠤᠨ ᠳᠠᠶᠢᠯᠣᠮᠵᠢ ᠢ ᠪᠠᠭᠤᠯᠭᠠᠨ ᠰᠢᠩᠭᠡᠭᠡᠨ ᠦᠢᠯᠡᠳᠴᠦ ᠪᠦᠬᠦ ᠪᠠᠯᠭᠠᠰᠣᠨ ᠤ ᠨᠡᠮ ᠤᠨ ᠭᠡᠰᠢᠬᠦᠳ ᠲᠤ ᠬᠦᠮᠣᠵᠢᠯ ᠬᠦᠷᠳᠡᠬᠡᠨ ᠰᠣᠷᠣᠯᠴᠠᠭᠤᠯᠬᠤ  ᠶᠢᠨ ᠬᠠᠮᠳᠣ ᠮᠠᠯᠴᠢᠨ ᠲᠠᠷᠢᠶᠠᠴᠢᠨ ᠨᠠᠮ ᠤᠨ ᠭᠡᠰᠢᠭᠦᠣᠨ ᠲᠤ ᠳᠠᠷᠬᠠᠭᠠᠵᠣ ᠬᠦᠮᠣᠵᠢᠯ ᠰᠤᠷᠤᠯᠴᠠᠯᠭ᠎ᠠ ᠳᠤ ᠳᠣᠰᠠᠯᠠᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠦᠢᠯᠡᠳᠦᠯᠭᠡᠵᠢᠬᠦᠯᠦᠭᠰᠡᠨ ᠪᠣᠳᠡᠳᠡᠢ ᠵᠢᠱᠢᠶ᠎ᠠ ᠪᠣᠯᠣᠭᠰᠠᠨ ᠪᠠᠶᠢᠨ᠎ᠠ᠃        ᠣᠯᠠᠭᠠᠨᠳᠣᠯᠣᠭᠠᠢ ᠪᠠᠯᠭᠠᠰᠣ ᠨᠢ ᠣᠳᠣᠬᠠᠨ ᠪᠣᠯᠳᠠᠯ᠎ᠠ ᠨᠠᠰᠤ ᠠᠬᠠᠰᠢᠷᠠᠵᠤ ᠪᠡᠶ᠎ᠡ ᠮᠠᠭᠤᠳᠠᠨ᠂ ᠬᠥᠳᠡᠯᠵᠦ ᠶᠠᠪᠣᠬᠤ ᠳᠤ ᠳᠥᠭᠦᠮ ᠦᠭᠡᠢ᠂ ᠰᠣᠶᠣᠯ ᠤᠨ ᠬᠡᠮᠵᠢᠶ᠎ᠠ ᠲᠤᠤᠷ᠎ᠠ ᠵᠡᠷᠭᠡ ᠨᠠᠮ ᠤᠨ ᠭᠡᠰᠢᠬᠦᠳ ᠲᠤ ᠭᠤᠣᠯ ᠰᠡᠳᠣᠪᠳᠣ ᠬᠦᠮᠣᠵᠢᠯ ᠤᠨ ︽ ᠪᠢᠴᠢᠬᠠᠨ ᠯᠠᠪᠠᠷ︾ ᠢ 200 ᠭᠠᠷᠣᠢ ᠲᠠᠷᠬᠠᠭᠠᠭᠰᠠᠨ ᠪᠠᠶᠢᠨ᠎ᠠ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ