12 ᠰᠠᠷ᠎ᠠ ᠶᠢᠨ 18 ᠤ ᠡᠳᠦᠷ ᠠᠴᠠ 19 ᠤ ᠡᠳᠦᠷ ᠪᠤᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠤ | 15 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ 2019 ᠤᠨ ᠤ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠬᠦᠷᠢᠶᠡᠨ ᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠢ ᠰᠣᠨᠣᠰᠴᠤ 2020 ᠤᠨ ᠤ ᠠᠵᠢᠯ ᠤᠨ ᠰᠡᠳᠬᠢᠮᠵᠢ᠂ ᠬᠠᠷᠠᠯᠲᠠ ᠡᠭᠦᠷᠭᠡ ᠶᠢ ᠰᠤᠳᠤᠯᠤᠨ ᠶᠠᠷᠢᠯᠴᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ | ᠬᠤᠰᠢᠭᠤ ᠲᠡᠳ᠋ ᠲᠠᠷᠤᠭ᠎ᠠ ᠲᠤᠲᠤᠭᠠᠳᠤ ᠶᠢ ᠬᠠᠮᠠᠭᠠᠯᠠᠬᠤ ᠲᠤᠪᠴᠢᠶᠠᠨ ᠤ ᠲᠤᠪᠴᠢᠶᠠᠨ ᠳᠠᠷᠤᠭ᠎ᠠ ᠭᠤᠤ ᠬᠤ᠋᠂ | ᠬᠤᠰᠢᠭᠤ ᠲᠡᠳ᠋ ᠲᠠᠷᠤᠭ᠎ᠠ ᠵᠸᠤ ᠱᠤᠸᠠᠢ᠂ ᠪᠠᠶᠠᠨᠴᠡᠩᠭᠡᠯ᠂ ᠪᠠᠶᠠᠨᠴᠢᠮᠡᠭ᠂ ᠯᠢᠦ ᠵᠧᠩ ᠬᠤᠷᠠᠯ ᠳᠤ ᠰᠠᠭᠠᠲᠠᠵᠤ | ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠯᠸᠢ ᠬᠠᠰ ᠬᠤᠷᠠᠯ ᠳᠤ ᠤᠷᠤᠯᠴᠠᠪᠠ᠃ ᠰᠤᠪᠤᠷᠭ᠎ᠠ ᠠᠵᠤ | ᠠᠬᠤᠢ ᠶᠢᠨ ᠨᠡᠭᠡᠭᠡᠯᠲᠡ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠪᠤᠯᠤᠨ | ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | | | | | | | | ᠬᠤᠷᠠᠯ ᠠᠴᠠ ᠪᠦᠬᠦ ᠬᠤᠰᠢᠭᠤᠨ ᠤ ᠨᠡᠶᠢᠬᠡᠮ ᠤᠨ ᠠᠵᠢᠯ ᠥᠢᠯᠡᠰ᠂ ᠮᠠᠯᠵᠢᠬᠤ ᠲᠠᠷᠢᠶᠠᠯᠠᠬᠤ ᠣᠷᠣᠨ ᠤ | ᠠᠵᠤ ᠠᠬᠤᠶ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ | ᠥᠢᠯᠡᠳᠪᠤᠷᠢ ᠶᠢᠨ ᠠᠵᠤ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ᠂ ᠬᠦᠷᠢᠶᠡᠯᠡᠩ ᠲᠣᠭᠤᠷᠢᠭ ᠤᠨ | ᠬᠥᠭᠵᠢᠯᠲᠡ᠂ ᠶᠡᠷᠦᠩᠬᠡᠶᠢᠯᠡᠭᠰᠡᠨ ᠠᠵᠤ ᠠᠬᠤᠶ ᠵᠡᠷᠭᠡ ᠡᠯ᠎ᠡ ᠭᠥᠷᠢᠶ᠎ᠠ ᠴᠠᠷᠠᠭᠠᠨ ᠤ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠥᠯᠳᠠ ᠶᠢ ᠰᠣᠨᠣᠰᠴᠤ 2020 ᠣᠨ ᠤ ᠭᠤᠤᠯ ᠭᠥᠢᠴᠡᠳᠭᠡᠯ ᠲᠤᠭ᠎ᠠ ᠵᠢᠴᠢ ᠡᠯ᠎ᠡ ᠭᠥᠷᠢᠶ᠎ᠠ | ᠴᠠᠷᠠᠭᠠᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠥᠢᠯ᠂ ᠭᠤᠤᠯᠳᠠᠯᠭ᠎ᠠ ᠲᠠᠢ ᠡᠭᠦᠷᠭᠡ ᠶᠢᠨ | ᠲᠤᠬᠠᠶ ᠰᠤᠳᠤᠯᠤᠨ ᠶᠠᠷᠢᠯᠴᠠᠭᠰᠠᠨ ᠪᠠᠶᠢᠨ᠎ᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2019 ᠣᠨ ᠳᠤ ᠬᠤᠰᠢᠭᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠲᠤᠤᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠳᠠᠯᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ᠂ ᠠᠷᠪᠠ ᠶᠢᠰᠤᠳᠤᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ | ᠨᠠᠶᠢᠳᠠᠪᠤᠷᠢᠵᠢᠭᠤᠯᠤᠨ᠋ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠡᠭᠡᠷ᠎ᠡ | ᠬᠦᠴᠦ ᠲᠠᠯᠪᠢᠵᠤ ᠭᠤᠤᠯ ᠪᠣᠯᠬᠤ ᠠᠵᠤ ᠠᠬᠤᠢ ᠶᠢᠨ ᠭᠥᠢᠴᠡᠳᠭᠡᠯ ᠲᠤᠭ᠎ᠠ ᠨᠡᠮᠡᠭᠳᠠᠨ ᠭᠤᠤᠯ ᠪᠣᠯᠬᠤ | ᠥᠢᠯᠡᠳᠭᠦᠨ ᠤ ᠬᠡᠮᠵᠢᠶ᠎ᠡ ᠲᠣᠭᠲᠠᠭᠤᠨ ᠤ ᠲᠤᠮᠳᠠ ᠨᠡᠮᠡᠭᠳᠠᠯ ᠲᠠᠢ ᠪᠤᠯᠵᠤ ᠭᠤᠤᠯ ᠪᠣᠯᠬᠤ ᠠᠵᠢᠯ ᠤᠨ ᠬᠠᠷᠠᠯᠲᠠ ᠪᠠᠨ | ᠨᠡᠯᠢᠶᠡᠳ ᠰᠠᠶᠢᠨ ᠪᠡᠶᠡᠯᠡᠭᠦᠯᠵᠦ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ᠂ ᠬᠤᠰᠢᠭᠤ ᠰᠢᠶᠠᠨ ᠤ | ᠬᠥᠭᠵᠢᠯᠲᠡ ᠶᠢᠨ ᠣᠷᠴᠢᠨ ᠲᠤᠭᠤᠷᠢᠨ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠤᠯᠠᠮ ᠨᠢᠭᠡ | ᠠᠯᠬᠤᠮ ᠳᠡᠭᠡᠭᠰᠢᠯᠡᠭᠰᠡᠨ ᠪᠠᠶᠢᠨ᠎ᠠ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ | ᠪᠣᠯᠤᠨ᠎ᠠ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠬᠠᠮᠲᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠠᠭᠤᠷᠢ ᠶᠢ ᠰᠠᠶᠢᠨ ᠲᠠᠯᠪᠢᠬᠤ ᠳᠤ ᠪᠦᠬᠦ ᠵᠢᠯ ᠤᠨ ᠠᠵᠢᠯ ᠢ | ᠰᠠᠶᠢᠲᠤᠷ ᠬᠢᠬᠦ ᠬᠠᠷᠢᠭᠤᠴᠠᠯᠭ᠎ᠠ ᠬᠦᠨᠳᠦ᠂ ᠠᠴᠢ ᠬᠤᠯᠪᠣᠭᠳᠠᠯ ᠠᠯᠤᠰ ᠬᠡᠲᠦ ᠶᠢᠨ ᠪᠠᠶᠢᠭ᠎ᠠ ᠶᠤᠮ ᠭᠡᠵᠡᠢ᠃ | ᠬᠤᠷᠠᠯ ᠠᠴᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠪᠣᠯᠤᠨ ᠤᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ᠂ ᠬᠤᠲᠠ᠂ | ᠬᠤᠰᠢᠭᠤᠨ ᠤ ᠠᠯᠢ ᠣᠯᠠᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ ᠪᠠᠶᠢᠴᠠᠭᠠᠨ | ᠰᠤᠳᠤᠯᠤᠯᠲᠠ ᠶᠢ ᠭᠦᠨᠵᠡᠭᠡᠶ ᠥᠷᠨᠢᠭᠦᠯᠤᠨ ᠲᠣᠰ ᠭᠥᠷᠢᠶ᠎ᠠ ᠴᠠᠷᠠᠭᠠᠨ ᠤ ᠠᠵᠢᠯ ᠤᠨ ᠰᠡᠳᠬᠢᠮᠵᠢ ᠪᠣᠯᠤᠨ ᠠᠵᠢᠯ ᠤᠨ | ᠭᠤᠤᠯᠳᠠᠯᠭ᠎ᠠ ᠶᠢ ᠡᠮᠬᠢᠯᠡᠨ ᠲᠣᠳᠣᠷᠬᠠᠶᠢᠯᠠᠵᠤ ᠲᠡᠭᠡᠳᠤ ᠱᠠᠲᠤᠨ ᠤ ᠲᠥᠷᠥᠯ ᠵᠥᠢᠯ ᠪᠠ ᠪᠡᠯᠡ ᠮᠥᠩᠭᠦᠨ ᠤ | ᠳᠡᠮᠵᠢᠯᠭᠡ ᠶᠢ ᠴᠢᠷᠮᠠᠶᠢᠨ ᠣᠯᠵᠤ ᠡᠮᠦᠨᠡᠬᠢ ᠬᠤᠭᠤᠴᠠᠭᠠᠨ ᠤ ᠠᠵᠢᠯ ᠢ ᠠᠭᠢᠭᠤᠯᠤᠨ 2020 ᠣᠨ ᠤ ᠠᠵᠢᠯ ᠤᠨ | ᠰᠠᠶᠢᠨ ᠡᠬᠢᠯᠡᠯᠲᠡ ᠳᠤ ᠰᠠᠭᠤᠷᠢ ᠲᠠᠯᠪᠢᠬᠤ ᠬᠡᠷᠡᠭᠲᠡᠶ ᠬᠡᠵᠤ ᠱᠠᠭᠠᠷᠳᠠᠪᠠ᠃ | ᠬᠤᠷᠠᠯ ᠳᠡᠭᠡᠷ᠎ᠡ ᠪᠠᠰᠠ ᠮᠠᠨ ᠤ ᠬᠤᠰᠢᠭᠤᠨ ᠤ E T C ᠲᠥᠬᠦᠭᠡᠷᠦᠮᠵᠢ ᠶᠢ ᠤᠭᠰᠠᠷᠠᠭᠤᠯᠤᠭᠰᠠᠨ | ᠠᠵᠢᠯ ᠤᠨ ᠪᠠᠶᠢᠳᠠᠯ ᠢ ᠨᠡᠶᠢᠲᠡᠯᠡᠵᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ E T C | ᠲᠥᠬᠦᠭᠡᠷᠦᠮᠵᠢ ᠶᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠵᠠᠰᠠᠮᠠᠯ ᠵᠠᠮ ᠤᠨ ᠰᠦᠢᠳᠬᠡᠯ ᠬᠤᠷᠢᠶᠠᠬᠤ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠭᠥᠢᠴᠠᠳ ᠲᠠᠨᠢᠵᠤ ᠬᠠᠷᠠᠯᠲᠠ | ᠡᠭᠦᠷᠭᠡ ᠲᠠᠢ ᠬᠠᠷᠢᠴᠠᠭᠤᠯᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠵᠤᠬᠢᠰᠲᠠᠢ ᠠᠷᠭ᠎ᠠ ᠪᠠᠷᠢᠯ ᠢ ᠠᠪᠴᠤ | ᠣᠯᠠᠨ ᠲᠦᠮᠡᠨ ᠢ ᠤᠬᠠᠮᠰᠠᠷ ᠠᠴᠠ ᠪᠠᠨ ᠤᠭᠰᠠᠷᠠᠭᠤᠯᠬᠤ ᠶᠢ ᠬᠥᠲᠥᠯᠥᠨ ᠵᠢᠯᠣᠭᠤᠳᠴᠤ ᠣᠯᠠᠨ ᠲᠦᠮᠡᠨ ᠤ ᠶᠠᠪᠤᠵᠤ | ᠰᠠᠭᠤᠬᠤ ᠳᠤ ᠳᠥᠭᠦᠮ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ | |