︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ | ᠨᠠᠭᠠᠰᠢ᠂ ᠦᠦᠰᠢᠨᠵᠦᠦ ᠪᠠᠯᠭᠠᠰᠤᠨ ᠤ ᠪᠠᠶᠠᠨᠲᠣᠯᠤᠭᠠᠢ ᠭᠠᠴᠠᠭ᠎ᠠ ᠮᠠᠯᠴᠢᠨ ᠲᠠᠷᠢᠶᠠᠴᠢᠨ ᠨᠠᠮ ᠤᠨ ᠭᠡᠰᠢᠭᠦᠳ ᠤᠨ ᠰᠤᠷᠤᠯᠴᠠᠯᠭ᠎ᠠ ᠬᠥᠮᠦᠵᠢᠯ ᠢ ᠢᠮᠠᠭᠲᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠤᠨᠴᠠᠭᠠᠶᠢᠯᠠᠨ ᠨᠠᠰᠤ ᠠᠭᠢᠵᠤ ᠪᠡᠶ᠎ᠡ ᠮᠠᠭᠤᠳᠠᠭᠰᠠᠨ᠂ ᠪᠣᠶᠢᠳᠠ ᠪᠥᠭᠯᠡᠭᠦᠦ ᠣᠷᠣᠨ ᠰᠠᠭᠤᠴᠠ ᠲᠠᠢ ᠨᠠᠮ ᠤᠨ | ᠭᠡᠰᠢᠭᠦᠳ ᠲᠤ ︽ᠰᠢ ᠶᠢᠨ ᠫᠢᠩ ᠲᠦᠷᠦ ᠶᠢ ᠵᠠᠰᠠᠬᠤ ᠲᠤᠬᠠᠢ︾ ᠵᠡᠷᠭᠡ ᠨᠣᠮ ᠰᠤᠳᠤᠷ ᠢ ᠲᠤᠰᠬᠠᠶᠢᠯᠠᠨ ᠭᠥᠷᠭᠡᠨ ᠥᠭᠴᠤ ᠰᠤᠷᠤᠯᠴᠠᠬᠤ ᠳᠤ ᠨᠢ ᠳᠥᠭᠦᠮ | ᠥᠵᠠᠭᠦᠯᠵᠤ ᠪᠠᠶᠢᠨ᠎ᠠ᠃ | ᠪᠠᠶᠠᠠᠳᠤᠯᠤᠭᠠᠢ ᠭᠠᠴᠠᠭᠠᠨ ᠤ ᠰᠡᠴᠡᠨᠭᠡᠷᠡᠯ ᠨᠠᠰᠤᠲᠠᠨ ᠪᠤᠯ 1966 ᠣᠨ ᠳᠤ ᠨᠠᠮ ᠳᠤ ᠡᠯᠰᠡᠭᠳᠡᠨ᠂ ᠵᠠᠯᠠᠭᠤ ᠽᠠᠨᠳᠠᠨ ᠨᠠᠰᠤᠨ ᠳᠤ ᠪᠠᠨ ︽ᠮᠠᠯᠵᠢᠬᠤ | ᠳ᠋ᠠᠵᠠᠢ︾ ᠶᠢᠨ ᠲᠡᠮᠦᠷ ᠬᠡᠦᠬᠡᠨ ᠪᠣᠯᠣᠨ ᠭᠠᠪᠰᠢᠭᠠᠶᠢᠯᠠᠨ ᠭᠠᠴᠠᠭᠠᠨ ᠳᠠᠷᠤᠭ᠎ᠠ ᠶᠢᠨ ᠠᠵᠢᠯ ᠢ ᠬᠤᠷᠢᠭᠠᠳ ᠵᠢᠯ ᠬᠢᠵᠦ ᠨᠠᠮ ᠤᠨ ᠭᠡᠰᠢᠭᠦᠨ ᠪᠣᠯᠤᠭᠰᠠᠨ 53 | ᠵᠢᠯ ᠳᠤ ᠪᠠᠨ ᠪᠠᠶᠠᠨᠲᠣᠯᠤᠭᠠᠢ ᠭᠠᠴᠠᠭᠠᠨ ᠤ ᠬᠥᠭᠵᠢᠯᠲᠡ ᠬᠤᠪᠢᠷᠠᠯᠳᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠳᠤᠷᠰᠢᠬᠢ ᠬᠥᠭᠵᠢᠯᠲᠡ ᠬᠤᠪᠢᠷᠠᠯᠲᠠ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ ᠠᠬᠠᠮᠠᠳ ᠨᠠᠮ ᠤᠨ ᠭᠡᠰᠢᠭᠦᠨ ᠪᠣᠯᠤᠨ᠎ᠠ᠃ | ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠬᠠᠶᠢᠷᠬᠠᠨ ᠨᠠᠰᠤ ᠠᠭᠢᠭᠰᠠᠨ ᠰᠡᠴᠡᠨᠭᠡᠷᠡᠯ ᠨᠠᠰᠤᠲᠠᠨ ᠳᠤ ᠲᠤᠰᠬᠠᠶᠢᠯᠠᠨ ᠭᠥᠷᠴᠤ ︽ᠰᠢ ᠶᠢᠨ ᠫᠢᠩ ᠲᠦᠷᠦ ᠶᠢ | ᠵᠠᠰᠠᠬᠤ ᠲᠤᠬᠠᠢ︾ ᠨᠣᠮ ᠢ ᠬᠦᠷᠭᠡᠵᠦ ᠠᠭᠤᠯᠭ᠎ᠠ ᠶᠢ ᠨᠢ ᠤᠩᠰᠢᠨ ᠰᠣᠨᠣᠰᠬᠠᠵᠤ ᠨᠠᠰᠤᠲᠠᠨ ᠤ ᠰᠤᠷᠤᠯᠴᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ | ᠰᠤᠷᠤᠯᠴᠠᠯᠭ᠎ᠠ ᠬᠦᠮᠦᠵᠢᠯ ᠤᠨ ᠬᠢᠨᠢ ᠰᠠᠶᠢᠨ ᠬᠠᠪᠰᠤᠷᠤᠭᠴᠢ ᠪᠣᠯᠤᠭᠰᠠᠨ ᠪᠠᠶᠢᠨ᠎ᠠ᠃ | ᠠᠬᠠᠮᠠᠳ ᠨᠠᠮ ᠤᠨ ᠭᠡᠰᠢᠭᠦᠨ ᠰᠡᠴᠡᠨᠭᠡᠷᠡᠯ ᠨᠠᠰᠤᠲᠠᠨ ᠨᠠᠰᠤ ᠠᠬᠢᠭᠰᠠᠨ ᠴᠦ ᠬᠤᠷᠠᠯ ᠰᠤᠷᠤᠯᠴᠠᠯᠭ᠎ᠠ ᠳᠤ ᠶᠡᠷᠦ ᠠᠴᠠ ᠤᠰᠤᠯᠳᠠᠯ ᠦᠭᠡᠢ ᠤᠷᠤᠯᠴᠠᠵᠤ | ᠲᠡᠮᠳᠡᠭᠯᠡᠯ ᠢᠶᠠᠨ ᠪᠦᠷᠢᠨ ᠬᠢᠵᠦ ᠰᠤᠷᠤᠯᠴᠠᠯᠭ᠎ᠠ ᠬᠦᠮᠦᠵᠢᠯ ᠢᠶᠠᠨ ᠰᠤᠯᠠᠷᠠᠭᠤᠯᠤᠯ ᠦᠭᠡᠢ ᠠᠳᠬᠤᠳᠠᠭ ᠳᠠᠳᠬᠠᠯ ᠨᠢ ᠵᠠᠯᠠᠭᠤ ᠨᠠᠮ ᠤᠨ ᠭᠡᠰᠢᠭᠦᠳ ᠤᠨ | ᠰᠤᠷᠤᠯᠴᠠᠬᠤ ᠳᠠᠭᠤᠷᠢᠶᠠᠯ ᠪᠤᠯᠣᠭᠰᠠᠭᠠᠷ ᠢᠷᠡᠵᠡᠢ᠃ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠬᠠᠶᠢᠷᠬᠠᠨ ᠨᠣᠮ ᠬᠦᠷᠭᠡᠵᠦ ᠢᠷᠡᠬᠦ ᠳᠤ ᠪᠠᠨ ᠲᠤᠰᠬᠠᠶᠢᠯᠠᠨ | ᠰᠡᠴᠡᠨᠭᠡᠷᠡᠯ ᠨᠠᠰᠤᠲᠠᠨ ᠤ ᠲᠡᠮᠳᠡᠭᠯᠡᠯ ᠤᠨ ᠳᠡᠪᠲᠡᠷ ᠢ ᠤᠷᠪᠠᠭᠤᠯᠤᠨ ᠦᠵᠡᠵᠦ ᠨᠠᠰᠤᠲᠠᠨ ᠤ ᠬᠦᠴᠢᠷ ᠪᠡᠷᠬᠡᠰᠢᠶᠡᠯ ᠲᠠᠢ ᠣᠨ ᠵᠢᠯ ᠤᠳ ᠲᠤ ᠥᠪᠡᠷ ᠤᠨ ᠬᠦᠴᠦ | ᠪᠠᠷ ᠢᠶᠠᠨ ᠳᠡᠭᠵᠢᠷᠡᠵᠦ ᠳᠡᠰᠪᠦᠷᠢ ᠬᠠᠲᠠᠭᠤᠵᠢᠯᠲᠠᠢ ᠪᠠᠷ ᠲᠡᠮᠡᠴᠡᠭᠰᠡᠨ ᠦᠯᠢᠭᠡᠷ ᠤᠴᠢᠷ ᠢ ᠨᠢ ᠰᠣᠨᠣᠰᠤᠨ ᠰᠤᠷᠤᠯᠴᠠᠭᠰᠠᠨ ᠪᠠᠶᠢᠨ᠎ᠠ᠃ |