ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ | ᠰᠢᠷᠬᠤᠰᠤᠨ ᠪᠠᠯᠭᠠᠰᠤᠨ ᠳᠤ ᠬᠦᠷᠴᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠶᠯ ᠤᠨ ᠠᠬᠢᠯᠲᠠ | ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠡᠩᠭᠡᠯ | ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ | ᠰᠠᠯᠠᠭ᠎ᠠ ᠮᠥᠴᠢᠷ ᠪᠣᠯᠤᠨ ᠰᠢᠷᠬᠤᠰᠤᠨ ᠪᠠᠯᠭᠠᠰᠤᠨ ᠤ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠵᠤᠤ ᠹᠧᠶ ᠯᠦ ᠨᠠᠷ ᠤᠷᠢᠳ ᠬᠤᠵᠢᠳ ᠰᠢᠷᠬᠤᠰᠤᠨ ᠪᠠᠯᠭᠠᠰᠤᠨ ᠤ ᠱᠦᠶ ᠴᠢᠩ ᠸᠠᠨ ᠲᠣᠰᠬᠤᠨ᠂ | ᠤᠳᠠ ᠶᠢᠨ ᠭᠤᠣᠯ ᠲᠣᠰᠬᠤᠨ᠂ ᠲᠣᠭᠠᠷ ᠤᠨ ᠳᠤᠬᠤᠢ ᠲᠣᠰᠬᠤᠨ ᠳᠤ ᠬᠦᠷᠴᠦ ᠲᠥᠷᠥᠯ ᠵᠦᠶᠯ ᠤᠨ ᠪᠠᠷᠢᠯᠭ᠎ᠠ ᠶᠢᠨ | ᠪᠠᠶᠢᠳᠠᠯ ᠢ ᠪᠠᠶᠢᠴᠠᠭᠠᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ ᠵᠤᠤ ᠹᠧᠶ ᠯᠦ ᠭᠠᠴᠠᠭ᠎ᠠ ᠲᠣᠰᠬᠤᠨ ᠤ ︽ | ᠬᠤᠶᠠᠷ ᠵᠥᠪᠯᠡᠯ︾ ᠤᠨ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ ᠺᠠᠳ᠋ᠷ ᠵᠢᠴᠢ ᠲᠥᠷᠥᠯ ᠵᠦᠶᠯ ᠤᠨ ᠪᠠᠷᠢᠯᠭ᠎ᠠ | ᠶᠢᠨ ᠨᠢᠭᠡᠴᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ ᠲᠥᠷᠥᠯ ᠵᠦᠶᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠤᠨᠤᠰᠤᠨ ᠲᠥᠷᠦᠯ ᠵᠦᠢᠯ ᠤᠨ ᠠᠬᠢᠴᠠ ᠪᠣᠯᠣᠨ ᠪᠠᠷᠢᠯᠭ᠎ᠠ ᠶᠢᠨ ᠲᠤᠬᠢᠷᠠᠭᠤᠯᠤᠯᠲᠠ ᠶᠢ | ᠠᠰᠠᠭᠤᠨ ᠯᠠᠪᠯᠠᠬᠤ ᠶᠢᠨ ᠬᠠᠮᠲᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠣᠶᠢᠯᠠᠭᠠᠵᠤ ᠲᠤᠬᠠᠢ ᠶᠢᠨ | ᠲᠠᠯᠠᠪᠤᠷ ᠲᠤ ᠠᠯᠪᠠᠯᠠᠨ ᠰᠢᠢᠳᠪᠦᠷᠢᠯᠡᠭᠰᠡᠨ ᠪᠠᠶᠢᠨ᠎ᠠ᠃ | ᠪᠠᠶᠢᠴᠠᠭᠠᠨ ᠰᠤᠳᠤᠯᠤᠯᠲᠠ ᠶᠢᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠷᠬᠤᠰᠤᠨ | ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭ᠎ᠠ ᠲᠣᠰᠬᠤᠨ ᠤ ︽ᠬᠤᠶᠠᠷ | ᠵᠥᠪᠯᠡᠯ︾ ᠤᠨ ᠬᠠᠷᠢᠭᠤᠴᠠᠯᠭᠠᠲᠠᠨ ᠵᠢᠴᠢ ᠬᠡᠰᠡᠭ ᠪᠠᠷᠢᠯᠭ᠎ᠠ ᠶᠢᠨ ᠨᠢᠭᠡᠴᠢ ᠶᠢᠨ ᠬᠠᠷᠢᠭᠤᠴᠠᠯᠭᠠᠲᠠᠨ ᠯᠤᠭ᠎ᠠ | ᠰᠠᠭᠤᠳᠠᠯ ᠤᠨ ᠬᠤᠷᠠᠯ ᠬᠢᠪᠡ᠃ ᠬᠤᠷᠠᠯ ᠳᠡᠭᠡᠷ᠎ᠡ᠂ ᠰᠢᠷᠬᠤᠰᠤᠨ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠳᠠᠯ ᠪᠣᠯᠤᠨ ᠡᠯ᠎ᠡ ᠭᠠᠴᠠᠭ᠎ᠠ ᠲᠣᠰᠬᠤᠨ ᠤ | ᠲᠥᠷᠥᠯ ᠵᠦᠢᠯ ᠳᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠨᠢᠭᠡᠪᠦᠷᠢ ᠳᠤ ᠲᠠᠶᠢᠯᠪᠤᠷᠢᠯᠠᠯᠲᠠ | ᠲᠤᠳᠤᠷᠬᠠᠶᠢᠯᠠᠯᠲᠠ ᠬᠢᠪᠡ᠃ | ᠵᠤᠤ ᠹᠧᠶ ᠯᠦ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠣᠯ ᠠᠮᠤ ᠪᠤᠳᠠᠭᠠᠨ ᠤ ᠦᠶᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ ᠴᠢᠬᠤᠯᠠ ᠠᠵᠢᠯ ᠪᠣᠯᠤᠨ᠎ᠠ᠃ ᠲᠥᠷᠥᠯ ᠵᠦᠶᠯ ᠢᠶᠠᠷ ᠭᠤᠤᠯᠯᠠᠭᠤᠯᠬᠤ᠂ ᠣᠯᠠᠨ ᠲᠦᠮᠡᠨ ᠬᠠᠮᠵᠢᠯᠴᠠᠬᠤ᠂ | ᠲᠠᠷᠢᠶᠠᠯᠠᠭ᠎ᠠ ᠶᠢᠨ ᠴᠠᠭ ᠠᠴᠠ ᠦᠯᠦ ᠵᠥᠷᠢᠴᠡᠬᠦ ᠵᠠᠷᠴᠢᠮ ᠢ ᠪᠠᠷᠢᠮᠲᠠᠯᠠᠵᠤ ᠥᠩᠭᠡᠷᠡᠭᠰᠡᠨ ᠵᠢᠯ ᠤᠳ ᠤᠨ | ᠢᠨᠵᠧᠨᠧᠷᠢᠩ ᠤᠨ ᠰᠡᠭᠦᠯ ᠬᠤᠷᠢᠶᠠᠬᠤ ᠪᠠ 2020 ᠣᠨ ᠤ ᠲᠥᠷᠥᠯ ᠵᠦᠶᠯ ᠤᠨ ᠬᠡᠷᠡᠭᠵᠢᠭᠦᠯᠦᠯᠲᠡ ᠶᠢ | ᠨᠢᠭᠡᠳᠦᠯᠲᠡᠶ ᠲᠥᠯᠦᠪᠵᠢᠭᠦᠯᠦᠨ ᠰᠠᠶᠢᠲᠤᠷ ᠬᠢᠬᠦ ᠬᠡᠷᠡᠭᠲᠡᠶ ᠭᠡᠵᠡᠢ᠃ | ᠵᠤᠤ ᠹᠧᠶ ᠯᠦ ᠴᠢᠬᠤᠯᠠᠴᠢᠯᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠬᠤᠭᠤᠴᠠᠭ᠎ᠠ ᠣᠬᠤᠷ᠂ ᠰᠤᠮᠤ ᠪᠠᠯᠭᠠᠰᠤᠨ ᠤ ᠬᠢᠨ ᠬᠡᠷᠡᠭᠵᠢᠭᠦᠯᠬᠦ ᠳᠤᠮᠳᠠ | ᠢᠳᠡᠪᠬᠢ ᠦᠶᠯᠡᠳᠦᠯ ᠢᠶᠠᠨ ᠪᠠᠳᠠᠷᠠᠭᠤᠯᠵᠤ ᠬᠠᠮᠲᠤ ᠶᠢᠨ ᠪᠠ ᠬᠤᠪᠢ ᠶᠢᠨ ᠠᠰᠢᠭ ᠲᠤᠰᠠ᠂ ᠲᠣᠰᠬᠤᠨ ᠨᠡᠶᠢᠭᠡᠮ | ᠲᠣᠭᠤᠷᠢᠭ ᠤᠨ ᠣᠯᠠᠨ ᠲᠦᠮᠡᠨ ᠪᠣᠯᠤᠨ ᠪᠠᠷᠢᠯᠭ᠎ᠠ ᠶᠢᠨ ᠠᠩᠭᠢ᠂ ᠪᠠᠷᠢᠯᠭ᠎ᠠ ᠶᠢᠨ ᠨᠢᠭᠡᠴᠢ ᠵᠢᠴᠢ ᠦᠶᠯᠡᠴᠢᠯᠡᠭᠡᠨ ᠤ | ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠵᠣᠬᠢᠴᠠᠭᠤᠯᠤᠨ ᠰᠢᠶᠳᠪᠦᠷᠢᠯᠡᠵᠦ ᠲᠥᠷᠦᠯ | ᠵᠦᠢᠯ ᠤᠨ ᠪᠠᠷᠢᠯᠭ᠎ᠠ ᠶᠢᠨ ᠭᠠᠵᠠᠷ ᠢ ᠨᠢᠭᠡᠳᠦᠯᠲᠡᠶ ᠪᠠᠷ ᠲᠥᠯᠥᠪᠵᠢᠭᠦᠯᠦᠨ ᠲᠣᠭᠲᠠᠭᠠᠵᠤ ᠪᠠᠷᠢᠯᠭ᠎ᠠ ᠶᠢᠨ ᠠᠬᠢᠴᠠ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠢᠯᠭᠤᠮ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠳᠤ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠶ᠃ | ᠣᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠶ᠂ ᠨᠠᠷᠢᠨ ᠨᠢᠮᠪᠠᠶ᠂ ᠬᠦᠯᠢᠴᠡᠩᠭᠦᠢ ᠰᠠᠶᠢᠲᠤᠷ ᠬᠢᠵᠦ ᠰᠠᠯᠠᠭ᠎ᠠ | ᠮᠥᠴᠢᠷ ᠤᠨ ᠬᠤᠭᠤᠷᠣᠨᠳᠣᠬᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ ᠪᠠᠷᠢᠯᠭ᠎ᠠ ᠶᠢᠨ ᠠᠵᠢᠯ ᠤᠨ | ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠨ ᠰᠢᠯᠭᠠᠯᠲᠠ ᠶᠢ ᠳᠠᠭᠠᠭᠠᠵᠤ ᠳᠡᠶᠢᠯᠬᠦ ᠶᠠᠰᠤ ᠴᠢᠨᠠᠷᠲᠠᠢ ᠪᠠᠷᠢᠯᠭ᠎ᠠ ᠶᠢ | ᠪᠠᠶᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃ |