12 ᠰᠠᠷ᠎ᠠ ᠶᠢᠨ 19 ᠤ ᠡᠳᠦᠷ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ | ᠯᠢ᠊·ᠵᠢᠷᠣᠮᠲᠣ ᠵᠠᠷᠢᠮ ᠣᠯᠣᠰ ᠳᠦᠷᠦ ᠶᠢᠨ ᠵᠦᠪᠯᠡᠯᠬᠡᠨ ᠤ ᠬᠡᠰᠢᠬᠦᠨ ᠢ ᠳᠠᠭᠠᠭᠤᠯᠣᠨ ᠢᠳᠡᠭᠡᠨ ᠣᠮᠳᠠᠭᠠᠨ ᠤ | ᠠᠮᠣᠷ ᠳᠦᠪᠰᠢᠨ ᠤ ᠳᠣᠬᠠᠢ ᠬᠤᠰᠢᠭᠤ ᠵᠠᠬ᠎ᠠ ᠳᠡᠯᠬᠡᠬᠦᠷ ᠤᠨ ᠬᠢᠨᠠᠯᠲᠠ ᠬᠠᠮᠢᠶᠠᠷᠣᠯᠳᠠ ᠶᠢᠨ ᠳᠣᠪᠴᠢᠶ᠎ᠠ ᠳᠤ | ᠠᠷᠠᠳᠴᠢᠯᠠᠯ ᠢᠶᠠᠷ ᠬᠢᠨᠠᠯᠳᠠ ᠳᠠᠯᠪᠢᠭᠰᠠᠨ ᠪᠠᠶᠢᠨ᠎ᠠ᠃ | ᠯᠢ᠊·ᠵᠢᠷᠣᠮᠲᠣ ᠨᠠᠷ ᠣᠷᠢᠳ ᠬᠤᠵᠢᠳ ᠬᠤᠰᠢᠭᠤ ᠮᠣᠩᠭᠤᠯ ᠦᠨᠳᠦᠰᠦᠳᠡᠨ ᠤ ᠬᠡᠣᠬᠡᠳ ᠤᠨ ᠴᠡᠴᠡᠷᠯᠢᠭ᠂ | ᠰᠢ ᠵᠢᠩ ᠳᠠᠶᠢᠯᠠᠯᠭ᠎ᠠ ᠶᠢᠨ ᠳᠢᠩᠬᠢᠮ᠂ ︽ᠳᠡᠭᠡᠵᠢ︾ ᠢᠳᠡᠭᠡᠨ ᠪᠣᠯᠪᠠᠰᠣᠷᠠᠭᠤᠯᠬᠤ ᠦᠢᠯᠡᠳᠪᠦᠷᠢ ᠳᠤ ᠬᠦᠷᠴᠦ | ᠳᠣᠰᠬᠠᠢ ᠳᠦᠷᠦᠯ ᠤᠨ ᠪᠠᠶᠢᠴᠠᠭᠠᠯᠳᠠ ᠬᠢᠭᠰᠡᠨ ᠤ ᠬᠠᠮᠲᠣ ᠬᠤᠰᠢᠭᠤ ᠢᠳᠡᠭᠡᠨ ᠡᠮ ᠤᠨ ᠵᠦᠢᠯᠡᠰ ᠢ ᠰᠢᠯᠭᠠᠨ | ᠪᠠᠶᠢᠴᠠᠭᠠᠬᠤ ᠳᠦᠪ ᠲᠤ ᠬᠦᠷᠴᠦ ᠡᠯ᠎ᠡ ᠳᠦᠷᠦᠯ ᠤᠨ ᠰᠢᠯᠭᠠᠨ ᠪᠠᠶᠢᠴᠠᠭᠠᠬᠤ ᠪᠠᠭᠠᠵᠢ ᠬᠡᠷᠡᠭᠰᠡᠯ ᠪᠠ ᠰᠢᠯᠭᠠᠨ | ᠪᠠᠶᠢᠴᠠᠭᠠᠬᠤ ᠶᠠᠪᠣᠴᠠ ᠵᠢᠴᠢ ᠬᠠᠮᠢᠶ᠎ᠠ ᠪᠦᠬᠦᠢ ᠳᠠᠰᠤᠭ ᠤᠨ ᠴᠢᠳᠠᠪᠣᠷᠢ ᠴᠢᠳᠠᠪᠬᠢ ᠶᠢ ᠣᠶᠢᠯᠠᠭᠠᠭᠰᠠᠨ ᠪᠠᠶᠢᠨ᠎ᠠ᠃ | ᠳᠡᠳᠡ ᠪᠠᠰᠠ ᠢᠳᠡᠭᠡᠨ ᠤ ᠵᠦᠢᠯᠡᠰ᠂ ᠡᠮ ᠤᠨ ᠵᠦᠢᠯᠡᠰ ᠤᠨ ᠠᠶᠣᠯᠬᠦᠢ ᠶᠢ ᠬᠢᠨᠠᠨ ᠡᠵᠡᠮᠰᠢᠬᠦ ᠳᠦᠪ ᠲᠤ | ᠬᠦᠷᠴᠦ ᠰᠦᠯᠵᠢᠶᠡᠨ ᠳᠡᠭᠡᠷᠡᠬᠢ ᠬᠢᠨᠠᠯᠳᠠ ᠶᠢᠨ ᠪᠦᠷᠬᠦᠴᠡ ᠶᠢᠨ ᠪᠠᠶᠢᠳᠠᠯ ᠪᠠ ᠪᠣᠳᠠᠳᠠᠢ ᠠᠵᠢᠯᠯᠠᠵᠦ ᠪᠠᠶᠢᠭ᠎ᠠ | ᠪᠠᠶᠢᠳᠠᠯ ᠢ ᠣᠶᠢᠯᠠᠭᠠᠬᠤ ᠶᠢᠨ ᠬᠠᠮᠲᠣ ᠠᠬᠤᠢ ᠳᠠᠯᠠᠪᠣᠷ ᠲᠤ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ | | ᠬᠤᠷᠠᠯ ᠳᠡᠭᠡᠷ᠎ᠡ᠂ ᠬᠤᠰᠢᠭᠤ ᠵᠠᠬ᠎ᠠ ᠳᠡᠯᠬᠡᠬᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ | ᠬᠠᠷᠢᠭᠤᠴᠠᠯᠭᠠᠳᠠᠨ ᠠᠴᠠ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠣᠯᠲᠠ᠂ ᠢᠳᠡᠬᠡᠨ ᠤ ᠵᠦᠢᠯᠡᠰ᠂ ᠡᠮ ᠤᠨ | ᠵᠦᠢᠯᠡᠰ ᠤᠨ ᠠᠶᠣᠯᠬᠦᠢ ᠶᠢᠨ ᠬᠢᠨᠠᠯᠲᠠ ᠬᠠᠮᠢᠶᠠᠷᠣᠯᠳᠠ ᠶᠢᠨ ᠠᠵᠢᠯ ᠤᠨ ᠦᠷ᠎ᠡ ᠪᠦᠲᠦᠮᠵᠢ ᠵᠢᠴᠢ ᠣᠷᠣᠰᠢᠵᠦ | ᠪᠠᠶᠢᠭ᠎ᠠ ᠠᠰᠠᠭᠤᠳᠠᠯ᠂ ᠬᠦᠴᠢᠷᠳᠡᠯ ᠤᠨ ᠳᠣᠬᠠᠢ ᠬᠠᠷᠢᠭᠤ ᠮᠡᠳᠡᠬᠦᠯᠦᠯᠳᠡ ᠬᠢᠵᠦ ᠬᠤᠷᠠᠯ ᠳᠤ ᠣᠷᠣᠯᠴᠠᠭᠰᠠᠳ | ᠬᠠᠮᠢᠶ᠎ᠠ ᠪᠦᠬᠦᠢ ᠠᠵᠢᠯ ᠤᠨ ᠳᠣᠬᠠᠢ ᠬᠦᠨᠵᠡᠬᠡᠢ ᠶᠠᠷᠢᠯᠴᠠᠨ ᠰᠠᠨᠠᠯ ᠰᠠᠨᠠᠭᠤᠯᠭ᠎ᠠ ᠳᠣᠷᠠᠳᠣᠭᠰᠠᠨ ᠪᠠᠶᠢᠨ᠎ᠠ᠃ | |