ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠤᠨ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-24
     12 ᠰᠠᠷ᠎ᠠ ᠶᠢᠨ 18 ᠤ ᠡᠳᠦᠷ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠨᠠᠮ  ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠵᠸᠦ ᠱᠤᠸᠠᠢ᠂ ᠪᠠᠶᠠᠠᠴᠡᠩᠭᠡᠯ᠂ ᠪᠠᠶᠠᠠᠴᠢᠮᠡᠭ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠣᠣ ᠹᠸᠢ ᠯᠤ᠋ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠵᠤ ᠯᠢ ᠵᠦᠩ ᠯᠢᠨ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠳᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠦ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠬᠠᠷᠢᠭᠤᠴᠠᠯᠭᠠᠲᠠᠨ ᠠᠴᠠ 2019 ᠣᠨ ᠤ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠤᠨ ᠠᠵᠢᠯ ᠤᠨ ᠦᠷᠨᠢᠯᠲᠡ ᠶᠢᠨ ᠪᠠᠶᠢᠳᠠᠯ ᠳᠤ ᠲᠤᠰᠢᠶᠠᠯ ᠤᠨ ᠮᠡᠳᠡᠭᠦᠯᠦᠯᠲᠡ ᠬᠢᠵᠤ ᠨᠠᠮ ᠤᠨ ᠡᠭᠦᠷ ᠤᠨ ᠠᠷᠠᠳᠴᠢᠯᠡᠯ ᠤᠨ ᠠᠮᠢᠳᠤᠷᠠᠯ ᠤᠨ ᠬᠤᠷᠠᠯ ᠳᠤ ᠰᠢᠭᠦᠮᠵᠢᠯᠠᠯ ᠪᠣᠯᠣᠨ ᠦᠪᠡᠷ ᠤᠨ ᠰᠢᠭᠦᠮᠵᠢᠯᠡᠯ ᠬᠢᠭᠰᠡᠨ ᠪᠠᠶᠢᠳᠠᠯ ᠢ ᠨᠡᠶᠢᠲᠡᠯᠡᠵᠤ ᠳᠠᠷᠠᠭᠠᠯᠠᠨ ᠠᠷᠠᠳᠴᠢᠯᠠᠯᠲᠦ ᠬᠢᠨᠠᠨ ᠲᠣᠭᠲᠠᠭᠠᠯᠲᠠ ᠬᠢᠪᠠ᠃      ᠯᠢ ᠵᠦᠩ ᠯᠢᠨ ᠴᠢᠬᠤᠯᠠᠴᠢᠯᠠᠬᠤ ᠳᠤ ᠪᠠᠨ᠂ ᠦᠩᠭᠡᠷᠡᠭᠰᠡᠨ ᠨᠢᠭᠡ ᠵᠢᠯ ᠵᠠᠰᠠᠭ ᠤᠨ ᠤᠷᠳᠤᠨ ᠤ ᠠᠯᠪᠠᠨ ᠭᠡᠷ  ᠤᠨ ᠨᠠᠮ ᠤᠨ ᠡᠭᠦᠷ ᠳᠡᠭᠡᠲᠦ ᠱᠠᠲᠤᠨ ᠤ ᠪᠠᠲᠦ ᠴᠢᠩᠭ᠎ᠠ ᠤᠳᠤᠷᠢᠳᠤᠯᠭ᠎ᠠ ᠳᠣᠣᠷ᠎ᠠ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠠᠵᠢᠯ ᠤᠨ ᠳᠦᠷᠢᠮ︾ ᠤᠨ ᠡᠯ᠎ᠡ ᠲᠦᠷᠦᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠴᠢᠩᠭ᠎ᠠ ᠪᠠᠷ ᠬᠡᠷᠡᠭᠵᠢᠭᠦᠯᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠶᠤᠰᠤᠭᠠᠷ ᠴᠠᠭ ᠲᠤᠬᠠᠢ  ᠳᠤᠨᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠮ ᠤᠨ ᠭᠡᠰᠢᠭᠦᠳ ᠤᠨ ᠬᠦᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ ᠨᠠᠮ ᠤᠨ ᠡᠭᠦᠷ  ᠤᠨ ᠡᠯ᠎ᠡ ᠲᠠᠯ᠎ᠠ ᠶᠢᠨ ᠠᠵᠢᠯ ᠢ ᠡᠮᠬᠢ ᠵᠢᠷᠦᠮ ᠲᠠᠢ ᠶᠠᠪᠤᠭᠳᠠᠭᠤᠯᠤᠭᠰᠠᠨ ᠪᠠᠶᠢᠨ᠎ᠠ᠃ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠶᠣᠰᠣᠭᠠᠷ ᠨᠠᠮ ᠤᠨ ᠭᠡᠰᠢᠭᠦᠳ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠨᠠᠮ ᠤᠨ ᠳᠦᠷᠢᠮ ᠲᠠᠢ ᠬᠠᠷᠢᠴᠠᠭᠤᠯᠤᠨ ᠵᠥᠷᠢᠶ᠎ᠡ ᠪᠠᠨ ᠡᠷᠢᠨ ᠥᠪᠡᠷ ᠤᠨ ᠰᠢᠭᠦᠮᠵᠢᠯᠡᠯ ᠬᠢᠵᠦ ᠪᠦᠬᠦ ᠨᠠᠮ ᠤᠨ ᠭᠡᠰᠢᠭᠦᠨ ︽ᠤᠨᠤᠯ ᠤᠨ ᠰᠤᠷᠤᠯᠴᠠᠯᠭ᠎ᠠ ᠳᠤ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠳᠠᠪᠲᠠᠯᠲᠠ ᠶᠢ ᠬᠦᠯᠢᠶᠡᠬᠦ᠂ ᠠᠵᠢᠯ ᠬᠢᠵᠦ ᠦᠢᠯᠡᠰ ᠪᠣᠰᠬᠠᠬᠤ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠦᠯᠢᠭᠡᠷ ᠳᠠᠭᠤᠷᠢᠶᠠᠯ ᠪᠣᠯᠬᠤ︾ ᠲᠠᠯ᠎ᠠ ᠪᠠᠷ ᠴᠥᠮ ᠠᠳᠠᠯᠢ ᠪᠤᠰᠤ ᠬᠡᠮᠵᠢᠶᠡᠨ ᠤ ᠳᠠᠪᠰᠢᠯᠲᠠ ᠪᠠ ᠣᠯᠤᠯᠲᠠ ᠲᠠᠢ ᠪᠠᠶᠢᠵᠤ ᠪᠦᠬᠦᠯᠢ ᠴᠣᠭᠴᠠ ᠶᠢᠨ ᠲᠠᠯ᠎ᠠ ᠪᠠᠷ ᠤᠯᠤᠰ ᠲᠥᠷᠥ ᠶᠢ ᠪᠠᠲᠤᠳᠬᠠᠵᠤ ᠨᠢᠭᠲᠠᠷᠠᠯ ᠢ  ᠴᠢᠩᠭᠠᠳᠬᠠᠨ ᠡᠭᠦᠷᠭᠡᠯᠡᠯ ᠢ ᠢᠯᠡᠷᠡᠭᠦᠯᠵᠦ ᠤᠳᠤᠷᠢᠳᠤᠯᠭ᠎ᠠ ᠳᠤ ᠦᠢᠯᠡᠴᠢᠯᠡᠨ ᠡᠷᠭᠢᠯᠲᠡ ᠶᠢ ᠪᠠᠲᠤᠯᠠᠵᠤ ᠵᠣᠬᠢᠴᠠᠭᠤᠯᠭ᠎ᠠ ᠪᠠᠨ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠡᠯ᠎ᠡ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠵᠠᠶ᠃ ᠬᠤᠶᠢᠰᠢᠲᠠ ᠠᠯᠪᠠᠨ ᠭᠡᠷ ᠤᠨ ᠨᠠᠮ ᠤᠨ ᠡᠭᠦᠷ ᠯᠠᠪᠲᠠᠢ ᠨᠠᠮ ᠤᠨ ᠡᠭᠦᠷ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠬᠠᠷᠠᠯᠲᠠ ᠪᠠᠨ ᠪᠣᠯᠭᠠᠵᠤ ᠨᠠᠮ ᠤᠨ ᠭᠡᠰᠢᠭᠦᠳ ᠤᠨ ᠬᠦᠮᠦᠵᠢᠯ ᠪᠣᠯᠣᠨ ᠬᠠᠮᠢᠶᠠᠷᠤᠯᠲᠠ ᠶᠢ ᠴᠢᠩᠭᠠᠳᠬᠠᠨ ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠲᠡᠷᠢᠭᠦᠨ ᠳᠤ ᠭᠠᠪᠰᠢᠭᠠᠶᠢᠯᠠᠬᠤ ᠪᠠᠷ ᠴᠢᠷᠮᠠᠶᠢᠬᠤ ᠶᠤᠮ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠨᠠᠮ ᠢ ᠴᠢᠩᠭ᠎ᠠ ᠪᠠᠷ ᠵᠠᠰᠠᠬᠤ ᠶᠢ ᠲᠤᠭᠤᠰᠢᠯᠠᠭᠤᠯᠵᠤ ︽ᠨᠢᠭᠡ ᠰᠠᠭᠤᠷᠢ︾ ᠶᠢ ᠪᠠᠬᠢᠵᠢᠭᠦᠯᠦᠨ ︽ᠬᠤᠶᠠᠷ ᠴᠢᠳᠠᠪᠬᠢ︾ ᠶᠢ ᠴᠢᠩᠭᠠᠳᠬᠠᠵᠤ ︽ᠭᠤᠷᠪᠠ ᠶᠢ ᠲᠤᠭᠤᠰᠢᠯᠠᠭᠤᠯᠬᠤ︾ ᠶᠢ ᠪᠠᠲᠤᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ︽ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠲᠡ  ᠶᠢᠨ ᠦᠵᠡᠯ ᠰᠠᠨᠠᠭ᠎ᠠ ᠶᠢ ᠪᠠᠷᠢᠮᠲᠠᠯᠠᠬᠤ︾ ᠶᠢ ᠭᠦᠨᠵᠡᠭᠡᠢ ᠲᠤᠭᠤᠰᠢᠯᠠᠭᠤᠯᠤᠨ ᠪᠤᠳᠠᠳᠦ ᠪᠠᠶᠢᠳᠠᠯ ᠯᠤᠭ᠎ᠠ ᠤᠶᠠᠯᠳᠤᠭᠤᠯᠵᠤ ᠠᠷᠠᠳ ᠲᠦᠮᠡᠨ ᠳᠤ ᠦᠢᠯᠡᠴᠢᠯᠡᠨ ᠠᠷᠠᠳ ᠲᠦᠮᠡᠨ ᠢ ᠳᠠᠶᠢᠴᠢᠯᠠᠵᠤ ᠬᠦᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠨᠡᠩ ᠡᠷᠭᠡ ᠲᠡᠭᠰᠢ ᠪᠠᠷ ᠡᠳ᠋ᠯᠡᠬᠦᠯᠦᠨ ᠠᠷᠠᠳ ᠲᠦᠮᠡᠨ ᠤ ᠰᠡᠳᠬᠢᠯ ᠳᠠᠬᠢ ᠨᠠᠮ  ᠤᠨ ᠲᠦᠷᠢ ᠲᠦᠷᠬᠦ ᠶᠢ ᠳᠠᠰᠤᠷᠠᠯᠲᠠ ᠦᠭᠡᠢ ᠳᠡᠭᠡᠭᠰᠢᠯᠡᠬᠦᠯᠵᠤ ᠨᠠᠮ ᠤᠨ ᠦᠨᠳᠦᠰᠦᠨ ᠱᠠᠲᠤᠨ ᠳᠠᠬᠢ ᠵᠠᠰᠠᠭ ᠪᠠᠷᠢᠬᠤ ᠰᠠᠭᠤᠷᠢ ᠶᠢ ᠪᠠᠬᠢᠵᠢᠬᠦᠯᠬᠦ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号