ᠨᠠᠮ ᠤᠨ ᠲᠦᠪ ᠬᠤᠷᠢᠶ᠎ᠠ ᠠᠴᠠ ᠬᠤᠶᠠᠳᠤᠭᠠᠷ ᠪᠦᠯᠦᠭ ︽ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠤᠪᠳᠤ ᠬᠦᠮᠦᠵᠢᠯ ᠳᠤ ᠪᠠᠶᠢᠷᠢᠯᠠᠭᠤᠯᠤᠯᠳᠠ ᠬᠢᠭᠰᠡᠨ ᠤ ᠲᠠᠷᠠᠭ᠎ᠠ ᠮᠠᠨ ᠤ ᠬᠤᠰᠢᠭᠤ ᠲᠠᠷᠤᠢ ᠲᠦᠷᠭᠡᠨ ᠬᠦᠳᠡᠯᠦᠯᠴᠡᠨ ᠭᠤᠤᠯ ᠰᠡᠳᠤᠪᠳᠤ ᠬᠦᠮᠦᠵᠢᠯ | ᠳᠤ ᠪᠠᠶᠢᠷᠢᠯᠠᠭᠤᠯᠤᠯᠳᠠ ᠬᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠶᠢ ᠰᠤᠷᠤᠯᠴᠠᠨ ᠲᠤᠭᠤᠰᠢᠯᠠᠭᠤᠯᠬᠤ ᠦᠨᠳᠦᠰᠤᠨ ᠱᠤᠭᠤᠮ ᠢ ᠪᠠᠳᠤ ᠡᠵᠡᠮᠳᠡᠨ ᠦᠨᠳᠤᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠤᠳᠠᠳᠤ ᠦᠷ᠎ᠡ ᠪᠦᠳᠦᠮᠵᠢ | ᠲᠠᠢ ᠪᠠᠷ ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠳᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠶᠢ ᠭᠤᠤᠯ ᠰᠡᠳᠤᠪᠳᠤ ᠬᠦᠮᠦᠵᠢᠯ ᠤᠨ ᠪᠦᠬᠦ ᠶᠠᠪᠤᠴᠨ ᠳᠤ ᠲᠤᠭᠤᠰᠢᠯᠠᠭᠤᠯᠵᠤ ᠭᠤᠤᠯ ᠰᠡᠳᠤᠪᠳᠤ ᠬᠦᠮᠦᠵᠢᠯ ᠤᠨ ᠬᠦᠨᠵᠡᠭᠡᠢ ᠦᠷᠨᠢᠬᠦ ᠶᠢ ᠠᠬᠢᠭᠤᠯᠤᠭᠰᠠᠨ | ᠪᠠᠶᠢᠨ᠎ᠠ᠃ | | | | | | | ᠲᠡᠭᠡᠷ᠎ᠡ ᠲᠤᠤᠷ᠎ᠠ ᠱᠠᠳᠤ ᠬᠤᠯᠪᠤᠭᠠᠯᠠᠨ ᠲᠠᠶᠢᠴᠢᠯᠠᠨ ᠲᠠᠭᠠᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠪᠠ᠃ ᠬᠤᠰᠢᠭᠤ ᠨᠠᠮ ᠤᠨ ᠬᠤᠷᠢᠶ᠎ᠠ ᠨᠢ | ᠭᠤᠤᠯ ᠰᠡᠳᠤᠪᠳᠤ ᠬᠦᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠤᠮᠠᠭᠴᠠ ᠰᠢᠶᠠᠨ ᠤ ᠲᠡᠰ ᠤᠨ ᠤᠳᠤᠷᠢᠳᠬᠤ ᠺᠠᠳ᠋ᠷ ᠤᠨ ᠭᠤᠤᠯ ᠰᠡᠳᠤᠪᠳᠤ | ᠬᠦᠮᠦᠵᠢᠯ ᠤᠨ ︽ᠰᠤᠷᠤᠯᠴᠠᠯᠭ᠎ᠠ ᠶᠢᠨ ᠠᠩᠬᠢ︾ ᠶᠢ ᠡᠷᠬᠢᠯᠡᠨ ᠰᠢᠶᠠᠨ ᠤ ᠲᠡᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠵᠤ | ᠭᠡᠪ ᠲᠠᠭᠤᠷᠢᠶᠠᠯ ᠦᠵᠡᠬᠦᠯᠦᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ | ᠪᠣᠯᠭᠠᠨ ᠨᠠᠮ ᠤᠨ ᠬᠤᠷᠢᠶ᠎ᠠ ᠶᠢᠨ ᠱᠦᠵᠢ ᠪᠡᠶ᠎ᠡ ᠪᠠᠷ ᠢᠶᠠᠨ ᠭᠤᠤᠯ ᠰᠡᠳᠤᠪᠳᠤ ᠬᠦᠮᠦᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ | ᠡᠭᠦᠷᠭᠡᠯᠡᠨ ᠤᠷᠢᠳ ᠬᠤᠵᠢᠳ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠪᠠ ᠲᠤᠰᠬᠠᠢ ᠰᠡᠳᠤᠪᠳᠤ ᠬᠤᠷᠠᠯ ᠢ 10 ᠤᠳᠠᠭ᠎ᠠ᠂ | ᠤᠳᠤᠷᠢᠳᠬᠤ ᠲᠤᠭᠤᠶᠢᠯᠠᠩ ᠵᠢᠴᠢ ᠠᠯᠪᠠᠨ ᠭᠡᠷ ᠤᠨ ᠬᠤᠷᠠᠯ ᠢ 23 ᠤᠳᠠᠭ᠎ᠠ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠲᠦᠯᠬᠢᠨ ᠠᠬᠢᠭᠤᠯᠬᠤ | ᠬᠠᠮᠢᠶ᠎ᠠ ᠪᠦᠬᠦᠢ ᠴᠢᠬᠤᠯᠠ ᠠᠰᠠᠭᠤᠳᠠᠯ ᠢ ᠰᠤᠳᠤᠯᠤᠨ ᠲᠥᠯᠥᠪᠯᠡᠵᠦ ᠪᠠᠶᠢᠷᠢᠯᠠᠭᠤᠯᠤᠭᠰᠠᠨ ᠪᠠᠶᠢᠨ᠎ᠠ᠃ ᠱᠠᠳᠤ ᠦᠶ᠎ᠡ ᠢᠯᠭᠠᠬᠤ ᠦᠭᠡᠢ᠂ ᠭᠤᠭᠴᠤᠭ᠎ᠠ | ᠬᠤᠪᠢᠶᠠᠬᠤ ᠦᠭᠡᠢ ᠪᠠᠷ ︽ᠲᠦᠷᠪᠡ ᠶᠢ ᠪᠦᠬᠦ ᠶᠠᠪᠤᠴᠨ ᠳᠤ ᠲᠤᠭᠤᠰᠢᠯᠠᠭᠤᠯᠬᠤ︾ ᠶᠢ ᠪᠠᠳᠤ ᠡᠵᠡᠮᠳᠡᠨ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ | ᠤ ᠤᠳᠤᠷᠢᠳᠬᠤ ᠪᠠᠭ ᠲᠦᠷᠦᠭᠦᠯᠡᠨ ᠤᠷᠢᠳ ᠬᠤᠵᠢᠳ ᠬᠠᠮᠳᠤ ᠶᠢᠨ ᠰᠤᠷᠤᠯᠴᠠᠯᠭ᠎ᠠ᠂ ᠰᠤᠳᠤᠯᠤᠨ ᠶᠠᠷᠢᠯᠴᠠᠭ᠎ᠠ ᠶᠢ 7 ᠤᠳᠠᠭ᠎ᠠ ᠦᠷᠨᠢᠬᠦᠯᠵᠤ᠂ ᠠᠮᠢ ᠠᠬᠤᠢ | ᠶᠢᠨ ᠪᠤᠯᠪᠠᠰᠤᠨ ᠤ ᠪᠠᠶᠢᠭᠤᠯᠤᠯᠳᠠ᠂ ᠴᠢᠨᠠᠷ ᠰᠠᠶᠢᠳᠠᠢ ᠬᠦᠭᠵᠢᠯᠳᠠ ᠵᠡᠷᠭᠡ ᠴᠢᠬᠤᠯᠨ ᠶᠡᠭᠡ ᠠᠰᠠᠭᠤᠳᠠᠯ ᠤᠨ ᠲᠤᠭᠤᠷᠢᠨ ᠳᠤ ᠪᠠᠶᠢᠴᠠᠭᠠᠨ ᠰᠤᠳᠤᠯᠤᠯᠳᠠ ᠬᠢᠵᠤ | ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠠᠶᠢᠵᠢᠷᠠᠭᠤᠯᠬᠤ ᠵᠡᠷᠭᠡ ᠨᠢᠭᠡ ᠪᠦᠯᠦᠭ ᠴᠡᠭᠴᠡᠯᠡᠨ ᠰᠠᠶᠢᠵᠢᠷᠠᠭᠤᠯᠬᠤ ᠤᠴᠢᠷ ᠶᠠᠪᠤᠳᠠᠯ ᠢ ᠲᠤᠭᠳᠠᠭᠠᠨ᠂ | ᠠᠰᠠᠭᠤᠳᠠᠯ ᠤᠨ ᠨᠠᠷᠢᠨ ᠲᠠᠩᠰᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠭᠡᠮᠵᠢᠶ᠎ᠡ ᠶᠢ ᠨᠠᠷᠢᠯᠢᠠᠠᠵᠢᠭᠤᠯᠵᠤ᠂ ᠪᠤᠳᠠᠳᠤ ᠠᠰᠠᠭᠤᠳᠠᠯ ᠢ | ᠤᠬᠠᠮᠰᠠᠷ ᠠᠴᠠ ᠪᠠᠨ ᠯᠠᠪᠳᠠᠭᠤᠨ ᠪᠠᠳᠤᠳᠠᠢ ᠴᠡᠭᠴᠡᠯᠡᠨ ᠰᠠᠶᠢᠵᠢᠷᠠᠭᠤᠯᠵᠤ ᠡᠬᠢᠯᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ᠂ ᠨᠠᠮ ᠤᠨ ᠬᠤᠷᠢᠶ᠎ᠠ ᠶᠢᠨ | ᠭᠤᠤᠯ ᠬᠠᠷᠢᠭᠤᠴᠠᠯᠭᠠᠳᠠᠨ ᠬᠤᠰᠢᠭᠤᠴᠢ ᠭᠠᠪᠰᠢᠭᠠᠶᠢᠯᠠᠭᠴᠢ ᠪᠤᠯᠵᠤ ᠭᠡᠪ ᠲᠠᠭᠤᠷᠢᠶᠠᠯ ᠦᠵᠡᠭᠦᠯᠦᠨ᠂ ᠲᠡᠭᠡᠷ᠎ᠡ ᠲᠤᠤᠷ᠎ᠠ ᠱᠠᠳᠤ ᠬᠤᠯᠪᠤᠭᠠᠯᠠᠨ ᠬᠥᠳᠡᠯᠦᠯᠴᠡᠵᠦ | ᠭᠤᠤᠯ ᠰᠡᠳᠤᠪᠳᠤ ᠬᠥᠮᠦᠵᠢᠯ ᠢ ᠴᠢᠩᠭ᠎ᠠ ᠠᠳᠬᠤᠨ᠂ ᠪᠦᠬᠦᠳᠡᠭᠡᠷ ᠢᠶᠠᠨ ᠬᠥᠮᠦᠵᠢᠯ ᠬᠦᠷᠲᠡᠬᠦ ᠰᠠᠶᠢᠨ ᠰᠠᠶᠢᠬᠠᠨ ᠪᠠᠶᠢᠳᠠᠯ ᠢ ᠪᠣᠢ ᠪᠤᠯᠭᠠᠭᠰᠠᠨ ᠪᠠᠶᠢᠨ᠎ᠠ᠃ | | | | | | | ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠤᠷᠢᠳᠠᠪᠠᠷ ᠠᠳᠬᠤᠬᠤ ᠳᠡᠭᠡᠷ᠎ᠡ ᠬᠦᠴᠦ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ | ᠭᠤᠣᠯ ᠰᠡᠳᠦᠪᠲᠦ ᠬᠥᠮᠦᠵᠢᠯ ᠤᠨ ᠬᠤᠷᠠᠯ ᠤᠨ ᠳᠠᠷᠠᠭ᠎ᠠ᠂ ᠦᠤᠰᠢᠨ ᠬᠤᠰᠢᠭᠤ ᠲᠠᠷᠤᠶᠢᠬᠠᠨ ᠭᠤᠣᠯ ᠰᠡᠳᠦᠪᠲᠦ ᠬᠥᠮᠦᠵᠢᠯ ᠢ ᠲᠦᠯᠬᠢᠨ ᠠᠬᠢᠭᠤᠯᠬᠤ | ᠲᠥᠯᠥᠪᠯᠡᠭᠡ ᠲᠤᠭᠳᠠᠭᠠᠨ᠂ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠵᠢᠯᠣᠭᠤᠳᠬᠤ ᠳᠤᠭᠤᠶᠢᠯᠠᠩ ᠢ ᠪᠠᠶᠢᠭᠤᠯᠤᠨ | ᠠᠵᠢᠯ ᠳᠠᠭᠠᠨ ᠭᠠᠷᠮᠠᠭᠠᠢ 58 ᠺᠠᠳ᠋ᠷ ᠠᠵᠢᠯᠳᠠᠨ ᠢ ᠰᠤᠩᠭᠤᠨ ᠲᠤᠬᠢᠷᠠᠭᠤᠯᠤᠭᠰᠠᠨ ᠪᠠ ᠭᠤᠤᠯ ᠰᠡᠳᠤᠪᠳᠤ ᠬᠦᠮᠦᠵᠢᠯ ᠤᠨ ︽ᠠᠵᠢᠯ ᠤᠨ ᠲᠣᠬᠢᠷᠠᠭᠤᠯᠤᠯᠲᠠ︾ | ᠪᠠ ︽ᠠᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠵᠤ᠂ ︽ᠴᠠᠭ ᠤᠨ ᠬᠦᠰᠦᠨᠦᠭᠲᠦ︾ ᠪᠠ ︽ᠪᠦᠬᠦ ᠶᠠᠪᠤᠴᠨ ᠶᠢᠨ ᠵᠢᠷᠤᠠᠠᠯᠠᠯ︾ ᠢ | ᠲᠣᠳᠣᠷᠬᠠᠶᠢᠯᠠᠵᠤ᠂ ᠭᠤᠤᠯ ᠰᠡᠳᠤᠪᠳᠤ ᠬᠦᠮᠦᠵᠢᠯ ᠤᠨ ᠡᠮᠬᠢ ᠵᠢᠷᠤᠮ ᠲᠠᠢ ᠶᠠᠪᠤᠭᠳᠠᠵᠤ᠂ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠶᠢ ᠪᠠᠲᠤᠯᠠᠪᠠ᠃ ︽ | ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠶᠢ ᠴᠠᠭ ᠲᠤᠬᠠᠶ ᠳᠤᠨᠢ ᠳ᠋ᠦᠩᠨᠠᠨ ︽ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠳᠤ ᠦᠷᠨᠢᠯᠳᠡ ᠭᠠᠷᠭᠠᠵᠤ᠂ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠲᠤᠭᠤᠶᠢᠯᠠᠩ ᠤᠨ ᠰᠤᠷᠤᠯᠴᠠᠯᠭ᠎ᠠ᠂ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠪᠠᠷ ᠲᠠᠮᠵᠢᠭᠤᠯᠤᠨ᠂ ᠰᠤᠷᠤᠯᠴᠠᠯᠭ᠎ᠠ ᠶᠢᠨ ᠬᠦᠴᠦᠷᠬᠡᠭ ᠤᠯᠤᠰ | ᠂ ᠤᠮᠠᠷᠠᠲᠤ ᠬᠢᠯᠢ ᠶᠢᠨ ᠬᠤᠰᠢᠭᠤᠴᠢ ᠵᠡᠷᠭᠡ ᠪᠠᠷ ᠠᠴᠢᠶᠠᠯᠠᠪᠤᠷᠢ ᠪᠤᠯᠭᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠤᠷᠢᠳᠠᠪᠠᠷ ᠰᠤᠷᠤᠯᠴᠠᠵᠤ | ᠬᠦᠨᠵᠡᠭᠡᠢ ᠡᠵᠡᠮᠰᠢᠬᠦ ᠶᠢ ᠪᠠᠳᠤᠯᠠᠭᠰᠠᠨ ᠪᠠᠶᠢᠨ᠎ᠠ᠃ ︽ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠠᠩᠭᠢ ᠶᠢᠨ ᠰᠤᠷᠤᠯᠴᠠᠬᠤ ᠮᠠᠲ᠋ᠧᠷᠢᠶᠠᠯ ᠤᠨ | ᠡᠮᠬᠢᠳᠭᠡᠯ︾ ᠢ ᠨᠠᠶᠢᠷᠠᠭᠤᠯᠤᠨ ᠬᠡᠪᠯᠡᠭᠦᠯᠵᠦ᠂ ᠪᠦᠬᠦ ᠬᠤᠰᠢᠭᠤᠨ ᠤ ᠰᠢᠶᠠᠨ ᠤ ᠲᠡᠰ ᠤᠨ ᠤᠳᠤᠷᠢᠳᠤᠯᠭ᠎ᠠ ᠶᠢᠨ ᠭᠤᠣᠯ ᠰᠡᠳᠦᠪᠲᠦ ᠬᠥᠮᠦᠵᠢᠯ ᠤᠨ ᠬᠠᠮᠳᠤ | ᠶᠢᠨ ᠰᠤᠷᠤᠯᠴᠠᠯᠭ᠎ᠠ ᠶᠢ 5 ᠬᠤᠭᠤᠴᠠᠭ᠎ᠠ ᠡᠷᠬᠢᠯᠡᠵᠦ᠂ ᠤᠯᠤᠰ ᠤᠨ ᠳᠣᠲᠣᠭᠠᠳᠤ ᠶᠢᠨ 7 ᠨᠠᠷ᠎ᠡ ᠬᠦᠨᠳᠤᠳᠤ ᠲᠤᠰᠬᠠᠢ ᠮᠡᠷᠭᠡᠵᠢᠯᠲᠡᠨ ᠫᠷᠤᠹᠧᠰᠰᠤᠷ ᠵᠢᠴᠢ | ᠪᠠᠭᠰᠢᠨᠠᠷ ᠢ ᠤᠷᠢᠵᠤ 7 ᠤᠳᠠᠭᠠᠨ ᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠳᠠ 204 ᠤᠳᠠᠭ᠎ᠠ ᠭᠤᠤᠯ ᠲᠤᠭᠤᠶᠢᠯᠠᠩ ᠤᠨ ᠰᠤᠷᠤᠯᠴᠠᠯᠭ᠎ᠠ ᠦᠷᠨᠢᠬᠦᠯᠦᠨ᠂ 501 ᠤᠳᠠᠭ᠎ᠠ ᠰᠤᠷᠤᠯᠴᠠᠯᠭ᠎ᠠ ᠶᠢᠨ ᠠᠩᠭᠢ ᠡᠷᠬᠢᠯᠡᠵᠦ᠂ | ᠰᠤᠳᠤᠯᠤᠨ ᠶᠠᠷᠢᠯᠴᠠᠬᠤ ᠬᠤᠷᠠᠯ ᠢ 509 ᠤᠳᠠᠭ᠎ᠠ ᠬᠤᠷᠠᠯᠳᠤᠭᠤᠯᠤᠨ᠂ 410 ᠤᠳᠠᠭ᠎ᠠ ᠵᠢᠯᠤᠭᠤᠳᠤᠮᠵᠢ ᠲᠠᠶᠢᠯᠤᠮᠵᠢ ᠬᠢᠯᠭᠡᠨ᠂ 9700 ᠭᠠᠷᠤᠢ ᠬᠥᠮᠦᠨ | ᠣᠷᠣᠯᠴᠠᠪᠠ᠃ ᠤᠷᠢᠳ ᠬᠤᠵᠢᠳ ᠪᠦᠬᠦ ᠬᠤᠰᠢᠭᠤᠨ ᠤ ᠭᠡᠪᠴᠢᠶᠡᠨ ᠳᠠᠬᠢ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠮᠡᠳᠡᠯᠭᠡ ᠶᠢᠨ ᠤᠷᠤᠯᠳᠤᠭᠠᠨ ᠪᠠ ᠤᠷᠴᠢᠭᠤᠯᠭ᠎ᠠ ᠶᠢᠨ ᠤᠷᠤᠯᠳᠤᠭᠠᠨ᠂ ᠰᠦᠯᠵᠢᠶᠡᠨ ᠲᠡᠭᠡᠷᠡᠭᠢ ᠱᠠᠩᠨᠠᠯᠳᠤ | ᠤᠷᠤᠯᠳᠤᠭᠠᠨ ᠢ ᠵᠤᠬᠢᠶᠠᠨ ᠪᠠᠶᠢᠭᠤᠯᠤᠨ ᠱᠠᠩᠨᠠᠨ ᠬᠦᠬᠢᠭᠦᠯᠦᠭᠰᠡᠨ ᠪᠠᠶᠢᠨ᠎ᠠ᠃ ᠭᠤᠤᠯ ᠰᠡᠳᠤᠪᠳᠤ ᠬᠦᠮᠦᠵᠢᠯ ᠡᠬᠢᠯᠡᠬᠦ ᠠᠴᠠ ᠪᠠᠨ ᠡᠮᠦᠨ᠎ᠡ ᠬᠤᠰᠢᠭᠤ | ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠦᠷᠦᠭᠦᠯᠡᠨ ᠦᠨᠳᠦᠰᠤᠨ ᠱᠠᠳᠤᠨ ᠳᠤ ᠬᠦᠷᠴᠤ ᠪᠠᠶᠢᠴᠠᠭᠠᠨ ᠰᠤᠳᠤᠯᠤᠯᠲᠠ ᠬᠢᠨ ᠠᠷᠠᠳ ᠤᠯᠠᠨ | ᠤ ᠰᠠᠨᠠᠯ ᠰᠠᠨᠠᠭᠤᠯᠭ᠎ᠠ ᠶᠢ ᠬᠦᠯᠢᠶᠡᠨ ᠰᠤᠨᠤᠰᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ 15 ᠲᠠᠯ᠎ᠠ ᠶᠢᠨ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠪᠦᠷᠢᠯᠳᠦᠬᠦᠯᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠯᠳᠠ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠬᠤ ᠵᠡᠷᠭᠡ ᠲᠠᠯ᠎ᠠ ᠪᠠᠷ ᠬᠢ | ᠬᠠᠷᠢᠭᠤ ᠲᠤᠰᠬᠠᠭᠰᠠᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠵᠥᠷᠢᠶ᠎ᠡ ᠪᠠ ᠠᠰᠠᠭᠤᠳᠠᠯ ᠢ ᠦᠨᠳᠦᠰᠤᠨ ᠠᠴᠠ ᠨᠢ ᠡᠷᠢᠬᠦ ᠶᠢᠨ | ᠬᠠᠮᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠤᠭᠳᠠᠭᠠᠨ᠂ ᠡᠯ᠎ᠡ ᠲᠠᠯ᠎ᠠ ᠶᠢᠨ ᠠᠵᠢᠯ ᠳᠤ ᠢᠯᠡᠳᠳᠡ ᠬᠤᠪᠢᠷᠠᠯᠲᠠ ᠭᠠᠷᠭᠠᠵᠤ᠂ ᠠᠷᠠᠳ ᠤᠯᠠᠨ ᠤ | ᠬᠠᠨᠤᠮᠵᠢ᠂ ᠬᠦᠷᠳᠡᠭᠡᠮᠵᠢ ᠶᠢᠨ ᠲᠦᠷᠦᠭᠳᠡᠯ ᠢ ᠶᠡᠭᠡᠪᠡᠷ ᠨᠡᠮᠡᠭᠳᠡᠭᠦᠯᠦᠭᠰᠡᠨ ᠪᠠᠶᠢᠨ᠎ᠠ᠃ ᠭᠤᠤᠯ ᠰᠡᠳᠤᠪᠳᠤ ᠬᠦᠮᠦᠵᠢᠯ ᠡᠬᠢᠯᠡᠭᠰᠡᠨ ᠤ ᠲᠠᠷᠠᠭ᠎ᠠ ᠬᠤᠰᠢᠭᠤ ᠨᠠᠮ | ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠵᠢᠴᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ | ᠵᠦᠪᠯᠡᠯᠭᠡᠨ ᠤ ᠭᠤᠤᠯ ᠤᠳᠤᠷᠢᠳᠤᠯᠭ᠎ᠠ ᠲᠦᠷᠦᠭᠦᠯᠡᠨ᠂ 28 ᠰᠠᠯᠠᠭ᠎ᠠ ᠮᠦᠴᠢᠷ ᠤᠨ ᠤᠳᠤᠷᠢᠳᠤᠯᠭ᠎ᠠ ᠬᠠᠮᠵᠢᠯᠴᠠᠨ᠂ ᠠᠮᠢ ᠠᠬᠤᠢ ᠶᠢᠨ ᠪᠤᠯᠪᠠᠰᠤᠨ ᠤ | ᠪᠠᠶᠢᠭᠠᠤᠯᠤᠯᠳᠠ᠂ ᠬᠤᠪᠢᠰᠬᠠᠯᠳᠤ ᠰᠤᠶᠤᠯ ᠢ ᠤᠯᠠᠮᠵᠢᠯᠠᠨ ᠬᠦᠭᠵᠢᠬᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ 9 ᠲᠠᠯ᠎ᠠ ᠶᠢᠨ ᠰᠡᠳᠤᠪ ᠢᠶᠠᠷ | ᠪᠠᠶᠢᠴᠠᠭᠠᠨ ᠰᠤᠳᠤᠯᠤᠯᠳᠠ ᠦᠷᠨᠢᠭᠦᠯᠦᠭᠰᠡᠨ ᠪᠠᠶᠢᠨ᠎ᠠ᠃ | | | | | | | ᠤᠶᠤᠨ ᠰᠠᠨᠠᠭᠠᠨ ᠤ ᠺᠠᠯᠼ ᠢ ᠨᠦᠬᠦᠨ᠂ ᠰᠢᠨᠡᠴᠢᠯᠡᠬᠦ ᠳᠡᠭᠡᠷ᠎ᠡ ᠬᠦᠴᠦ ᠲᠠᠯᠪᠢᠪᠠ᠃ ᠰᠤᠷᠤᠯᠴᠠᠬᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ | ᠰᠢᠨᠡᠴᠢᠯᠡᠨ᠂ ᠭᠤᠤᠯ ᠰᠡᠳᠦᠪᠲᠦ ᠬᠥᠮᠦᠵᠢᠯ ᠤᠨ ᠪᠤᠳᠠᠳᠠᠢ ᠦᠷᠨᠢᠬᠦ ᠶᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠤᠰᠢᠨ ᠨᠤᠲᠤᠭ ᠲᠤ ᠴᠡᠴᠡᠭᠯᠡᠨ ᠲᠡᠯᠭᠡᠷᠡᠭᠦᠯᠦᠭᠰᠡᠨ ᠪᠠᠶᠢᠨ᠎ᠠ᠃ ᠦᠤᠰᠢᠨᠵᠤᠤ ᠪᠠᠯᠭᠠᠰᠤᠨ ᠤ ︽ | ᠮᠠᠯᠵᠢᠬᠤ ᠳ᠋ᠠᠵᠠᠶ ᠶᠢᠨ ᠮᠦᠽᠧᠶ︾ ᠨᠢ ᠣᠷᠳᠣᠰ ᠬᠤᠲᠠ᠂ ᠦᠤᠰᠢᠨ ᠬᠤᠰᠢᠭᠤᠨ ᠤ ᠨᠠᠮ ᠤᠨ ᠭᠡᠰᠢᠭᠦᠳ ᠤᠨ ᠰᠤᠷᠭᠠᠨ ᠬᠥᠮᠦᠵᠢᠯ ᠤᠨ ᠲᠤᠬᠠᠶ ᠶᠢᠨ | ᠲᠠᠯᠠᠪᠠᠢ ᠶᠢᠨ ᠵᠢᠭᠠᠨ ᠰᠤᠷᠭᠠᠯᠲᠠ ᠶᠢᠨ ᠴᠡᠭ ᠪᠠ ᠦᠤᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡ ᠶᠢᠨ | ᠴᠡᠭ ᠢᠶᠠᠷ ᠲᠣᠭᠲᠠᠭᠠᠭᠳᠠᠵᠤ᠂ ᠵᠢᠯ ᠪᠦᠷᠢ 10000 ᠢᠯᠡᠭᠦᠤ ᠬᠥᠮᠦᠨ ᠢ ᠬᠦᠯᠢᠶᠡᠨ ᠠᠪᠤᠪᠠ᠃ ᠤᠶᠢᠵᠢᠭᠤᠯᠤᠯᠳᠠ ᠶᠢᠨ ᠵᠢᠱᠢᠶᠡᠴᠢ ᠪᠤᠷᠤᠯᠳᠠᠢ ᠲᠠᠢ ᠬᠠᠮᠲᠤ | ᠤᠶᠢᠵᠢᠭᠤᠯᠵᠤ ᠪᠠᠶᠢᠭᠰᠠᠨ ᠪᠠᠶᠠᠨᠲᠣᠯᠣᠭᠠᠶ ᠭᠠᠴᠠᠭᠠᠨ ᠤ 82 ᠨᠠᠰᠤᠲᠠᠶ ᠠᠬᠠᠮᠠᠳ ᠨᠠᠮ ᠤᠨ ᠭᠡᠰᠢᠭᠦᠨ᠂ ᠬᠦᠳᠡᠯᠮᠦᠷᠢ ᠶᠢᠨ ᠵᠢᠱᠢᠶᠡᠴᠢ ᠰᠡᠴᠡᠠᠭᠡᠷᠡᠯ ᠨᠠᠰᠤᠳᠠᠨ | ᠨᠠᠮ ᠤᠨ ᠭᠡᠰᠢᠭᠦᠳ ᠲᠤ ︽ᠮᠠᠨ ᠤ ᠡᠨᠡ ᠨᠢᠭᠡ ᠦᠶ᠎ᠡ ᠶᠢᠨ ᠬᠦᠮᠦᠰ ᠤᠨ ᠨᠣᠮᠢᠨ ᠨᠣᠭᠤᠭᠠᠨ ᠬᠦᠰᠡᠯᠡᠩ︾ ᠭᠡᠬᠦ ᠰᠡᠳᠦᠪ ᠢᠶᠠᠷ ᠠᠬᠠᠮᠠᠳ ᠨᠢᠭᠡ ᠦᠶ᠎ᠡ ᠶᠢᠨ | ᠬᠦᠮᠦᠰ ᠤᠨ ᠰᠢᠷᠭᠠᠭᠤ ᠬᠠᠲᠠᠭᠤᠵᠢᠯᠲᠠᠶ ᠲᠡᠮᠡᠴᠡᠵᠦ᠂ ᠡᠷᠡᠮᠡᠬᠡᠶᠢᠯᠡᠨ ᠠᠵᠢᠯᠯᠠᠵᠤ ᠪᠠᠶᠢᠭᠰᠠᠨ ᠦᠯᠢᠭᠡᠷ ᠲᠡᠤᠭᠡ ᠪᠠᠨ ᠶᠠᠷᠢᠵᠤ ᠪᠠᠶᠢᠭᠰᠠᠨ ᠪᠣᠯ᠂ | ᠤᠯᠠᠭᠠᠨᠳᠤᠯᠤᠭᠠᠢ ᠪᠠᠯᠭᠠᠰᠤᠨ ᠤ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠭᠠᠵᠠᠷ ᠪᠤᠯᠬᠤ ︽ᠠᠬᠠᠮᠠᠳ ᠲᠣᠰᠬᠤᠨ ᠤ ᠳᠠᠷᠤᠭ᠎ᠠ ᠶᠢᠨ ᠦᠯᠢᠭᠡᠷ ᠤᠨ ᠰᠠᠩ | ︾ ᠢ ᠬᠠᠷᠢᠭᠤᠴᠠᠵᠤ ᠪᠠᠶᠢᠭ᠎ᠠ ᠠᠬᠠᠮᠠᠳ ᠲᠣᠰᠬᠤᠨ ᠤ ᠳᠠᠷᠤᠭ᠎ᠠ ᠸᠠᠩ ᠸᠧᠨ ᠰᠢᠤ ᠠᠴᠠ ᠲᠤᠬᠠᠢ ᠶᠢᠨ ᠦᠶ᠎ᠡ ᠶᠢᠨ ︽ᠬᠦᠴᠢᠷ ᠵᠣᠪᠠᠯᠠᠩ︾ ᠢ ᠪᠡᠶᠡᠴᠢᠯᠡᠨ | ᠤᠶᠢᠯᠠᠭᠠᠭᠤᠯᠬᠤ ᠪᠠᠷ ᠭᠤᠤᠯ ᠰᠢᠵᠢᠮ ᠪᠣᠯᠭᠠᠵᠤ᠂ ᠦᠯᠢᠭᠡᠷ ᠲᠡᠤᠭᠡ ᠶᠠᠷᠢᠬᠤ᠂ ᠬᠤᠪᠢᠰᠬᠠᠯ ᠤᠨ ᠲᠠᠭᠤᠤ ᠳᠠᠭᠤᠯᠠᠬᠤ᠂ ᠬᠥᠳᠡᠯᠮᠦᠷᠢ ᠶᠢ ᠪᠡᠶᠡᠴᠢᠯᠡᠨ | ᠤᠶᠢᠯᠠᠭᠠᠭᠤᠯᠬᠤ ᠵᠡᠷᠭᠡ ᠠᠷᠭ᠎ᠠ ᠬᠡᠯᠪᠡᠷᠢ ᠪᠠᠷ ᠠᠬᠠᠮᠠᠳ᠂ ᠢᠳᠡᠷ᠂ ᠵᠠᠯᠠᠭᠤ ᠪᠠᠭᠠᠴᠤᠳ ᠲᠦᠷᠪᠡᠨ ᠦᠶ᠎ᠡ ᠶᠢᠨ ᠬᠥᠮᠦᠰ ᠲᠤ ᠥᠩᠭᠡᠷᠡᠭᠰᠡᠨ ᠤ ᠬᠦᠴᠢᠷ | ᠪᠡᠷᠬᠡᠰᠢᠶᠡᠯ ᠢ ᠪᠡᠶᠡᠴᠢᠯᠡᠨ ᠤᠶᠢᠯᠠᠭᠠᠭᠤᠯᠵᠤ᠂ ᠨᠢᠳᠦᠨ ᠡᠮᠦᠨᠡᠬᠢ ᠵᠣᠯ ᠵᠢᠷᠭᠠᠯ ᠢᠶᠠᠨ ᠨᠠᠨᠳᠢᠩᠨᠠᠬᠤ᠂ ᠢᠷᠡᠭᠡᠳᠦᠶ ᠶᠢᠨ ᠰᠠᠶᠢᠨ ᠰᠠᠶᠢᠬᠠᠨ ᠢ ᠬᠦᠰᠡᠨ | ᠮᠥᠷᠥᠭᠡᠳᠬᠦ ᠶᠢ ᠬᠥᠲᠥᠯᠥᠨ ᠵᠢᠯᠤᠭᠤᠳᠴᠤ ᠪᠠᠶᠢᠪᠠ᠃ ᠰᠢᠷᠬᠤᠰᠤᠨ ᠪᠠᠯᠭᠠᠰᠤ ᠨᠢ ᠣᠷᠳᠣᠰ ᠤᠨ ᠠᠩᠬᠠᠳᠠᠭᠴᠢ ᠨᠠᠮ ᠤᠨ ᠲᠤᠭᠤᠶᠢᠯᠠᠩ ᠤᠨ ᠬᠠᠭᠤᠴᠢᠨ | ᠪᠠᠭᠤᠷᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠬᠤᠷᠢᠶ᠎ᠠ ᠶᠢᠨ ᠠᠯᠪᠠᠯᠠᠬᠤ ᠲᠣᠭᠤᠷᠢᠭ ᠤᠨ ᠬᠠᠭᠤᠴᠢᠨ ᠪᠠᠭᠤᠷᠢ᠂ | ᠡᠷᠦᠬᠡ ᠶᠢᠨ ᠴᠡᠷᠢᠭ ᠤᠨ ᠪᠠᠶᠢᠴᠠᠭᠠᠬᠤ ᠥᠷᠲᠡᠭᠡ ᠶᠢᠨ ᠬᠠᠭᠤᠴᠢᠨ ᠪᠠᠭᠤᠷᠢ ᠵᠡᠷᠭᠡ ᠨᠢᠭᠡ ᠪᠦᠯᠦᠭ ︽ᠬᠤᠪᠢᠰᠬᠠᠯ ᠤᠨ ᠨᠡᠷ᠎ᠡ ᠶᠢᠨ ᠬᠠᠭᠤᠳᠠᠰᠤ︾ ᠪᠠᠷ | ᠠᠴᠢᠶᠠᠯᠠᠪᠤᠷᠢ ᠪᠣᠯᠭᠠᠵᠤ᠂ ᠬᠤᠰᠢᠭᠤᠨ ᠤ ᠭᠠᠳᠠᠨ᠎ᠠ ᠲᠤᠳᠤᠷᠠᠬᠢ ᠰᠤᠷᠤᠯᠴᠠᠬᠤ ᠪᠦᠯᠬᠦᠮ ᠢ ᠨᠡᠶᠢᠲᠡ 34 ᠤᠳᠠᠭ᠎ᠠ 1056 ᠭᠠᠷᠤᠢ ᠬᠦᠮᠦᠨ ᠢ ᠬᠦᠯᠢᠶᠡᠨ | ᠠᠪᠴᠤ ᠬᠤᠪᠢᠰᠬᠠᠯ ᠤᠨ ᠭᠤᠤᠯ ᠰᠡᠳᠦᠪᠲᠦ ᠬᠥᠮᠦᠵᠢᠯ ᠬᠢᠭᠰᠡᠨ ᠪᠠᠶᠢᠨ᠎ᠠ᠃ ᠰᠦᠯᠳᠠ ᠰᠤᠮᠤ ᠨᠢ ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ᠶᠢ | ᠵᠣᠬᠢᠶᠠᠨ ᠪᠠᠶᠢᠭᠤᠯᠵᠤ᠂ ᠦᠳᠡᠰᠢ ᠶᠢᠨ ᠰᠡᠯᠡᠭᠦᠤ ᠴᠠᠭ ᠢᠶᠠᠨ ᠠᠰᠢᠭᠯᠠᠨ ︽ᠬᠠᠨᠵᠤᠨ ᠲᠡᠭᠡᠷᠡᠭᠢ ᠬᠠᠯᠠᠭᠤᠨ ᠶᠠᠷᠢᠯᠴᠠᠭ᠎ᠠ︾ ᠪᠠᠷ ᠲᠠᠮᠵᠢᠨ ᠮᠠᠯᠴᠢᠨ | ᠲᠠᠷᠢᠶᠠᠴᠢᠨ ᠨᠠᠮ ᠤᠨ ᠭᠡᠰᠢᠭᠦᠳ ᠲᠤ ᠤᠨᠤᠯ ᠤᠨ ᠰᠤᠷᠤᠯᠴᠠᠯᠭ᠎ᠠ ᠶᠢ ᠦᠷᠨᠢᠭᠦᠯᠦᠨ᠂ ᠦᠭᠡ ᠰᠡᠳᠬᠢᠯ ᠢᠶᠠᠨ ᠤᠯᠤᠯᠴᠠᠨ ᠮᠠᠯᠴᠢᠨ ᠲᠦᠮᠡᠨ ᠤ ᠪᠣᠳᠠᠲᠠᠶ | ᠠᠰᠠᠭᠤᠳᠠᠯ ᠢ ᠰᠢᠢᠳᠪᠦᠷᠢᠯᠡᠵᠤ᠂ ᠭᠤᠤᠯ ᠰᠡᠳᠦᠪᠲᠦ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃ ᠰᠢᠷᠬᠤᠰᠤᠨ ᠪᠠᠯᠭᠠᠰᠤ ᠭᠡᠷ ᠤᠨ | ᠡᠭᠦᠳᠡᠨ ᠳᠠᠬᠢ ︽ᠬᠤᠪᠢᠰᠬᠠᠯ ᠤᠨ ᠤᠬᠠᠭᠤᠯᠤᠨ ᠲᠠᠶᠢᠯᠪᠤᠷᠢᠯᠠᠬᠤ ᠠᠩᠭᠢ︾ ᠶᠢ ᠵᠣᠬᠢᠶᠠᠨ ᠪᠠᠶᠢᠭᠤᠯᠵᠤ᠂ 15 ᠲᠣᠰᠬᠤᠨ ︵ᠨᠡᠶᠢᠭᠡᠮ ᠲᠣᠭᠤᠷᠢᠭ︶ ᠤ | ᠨᠠᠮ ᠤᠨ ᠡᠭᠦᠷ ᠲᠤ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠦᠨ᠂ ᠨᠠᠮ ᠤᠨ ᠲᠦᠷᠤ ᠶᠢᠨ ᠪᠤᠳᠤᠯᠭ᠎ᠠ ᠶᠢᠨ ᠭᠤᠤᠯ ᠰᠡᠳᠦᠪ ᠢ ᠣᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ︽ᠶᠡᠭᠡ ᠶᠣᠰᠣ ᠤᠴᠢᠷ︾ ᠢ ︽ᠭᠡᠷ ᠤᠨ ᠵᠣᠭᠤᠭ︾ ᠪᠣᠯᠭᠠᠨ ᠬᠤᠪᠢᠷᠠᠭᠤᠯᠵᠤ᠂ | ᠲᠥᠷᠦ ᠶᠢᠨ ᠪᠣᠳᠣᠯᠭ᠎ᠠ ᠶᠠᠷᠢᠬᠤ᠂ ᠵᠣᠭᠤᠭ ᠳᠡᠯᠭᠡᠬᠦ᠂ ᠤᠯᠠᠨ ᠲᠦᠮᠡᠨ ᠤ ᠰᠠᠨᠠᠯ ᠰᠠᠨᠠᠭᠤᠯᠤᠮᠵᠢ ᠶᠢ ᠰᠣᠨᠣᠰᠬᠤ᠂ ᠬᠤᠪᠢᠰᠬᠠᠯᠳᠤ ᠲᠡᠤᠭᠡ ᠶᠢ ᠤᠶᠢᠯᠠᠭᠠᠬᠤ | ᠪᠠᠷ ᠲᠠᠮᠵᠢᠭᠤᠯᠤᠨ᠂ ᠤᠬᠠᠭᠤᠯᠭ᠎ᠠ ᠬᠦᠮᠦᠵᠢᠯ ᠢ ᠨᠡᠩ ᠪᠤᠳᠠᠳᠠᠶᠢᠵᠢᠭᠤᠯᠪᠠ᠃ ᠲᠤᠭ ᠪᠠᠯᠭᠠᠰᠤ ᠨᠢ ᠪᠠᠯᠭᠠᠰᠤᠨ ᠤ ᠪᠤᠳᠠᠳᠤ ᠪᠠᠶᠢᠳᠠᠯ ᠠᠴᠠ ᠡᠭᠦᠰᠦᠨ ᠣᠷᠣᠨ | ᠨᠤᠲᠤᠭ ᠤᠨ ᠠᠵᠤ ᠠᠬᠤᠶᠢᠯᠠᠯ ᠲᠠᠢ ᠬᠠᠮᠲᠤᠷᠠᠨ ᠲᠤᠰᠬᠠᠶ ᠰᠡᠳᠦᠪᠲᠦ ᠲᠠᠶᠢᠯᠤᠮᠵᠢ ᠬᠢᠯᠭᠡᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠤᠷᠢᠵᠤ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠬᠤ ᠪᠠ ᠠᠵᠤ ᠠᠬᠤᠶᠢᠯᠠᠯ ᠤᠨ ᠬᠦᠴᠢᠷ | ᠠᠰᠠᠭᠤᠳᠠᠯ ᠢ ᠬᠠᠪᠰᠤᠷᠤᠨ ᠵᠤᠬᠢᠴᠠᠭᠤᠯᠵᠤ ᠰᠢᠢᠳᠪᠦᠷᠢᠯᠡᠬᠦ ᠪᠠᠷ ᠲᠠᠮᠵᠢᠨ᠂ ᠣᠷᠣᠨ ᠨᠤᠲᠤᠭ ᠠᠵᠤ ᠠᠬᠤᠶᠢᠯᠠᠯ ᠬᠠᠮᠲᠤᠷᠠᠨ ᠪᠠᠶᠢᠭᠤᠯᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠪᠦᠷᠢᠯᠳᠦᠭᠦᠯᠪᠡ᠃ ᠭᠤᠤᠯ ᠰᠡᠳᠤᠪᠳᠤ ᠬᠦᠮᠦᠵᠢᠯ ᠤᠨ ᠠᠯᠪᠠᠨ ᠭᠡᠷ ᠨᠢ ᠰᠢᠨ᠎ᠡ ᠵᠠᠭᠤᠴᠢᠯᠠᠭᠤᠷ ᠤᠨ ᠳᠥᠭᠦᠮ ᠳᠥᠲᠡ ᠵᠡᠷᠭᠡ | ᠳᠠᠪᠠᠭᠤᠯᠢᠭ ᠢ ᠠᠰᠢᠭᠯᠠᠨ ᠮᠣᠩᠭᠤᠯ ᠬᠢᠲᠠᠳ ᠬᠡᠯᠡᠨ ᠤ ᠰᠤᠷᠤᠯᠴᠠᠬᠤ ᠮᠠᠲ᠋ᠧᠷᠢᠶᠠᠯ ᠢ ᠡᠯᠧᠺᠲᠷᠣᠨ ᠨᠤᠮ ᠪᠤᠯᠭᠠᠨ ᠦᠢᠯᠡᠳᠴᠤ᠂ ᠪᠦᠬᠦ ᠬᠤᠰᠢᠭᠤᠨ ᠤ | 8360 ᠨᠡᠷᠡᠰ ᠨᠠᠮ ᠤᠨ ᠭᠡᠰᠢᠭᠦᠨ ᠺᠠᠳ᠋ᠷ ᠲᠤ ᠳᠥᠭᠦᠮ ᠳᠥᠲᠡ᠂ ᠪᠦᠲᠦᠮᠵᠢᠲᠡᠶ ᠦᠢᠯᠡᠴᠢᠯᠡᠭᠡ ᠬᠠᠩᠭᠠᠬᠤ ᠶᠢᠨ ᠬᠠᠮᠲᠤ᠂ ᠨᠠᠮ ᠤᠨ ᠭᠡᠰᠢᠭᠦᠨ ᠺᠠᠳ᠋ᠷ ᠤᠨ | ᠬᠢᠴᠢᠶᠡᠯᠯᠡᠬᠦ ᠠᠷᠭ᠎ᠠ ᠬᠡᠯᠪᠡᠷᠢ ᠶᠢ ᠥᠷᠭᠡᠳᠬᠡᠵᠦ᠂ ︽ᠪᠢᠴᠢᠯ ᠨᠠᠮ ᠤᠨ ᠬᠢᠴᠢᠶᠡᠯ︾ ᠵᠡᠷᠭᠡ 65 ᠫᠷᠤᠭ᠍ᠷᠠᠮ ᠢ ᠦᠢᠯᠡᠳᠴᠤ᠂ ᠠᠷᠠᠳ ᠤᠯᠠᠨ ᠤ ᠲᠥᠯᠥᠭᠡ | ᠪᠡᠶ᠎ᠡ ᠪᠠᠷ ᠢᠶᠠᠨ ᠵᠢᠳᠬᠦᠬᠦ ᠠᠷᠭ᠎ᠠ ᠪᠠ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃ ᠬᠤᠰᠢᠭᠤ ᠤᠯᠠᠭᠠᠨᠮᠥ᠋ᠴᠢᠷ ᠨᠢ ︽ᠤᠯᠠᠭᠠᠨᠮᠥ᠋ᠴᠢᠷ + ᠭᠤᠤᠯ ᠰᠡᠳᠦᠪᠲᠦ | ᠬᠥᠮᠦᠵᠢᠯ︾ ᠢᠶᠠᠷ ᠭᠤᠤᠯ ᠰᠡᠳᠦᠪ ᠪᠣᠯᠭᠠᠵᠤ᠂ ᠡᠯ᠎ᠡ ᠰᠤᠮᠤ ᠪᠠᠯᠭᠠᠰᠤ ᠭᠠᠴᠠᠭ᠎ᠠ ᠲᠤᠰᠬᠤᠨ ᠢᠶᠠᠷ ᠬᠦᠷᠴᠤ ᠮᠠᠯᠴᠢᠨ ᠲᠠᠷᠢᠶᠠᠴᠢᠳ ᠤᠨ ᠦᠵᠡᠵᠦ ᠰᠣᠨᠢᠷᠬᠠᠬᠤ | ᠳᠤᠷᠠᠲᠠᠶ ᠲᠠᠭᠤᠤ ᠪᠦᠵᠢᠭ ᠵᠡᠷᠭᠡ ᠲᠣᠭᠯᠠᠯᠲᠠ ᠶᠢᠨ ᠬᠡᠯᠪᠡᠷᠢ ᠪᠠᠷ ᠨᠠᠮ ᠤᠨ ᠳᠠᠭᠤᠨ ᠪᠣᠯᠤᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠦᠴᠦᠷᠬᠡᠭ ᠶᠡᠭᠡ | ᠢᠳᠡᠪᠬᠢ ᠬᠦᠴᠦᠨ ᠢ ᠨᠢᠠᠠᠳᠠᠷᠠᠭᠤᠯᠤᠨ ᠤᠬᠢ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠪᠡ᠃ ᠤᠳᠤᠬᠠᠨ ᠪᠤᠯᠳᠠᠯ᠎ᠠ ᠨᠠᠶᠢᠳᠠ 8 ᠤᠳᠠᠭ᠎ᠠ ᠲᠤᠭᠤᠷᠢᠨ | ᠲᠤᠭᠯᠠᠯᠳᠠ ᠭᠠᠷᠭᠠᠭᠰᠠᠨ ᠪᠠᠶᠢᠨ᠎ᠠ᠃ | | | | | | | ᠲᠤᠪᠤᠶᠢᠮ᠎ᠠ ᠠᠰᠠᠭᠤᠳᠠᠯ ᠢ ᠡᠷᠢᠵᠦ᠂ ᠪᠤᠳᠠᠳᠤ ᠠᠰᠠᠭᠤᠳᠠᠯ ᠢ ᠰᠢᠢᠳᠪᠤᠷᠢᠯᠡᠬᠦ ᠳᠡᠭᠡᠷ᠎ᠡ ᠬᠦᠴᠦ ᠲᠠᠯᠪᠢᠪᠠ᠃ ᠦᠪᠡᠷᠳᠡᠭᠡᠨ ᠵᠠᠰᠠᠬᠤ ᠤᠷᠤᠨ᠂ ᠬᠤᠲᠠ | ᠶᠢᠨ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠰᠤᠯᠠ ᠲᠤᠷᠤᠢ ᠪᠠᠶᠢᠳᠠᠯ ᠢ ᠲᠦᠪᠯᠡᠷᠡᠬᠦᠯᠦᠨ ᠴᠡᠭᠴᠡᠯᠡᠬᠦ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢᠨ ᠲᠤᠰᠠᠳᠠ 32 ᠰᠢᠶᠠᠨ ᠤ ᠲᠡᠰ ᠤᠨ ᠤᠳᠤᠷᠢᠳᠤᠯᠭ᠎ᠠ 61 ᠭᠠᠴᠠᠭ᠎ᠠ ᠲᠤᠰᠬᠤᠨ᠂ 406 | ᠠᠶᠢᠯ ᠡᠷᠦᠬᠡ ᠳᠤ ᠬᠦᠷᠴᠦ ᠰᠠᠭᠤᠳᠠᠯ ᠤᠨ ᠬᠤᠷᠠᠯ ᠬᠤᠷᠠᠯᠳᠤᠭᠤᠯᠤᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠦᠨᠳᠦᠰᠦᠨ ᠱᠠᠲᠤᠨ ᠤᠨ ᠨᠠᠮ ᠤᠨ 3 | ᠰᠤᠯᠠ ᠲᠤᠷᠤᠢ ᠵᠤᠬᠢᠶᠠᠨ ᠪᠠᠶᠢᠭᠤᠯᠤᠯᠲᠠ ᠶᠢ ᠲᠦᠪᠯᠡᠷᠡᠬᠦᠯᠦᠨ ᠴᠡᠭᠴᠡᠯᠡᠪᠡ᠃ ᠤᠯᠠᠭᠠᠨᠳᠤᠯᠤᠭᠠᠢ ᠪᠠᠯᠭᠠᠰᠤ ᠪᠠᠶᠢᠴᠠᠭᠠᠨ ᠰᠤᠳᠤᠯᠤᠯᠲᠠ ᠪᠠᠷ ᠲᠠᠮᠵᠢᠨ ᠬᠡᠰᠡᠭ | ᠲᠤᠯᠠᠭᠠᠴᠠᠭᠤᠯᠬᠤ ᠬᠤᠭᠤᠯᠠᠶ ᠶᠢᠨ ᠨᠡᠭᠡᠯᠡᠯᠭᠡ ᠡᠪᠳᠡᠷᠡᠭᠰᠡᠨ ᠠᠴᠠ ᠪᠣᠯᠵᠤ ᠬᠤᠭᠤᠯᠠᠶ ᠳᠠᠷᠤᠯᠲᠠ ᠪᠠᠨ ᠠᠯᠳᠠᠵᠤ ᠰᠠᠭᠤᠭᠠᠯᠢ ᠠᠷᠠᠳ ᠤᠨ ᠭᠡᠷ ᠤᠨ ᠲᠤᠯᠠᠭᠠᠨ ᠢ | ᠨᠦᠯᠦᠭᠡᠯᠡᠵᠤ ᠪᠠᠶᠢᠭ᠎ᠠ ᠪᠠᠶᠢᠳᠠᠯ ᠢ ᠤᠯᠵᠤ ᠮᠡᠳᠡᠭᠰᠡᠨ ᠤ ᠳᠠᠷᠠᠭ᠎ᠠ᠂ ᠳᠤᠯᠠᠭᠠᠯᠠᠭ᠎ᠠ ᠬᠠᠩᠭᠠᠬᠤ ᠺᠣᠮᠫᠠᠨᠢ ᠶᠢ ᠵᠣᠬᠢᠴᠠᠭᠤᠯᠵᠤ ᠪᠠᠶᠢᠭᠠᠳ ᠲᠠᠷᠤᠶᠢᠬᠠᠨ ᠠᠰᠠᠭᠤᠳᠠᠯ | ᠢ ᠰᠢᠢᠳᠪᠦᠷᠢᠯᠡᠵᠤ᠂ ᠳᠤᠯᠠᠭᠠᠯᠠᠭ᠎ᠠ ᠶᠢ ᠦᠨᠡᠨᠬᠦ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠪᠣᠯᠭᠠᠪᠠ᠃ ᠬᠤᠰᠢᠭᠤ ᠠᠷᠠᠳ ᠤᠨ ᠵᠠᠰᠠᠭ ᠤᠨ ᠣᠷᠳᠣᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤᠨ ᠤ ᠬᠢᠷᠢ ᠲᠦᠪᠰᠢᠨ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠢ ᠠᠰᠠᠭᠤᠳᠠᠯ ᠳᠤ ᠴᠢᠭᠯᠡᠭᠦᠯᠦᠨ᠂ ᠪᠦᠬᠦ ᠬᠤᠰᠢᠭᠤᠨ ᠤ 8 ᠪᠦᠯᠦᠭ ᠣᠯᠠᠨ ᠨᠡᠶᠢᠲᠡ ᠶᠢᠨ ᠦᠢᠯᠡᠴᠢᠯᠡᠭᠡ ᠪᠠ ᠵᠠᠭᠠᠯᠳᠤᠯᠭ᠎ᠠ ᠶᠢᠨ ᠬᠠᠯᠠᠮᠰᠢᠯ | ᠤᠲᠠᠰᠤ ᠶᠢ ᠨᠢᠭᠡᠳᠬᠡᠵᠦ᠂ ︽771234︾ ᠭᠡᠬᠦ 24 ᠴᠠᠭ ᠤᠨ ᠬᠠᠯᠠᠮᠰᠢᠯ ᠤᠳᠠᠰᠤ ᠶᠢ ᠨᠡᠪᠲᠡᠷᠡᠭᠦᠯᠵᠦ᠂ ᠤᠳᠤᠬᠠᠨ ᠪᠤᠯᠳᠠᠯ᠎ᠠ 1988 ᠬᠠᠯᠠᠮᠰᠢᠯ | ᠤᠲᠠᠰᠤ ᠶᠢ ᠬᠦᠯᠢᠶᠡᠨ ᠠᠪᠴᠤ᠂ ᠬᠠᠨᠤᠮᠵᠢ ᠶᠢᠨ ᠭᠡᠮᠵᠢᠶ᠎ᠡ 99.5 % ᠶᠢ ᠲᠠᠪᠠᠪᠠ᠃ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠳᠤᠮᠳᠠ᠂ | ᠦᠤᠰᠢᠨ ᠬᠤᠰᠢᠭᠤ ᠨᠢ ᠪᠤᠳᠠᠳᠠᠢ ᠠᠴᠠ ᠡᠭᠦᠰᠦᠨ᠂ ᠲᠥᠷᠥᠯ ᠬᠤᠪᠢᠶᠠᠨ ᠵᠢᠭᠠᠨ ᠵᠢᠯᠣᠭᠤᠳᠬᠤ ᠶᠢ ᠳᠣᠪᠤᠶᠢᠯᠭᠠᠵᠤ᠂ ︽ᠰᠠᠨᠠᠯ ᠬᠤᠷᠢᠶᠠᠬᠤ︾᠂ ᠲᠤᠰᠬᠠᠶ | ᠤᠲᠠᠰᠤ ᠲᠣᠬᠢᠷᠠᠭᠤᠯᠬᠤ᠂ ᠡᠯᠧᠺᠲᠷᠣᠨ ᠰᠢᠤᠳᠠᠨ ᠤ ᠬᠠᠶᠢᠷᠴᠠᠭ ᠲᠣᠬᠢᠷᠠᠭᠤᠯᠬᠤ᠂ ᠣᠯᠠᠨ ᠲᠦᠮᠡᠨ ᠤ ᠵᠠᠬᠢᠳᠠᠯ ᠢ ᠬᠦᠯᠢᠶᠡᠨ ᠠᠪᠬᠤ᠂ ᠵᠠᠭᠤᠴᠢᠯᠠᠭᠤᠷ ᠤᠨ | ᠦᠭᠡ ᠦᠯᠡᠳᠡᠭᠡᠬᠦ ᠪᠤᠯᠤᠩ ᠪᠠ ᠸᠢᠴᠠᠲ ᠤᠨ ᠦᠭᠡ ᠦᠯᠡᠳᠡᠭᠡᠬᠦ ᠪᠤᠯᠤᠩ ᠵᠡᠷᠭᠡ ᠪᠠᠷ ᠲᠠᠮᠵᠢᠭᠤᠯᠤᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠦᠯᠢᠶᠡᠨ | ᠠᠪᠬᠤ ᠶᠢᠨ ᠲᠠᠭᠠᠤ ᠭᠤᠣᠯ ᠰᠡᠳᠦᠪᠲᠦ ᠬᠥᠮᠦᠵᠢᠯ ᠤᠨ ︽ᠠᠵᠢᠯ ᠤᠨ ᠲᠣᠬᠢᠷᠠᠭᠤᠯᠤᠯᠲᠠ︾ ︽ᠠᠰᠠᠭᠤᠳᠠᠯ ᠢ ᠪᠠᠶᠢᠴᠠᠭᠠᠨ ᠦᠵᠡᠬᠦ ᠨᠠᠷᠢᠨ ᠳᠠᠩᠰᠠ︾ ᠪᠠᠷ | ᠭᠠᠷᠲᠠᠴᠠ ᠪᠤᠯᠭᠠᠨ᠂ ᠦᠨᠳᠦᠰᠤᠨ ᠱᠠᠳᠤᠨ ᠳᠤ ᠬᠦᠨᠵᠡᠭᠡᠶᠢᠷᠡᠨ ᠰᠠᠶᠢᠨ ᠠᠷᠭ᠎ᠠ ᠪᠤᠳᠤᠯᠭ᠎ᠠ ᠰᠠᠨᠠᠯ ᠰᠠᠨᠠᠭᠤᠯᠭ᠎ᠠ ᠤᠳ ᠢ ᠲᠤᠷᠠᠳᠤᠨ᠂ ᠠᠵᠢᠯ ᠶᠠᠪᠤᠳᠠᠯ ᠤᠳ ᠢ | ᠰᠠᠭᠠᠳ ᠦᠭᠡᠢ ᠨᠡᠪᠳᠡᠷᠡᠭᠦᠯᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠳ ᠢ ᠪᠦᠳᠦᠭᠡᠨ᠂ ᠨᠢᠭᠡ ᠪᠦᠯᠦᠭ ᠰᠠᠶᠢᠨ ᠲᠤᠷᠰᠢᠯᠭ᠎ᠠ ᠰᠠᠶᠢᠨ | ᠨᠡᠶᠢᠲᠡᠯᠢᠭ ᠵᠢᠱᠢᠶ᠎ᠡ ᠶᠢ ᠢᠯᠡᠷᠡᠭᠦᠯᠪᠡ᠃ ᠡᠭᠦᠨ ᠳᠤ᠂ ᠡᠯ᠎ᠡ ᠱᠠᠲᠤᠨ ᠤ ᠤᠳᠤᠷᠢᠳᠬᠤ ᠺᠠᠳ᠋ᠷ 453 ᠬᠥᠮᠦᠨ ᠤᠳᠠᠭ᠎ᠠ ᠪᠠᠶᠢᠴᠠᠭᠠᠨ ᠰᠤᠳᠤᠯᠤᠯᠳᠠ ᠬᠢᠵᠤ᠂ | 114 ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃ | | | | | | | ᠦᠨᠡᠨᠬᠦ ᠴᠡᠭᠴᠡᠯᠡᠨ ᠰᠠᠶᠢᠵᠢᠷᠠᠭᠤᠯᠵᠤ᠂ ᠴᠢᠩᠭ᠎ᠠ ᠪᠠᠶᠢᠬᠤ ᠳᠡᠭᠡᠷ᠎ᠡ ᠬᠦᠴᠦ ᠲᠠᠯᠪᠢᠪᠠ᠃ ᠦᠤᠰᠢᠨᠵᠤᠤ ᠪᠠᠯᠭᠠᠰᠤᠨ ᠤ ᠬᠤᠷᠰᠢᠭᠰᠠᠨ ᠡᠮ ᠡᠮᠨᠡᠯᠭᠡ ᠶᠢᠨ | ᠠᠯᠪᠠᠨ ᠭᠡᠷ ᠤᠨ ᠬᠢᠨ ᠤᠯᠠᠨ ᠲᠦᠮᠡᠨ ᠳᠤ ᠲᠦᠭᠦᠮ ᠦᠵᠡᠭᠦᠯᠬᠦ ᠶᠢᠨ ᠲᠤᠰᠠᠳᠠ ᠰᠠᠨᠠᠭᠠᠴᠢᠯᠠᠭ᠎ᠠ ᠠᠴᠠ ᠪᠠᠨ ᠭᠠᠴᠠᠭ᠎ᠠ ᠲᠣᠰᠬᠤᠨ ᠳᠤ ᠬᠦᠷᠴᠤ ᠡᠮ | ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠲᠦᠪᠯᠡᠷᠡᠭᠦᠯᠦᠨ ᠬᠤᠷᠢᠶᠠᠭᠰᠠᠨ ᠪᠠᠶᠢᠨ᠎ᠠ︔ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠦᠪᠯᠡᠯ | ᠤᠨ ᠬᠢᠨ ᠣᠯᠠᠨ ᠲᠦᠮᠡᠨ ᠤ ᠤᠬᠠᠮᠰᠠᠷ ᠴᠢᠩᠭ᠎ᠠ ᠪᠤᠰᠤ᠂ ᠦᠢᠯᠡᠴᠢᠯᠡᠭᠡᠨ ᠤ ᠬᠢᠷᠢ ᠲᠦᠪᠰᠢᠨ ᠥᠨᠳᠥᠷ ᠪᠢᠰᠢ ᠵᠡᠷᠭᠡ ᠠᠰᠠᠭᠤᠳᠠᠯ ᠳᠤ ᠴᠢᠭᠯᠡᠭᠦᠯᠦᠨ ︽ | ᠨᠠᠷᠠᠲᠤ ᠡᠮᠴᠢ ᠨᠠᠷᠠᠲᠤ ᠱᠠᠪᠢ ᠲᠠᠭᠠᠭᠤᠯᠵᠤ︾ ᠬᠤᠯᠪᠣᠭᠠᠯᠠᠨ ᠬᠥᠳᠡᠯᠦᠯᠴᠡᠬᠦ ᠲᠥᠯᠥᠪᠯᠡᠭᠡ ᠪᠠ ︽ᠬᠥᠳᠡᠭᠡ ᠪᠠᠭᠤᠵᠤ ᠵᠢᠷᠤᠮ ᠤᠨ ᠡᠮᠴᠢᠯᠡᠭᠡ ᠬᠢᠬᠦ︾ ᠪᠠᠷ | ᠲᠠᠮᠵᠢᠨ᠂ ᠣᠯᠠᠨ ᠲᠦᠮᠡᠨ ᠤ ᠲᠡᠷᠭᠡᠳᠡ ᠬᠦᠷᠴᠤ ᠰᠢᠯᠢᠳᠡᠭ ᠦᠢᠯᠡᠴᠢᠯᠡᠭᠡ ᠬᠠᠩᠭᠠᠭᠰᠠᠨ ᠪᠠᠶᠢᠨ᠎ᠠ︔ ᠬᠤᠰᠢᠭᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠰᠢᠰᠲ᠋ᠧᠮ ᠨᠢ ᠬᠤᠰᠢᠭᠤ ᠲᠠᠪᠤᠳᠤᠭᠠᠷ ᠬᠡᠦᠬᠡᠳ ᠤᠨ ᠴᠡᠴᠡᠷᠯᠢᠭ᠂ ᠮᠣᠩᠭᠤᠯ ᠦᠨᠳᠦᠰᠦᠲᠡᠨ ᠤ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ | 9 ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦ ᠬᠦᠴᠦᠨ ᠢᠶᠠᠷ ᠠᠬᠢᠭᠤᠯᠵᠤ᠂ ᠴᠡᠴᠡᠷᠯᠢᠭ ᠲᠤ ᠣᠷᠣᠬᠤ ᠳᠤ ᠬᠦᠴᠢᠷ᠂ | ᠰᠤᠷᠭᠠᠭᠤᠯᠢ ᠳᠤ ᠣᠷᠣᠬᠤ ᠳᠤ ᠬᠦᠴᠢᠷ ᠵᠡᠷᠭᠡ ᠪᠤᠳᠠᠳᠤ ᠠᠰᠠᠭᠤᠳᠠᠯ ᠢ ᠦᠨᠳᠤᠰᠦᠨ ᠠᠴᠠ ᠨᠢ ᠰᠢᠢᠳᠪᠦᠷᠢᠯᠡᠵᠤ ᠡᠬᠢᠯᠡᠭᠰᠡᠨ ᠪᠠᠶᠢᠨ᠎ᠠ᠃ ᠬᠤᠰᠢᠭᠤ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠣᠯᠤᠨ ᠨᠡᠶᠢᠭᠡᠮ ᠨᠡᠶᠢᠳᠠ ᠶᠢᠨ ᠵᠣᠬᠢᠶᠠᠨ ᠪᠠᠢᠭᠤᠯᠤᠯᠲᠠ ᠨᠢ ᠬᠠᠮᠲᠤᠷᠠᠭᠰᠠᠨ ᠨᠠᠮ ᠤᠨ ᠡᠭᠦᠷ ᠪᠠᠶᠢᠭᠤᠯᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠬᠤᠶᠠᠷ ᠢ ᠪᠦᠷᠬᠦᠭᠦᠯᠬᠦ︾ ᠶᠢᠨ ᠶᠠᠰᠤ ᠴᠢᠨᠠᠷ ᠪᠣᠯᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ | ᠮᠠᠨ ᠤ ᠬᠤᠰᠢᠭᠤ ᠠᠷᠠᠳ ᠣᠯᠠᠨ ᠤ ᠲᠤᠰᠬᠠᠯ ᠶᠡᠭᠡᠳᠡᠢ ᠰᠡᠳᠬᠢᠯ ᠵᠣᠪᠠᠨᠢᠬᠤ ᠶᠠᠪᠤᠳᠠᠯ᠂ ᠬᠦᠴᠢᠷ ᠲᠦᠪᠡᠭᠳᠤ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠤ | ᠂ ᠴᠡᠭᠴᠡᠯᠡᠨ ᠰᠠᠶᠢᠵᠢᠷᠠᠭᠤᠯᠬᠤ ᠶᠢ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠲᠠᠢ ᠣᠷᠭᠠᠨᠢᠭ ᠢᠶᠠᠷ | ᠤᠶᠠᠯᠳᠤᠭᠤᠯᠵᠤ᠂ ᠠᠰᠠᠭᠤᠳᠠᠯ ᠢ ᠦᠨᠡᠨᠬᠦ ᠪᠣᠳᠠᠲᠠᠶ ᠰᠢᠢᠳᠪᠦᠷᠢᠯᠡᠵᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠨᠡᠮᠡᠭᠳᠡᠭᠦᠯᠦᠨ᠂ ︽1 + | 15 + 18︾ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠡᠭᠦᠷᠭᠡ ᠶᠢ ᠲᠣᠳᠣᠷᠬᠠᠶᠢᠯᠠᠵᠤ ᠳᠠᠩᠰᠠ ᠪᠠᠶᠢᠭᠤᠯᠤᠨ᠂ ᠣᠳᠣᠬᠠᠨ ᠪᠤᠯᠳᠠᠯ᠎ᠠ | ᠬᠤᠰᠢᠭᠤ ᠨᠠᠮ ᠤᠨ ᠬᠤᠷᠢᠶ᠎ᠠ ᠡᠯ᠎ᠡ ᠵᠦᠢᠯ ᠤᠨ ᠠᠰᠠᠭᠤᠳᠠᠯ᠂ ᠰᠠᠨᠠᠯ ᠰᠠᠨᠠᠭᠤᠯᠭ᠎ᠠ ᠶᠢ 776 ᠬᠤᠷᠢᠶᠠᠨ ᠴᠤᠭᠯᠠᠭᠤᠯᠵᠤ᠂ ᠴᠡᠭᠴᠡᠯᠡᠨ ᠰᠠᠶᠢᠵᠢᠷᠠᠭᠤᠯᠬᠤ | ᠨᠠᠷᠢᠨ ᠲᠠᠩᠰᠠ ᠶᠢ ᠪᠠᠶᠢᠭᠤᠯᠤᠨ᠂ ᠡᠯ᠎ᠡ ᠪᠠᠶᠢᠭᠤᠯᠭ᠎ᠠ ᠨᠢᠭᠡᠴᠨ ᠰᠠᠯᠠᠭ᠎ᠠ ᠮᠦᠴᠢᠷ ᠤᠨ ᠬᠠᠷᠢᠭᠤᠴᠠᠯᠭ᠎ᠠ ᠪᠠ ᠠᠷᠭ᠎ᠠ ᠭᠡᠮᠵᠢᠶ᠎ᠡ᠂ ᠴᠠᠭ ᠬᠤᠭᠤᠴᠠᠭ᠎ᠠ ᠶᠢ ᠨᠢ | ᠵᠤᠷᠪᠤᠰᠯᠠᠨ ᠲᠤᠳᠤᠷᠬᠠᠶᠢᠯᠠᠵᠤ᠂ ᠤᠳᠤᠬᠠᠨ ᠪᠤᠯᠳᠠᠯ᠎ᠠ 403 ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ ︽ᠲᠤᠰᠬᠠᠶ ᠲᠦᠷᠦᠯ ᠤᠨ | ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠲᠤᠭᠳᠠᠭᠠᠨ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠶᠢ ᠦᠯᠦ ᠬᠠᠶᠢᠬᠤᠷᠬᠤ ᠵᠡᠷᠭᠡ | ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠴᠡᠭᠴᠡᠯᠡᠨ ᠰᠠᠶᠢᠵᠢᠷᠠᠭᠤᠯᠬᠤ ᠶᠢ | ᠲᠦᠯᠬᠢᠨ ᠠᠬᠢᠭᠤᠯᠪᠠ᠃ ᠴᠠᠬᠢᠯᠭᠠᠨ ᠥᠬᠡᠶ ᠡᠷᠦᠬᠡ᠂ ᠰᠦᠯᠵᠢᠶ᠎ᠡ ᠦᠭᠡᠢ ᠭᠠᠵᠠᠷ ᠤᠷᠤᠨ᠂ ᠮᠤᠵᠢ ᠶᠢᠨ ᠬᠤᠭᠤᠷᠤᠨᠳᠤᠬᠢ ᠵᠠᠰᠠᠮᠠᠯ ᠵᠠᠮ᠂ ᠲᠡᠬᠢᠨ | ᠡᠬᠢᠯᠡᠭᠦᠯᠦᠭᠰᠡᠨ ᠲᠥᠷᠥᠯ ᠵᠦᠢᠯ ᠤᠨ ᠠᠰᠠᠭᠤᠳᠠᠯ ᠤᠨ ᠵᠣᠯᠭᠠᠯᠴᠠᠭ᠎ᠠ ᠪᠠ ᠬᠡᠷᠡᠭᠵᠢᠭᠦᠯᠦᠯᠲᠡ ᠤᠳᠠᠭᠠᠨ᠂ ᠠᠬᠢᠴᠠ ᠥᠬᠡᠶ ᠪᠠᠶᠢᠬᠤ ᠠᠰᠠᠭᠤᠳᠠᠯ ᠢ | ᠴᠢᠬᠤᠯᠠᠴᠢᠯᠠᠨ ᠦᠵᠡᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠤᠷᠪᠤᠰᠯᠠᠨ ᠲᠤᠭᠳᠠᠭᠠᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠪᠠᠳᠤᠯᠠᠪᠠ᠃ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠦᠬᠦ ᠬᠤᠳᠠ ᠶᠢᠨ ︽ᠴᠤᠤᠷᠢᠶᠠᠳᠤᠨ ᠳᠠᠭᠠᠵᠤ᠂ ᠰᠠᠶᠢᠨ ᠳᠤᠷ᠎ᠠ ᠶᠢᠨ | ᠠᠵᠢᠯᠯᠠᠭ᠎ᠠ ᠳᠤ ᠤᠷᠤᠯᠴᠠᠬᠤ︾ ᠠᠵᠢᠯᠯᠠᠭ᠎ᠠ ᠶᠢᠨ ᠤᠷᠢᠶᠠᠯᠠᠭ᠎ᠠ ᠪᠠᠷ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠬᠦᠴᠢᠷ ᠲᠦᠪᠡᠭᠳᠤ ᠠᠰᠠᠭᠤᠳᠠᠯ ᠢ | ᠰᠢᠢᠳᠪᠦᠷᠢᠯᠠᠨ ᠥᠭᠴᠦ᠂ ᠣᠳᠣᠬᠠᠨ ᠪᠤᠯᠳᠠᠯ᠎ᠠ ᠡᠯ᠎ᠡ ᠲᠦᠷᠦᠯ ᠤᠨ ᠬᠠᠯᠠᠮᠰᠢᠯ ᠠᠰᠠᠭᠤᠳᠠᠯ ᠢ 68 ᠰᠢᠢᠳᠪᠦᠷᠢᠯᠡᠵᠤ᠂ ᠠᠷᠠᠳ ᠤᠯᠠᠨ ᠳᠤ ᠠᠰᠢᠭᠳᠠᠢ ᠰᠠᠶᠢᠨ | ᠶᠠᠪᠤᠳᠠᠯ ᠢ 1600 ᠭᠠᠷᠤᠢ ᠪᠡᠶᠡᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ ᠬᠤᠰᠢᠭᠤ ᠪᠠᠰᠠ 5 ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠢ | ᠪᠠᠶᠢᠭᠤᠯᠤᠨ᠂ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠤᠨ ᠭᠤᠤᠯ ᠰᠡᠳᠦᠪᠲᠦ ᠬᠥᠮᠦᠵᠢᠯ ᠢ ᠦᠷᠨᠢᠬᠦᠯᠵᠤ ᠪᠠᠶᠢᠭ᠎ᠠ ᠪᠠᠶᠢᠳᠠᠯ ᠢ ᠰᠢᠮᠳᠠᠭᠤᠯᠤᠨ | ᠪᠠᠶᠢᠴᠠᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠰᠡᠷᠭᠡᠶᠢᠯᠡᠨ᠂ ᠭᠤᠤᠯ ᠰᠡᠳᠦᠪᠲᠦ ᠬᠥᠮᠦᠵᠢᠯ ᠤᠨ ᠪᠤᠳᠠᠳᠠᠢ ᠦᠷᠨᠢᠬᠦ ᠶᠢ ᠦᠨᠡᠨᠬᠦ | ᠠᠬᠢᠭᠤᠯᠤᠨ ᠠᠷᠠᠳ ᠤᠯᠠᠨ ᠤ ᠬᠠᠨᠤᠮᠵᠢ ᠶᠢᠨ ᠭᠡᠮᠵᠢᠶ᠎ᠡ ᠶᠢ ᠨᠡᠮᠡᠭᠳᠡᠭᠦᠯᠵᠤ᠂ ᠪᠦᠬᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠂ ᠨᠤᠮᠢᠨ | ᠨᠤᠭᠤᠭᠠᠨ ᠮᠠᠨᠳᠤᠯᠳᠠ ᠶᠢ ᠪᠡᠶᠡᠯᠡᠬᠦᠯᠬᠦ ᠳᠤ ᠬᠦᠴᠦᠨ ᠨᠡᠮᠡᠷᠢᠯᠡᠵᠤ ᠪᠤᠢ᠃ | | | |