ᠪᠦᠬᠦ ᠤᠷᠤᠨ ᠤ ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠵᠢᠯ ᠢ ᠠᠬᠢᠭᠤᠯᠬᠤ ᠬᠤᠷᠡᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠮᠠᠨ  ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019-12-24
     12 ᠰᠠᠷ᠎ᠠ ᠶᠢᠨ 18 ᠤ ᠡᠳᠤᠷ᠂ ᠪᠦᠬᠦ ᠤᠷᠤᠨ ᠤ ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠵᠢᠯ ᠢ ᠠᠬᠢᠭᠤᠯᠬᠤ ᠬᠤᠷᠡᠯ ᠬᠦᠬᠡᠬᠤᠳᠠ ᠳᠤ ᠬᠤᠷᠠᠯᠳᠤᠪᠠ᠃ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠵᠤ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠵᠢᠴᠢ ᠡᠯ᠎ᠠ ᠰᠤᠮᠤ ᠪᠠᠯᠭᠠᠰᠤ᠂ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ  ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃      ᠬᠤᠷᠡᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠡᠨ ᠤ ᠲᠦᠷᠪᠡᠳᠤᠭᠡᠷ ᠪᠦᠬᠦᠳᠡ ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ ᠤᠷᠤᠨ ᠨᠤᠳᠤᠭ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠡ ᠦᠨᠳᠦᠰᠦᠨ ᠱᠠᠳᠤᠨ ᠤ ᠬᠢᠨᠠᠨ ᠵᠦᠪᠰᠢᠶᠡᠷᠡᠬᠦ ᠦᠢᠯᠡᠴᠢᠯᠡᠬᠦ ᠬᠠᠤᠯᠢ ᠬᠡᠷᠡᠭᠵᠢᠬᠦᠯᠬᠦ ᠬᠦᠴᠦᠨ ᠢ ᠨᠢᠭᠡᠳᠬᠡᠬᠦ ᠶᠢ ᠠᠬᠢᠭᠤᠯᠬᠤ ᠠᠵᠢᠯ ᠤᠨ ᠲᠤᠬᠠᠢ ᠲᠦᠪ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ ᠪᠦᠬᠦ ᠤᠷᠤᠨ ᠤ ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ ᠶᠢᠨ ᠦᠬᠡᠷᠡᠴᠢᠯᠡᠯᠳᠡ ᠶᠢᠨ ᠡᠯ᠎ᠡ ᠲᠦᠷᠦᠯ ᠤᠨ ᠡᠬᠦᠷᠬᠡ ᠶᠢ ᠨᠠᠶᠢᠳᠠᠪᠤᠷᠢᠵᠢᠭᠤᠯᠵᠥ ᠦᠷ᠎ᠡ ᠪᠦᠳᠦᠮᠵᠢ ᠭᠠᠷᠭᠠᠬᠤ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠲᠠᠢ ᠬᠡᠪᠡ᠃      ᠬᠤᠷᠡᠯ ᠠᠴᠠ ᠴᠢᠬᠤᠯᠠᠴᠢᠯᠠᠭᠰᠠᠨ ᠨᠢ᠂ ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠲᠠᠮᠵᠢᠨ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠦᠨᠡᠨ ᠬᠦ ᠴᠢᠩᠭᠠᠳᠬᠠᠨ ᠦᠨᠳᠤᠷ ᠦᠷ᠎ᠡ ᠠᠰᠢᠭᠲᠤ ᠦᠨᠳᠦᠰᠦᠨ ᠱᠠᠳᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠥ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢ ᠪᠦᠬᠦ ᠲᠡᠯ᠎ᠡ ᠪᠠᠷ ᠲᠡᠭᠡᠭᠰᠢᠯᠠᠭᠦᠯᠤᠨ ᠦᠨᠳᠦᠰᠦᠨ ᠱᠠᠳᠤᠨ ᠤ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠪᠡᠶᠡᠯᠡᠬᠦᠯᠬᠦ ᠶᠢ ᠠᠬᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ ᠰᠢᠨᠵᠢᠯᠡᠬᠦ ᠤᠬᠠᠭᠠᠨᠴᠢ ᠪᠠᠷ ᠲᠦᠪᠯᠡᠷᠡᠬᠦᠯᠦᠨ ᠲᠦᠯᠦᠪᠵᠢᠬᠦᠯᠵᠤ ᠢᠳᠡᠪᠬᠢᠲᠠᠢ ᠯᠠᠪᠳᠠᠭᠤᠨ ᠠᠬᠢᠭᠤᠯᠤᠨ ᠦᠬᠡᠷᠡᠴᠢᠯᠡᠯᠳᠡ ᠶᠢᠨ ᠰᠢᠰᠲ᠋ᠧᠮᠳᠤ ᠴᠢᠨᠠᠷ᠂ ᠪᠦᠬᠦᠯᠢ ᠴᠤᠭᠴᠠᠳᠤ ᠴᠢᠨᠠᠷ ᠪᠤᠯᠤᠨ ᠵᠤᠬᠢᠴᠠᠩᠭᠤᠢ ᠴᠢᠨᠠᠷ ᠢ ᠲᠡᠭᠡᠭᠰᠢᠯᠡᠬᠦᠯᠵᠥ ᠡᠯ᠎ᠡ ᠲᠥᠷᠤᠯ ᠤᠨ ᠡᠬᠦᠷᠬᠡ ᠶᠢ ᠴᠠᠭ ᠲᠤᠬᠠᠢ ᠳᠤᠨᠢ ᠴᠢᠨᠠᠷ ᠰᠠᠶᠢᠳᠠᠢ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ ᠭᠡᠵᠡᠢ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号