ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠶᠠᠲᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠳᠤ ᠲᠤᠰᠬᠠᠢ ᠲᠦᠷᠦᠯ ᠤᠨ ᠬᠢᠨᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2019-12-24
     12 ᠰᠠᠷ᠎ᠠ ᠶᠢᠨ 21 ᠤ ᠡᠲᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠵᠤᠬᠢᠶᠠᠨ ᠪᠠᠶᠢᠭᠤᠯᠬᠤ ᠬᠡᠯᠲᠡᠰ᠂ ᠶᠠᠲᠠᠭᠤ  ᠶᠢ ᠲᠡᠳᠬᠦᠬᠦ ᠠᠯᠪᠠᠨ ᠭᠡᠷ ᠵᠡᠷᠭᠡ ᠰᠠᠯᠠᠭ᠎ᠠ ᠮᠦᠴᠢᠷ ᠤᠨ ᠬᠢᠨ ᠢ ᠲᠠᠭᠠᠭᠤᠯᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠳᠤ ᠲᠤᠰᠬᠠᠢ ᠲᠦᠷᠦᠯ ᠤᠨ ᠬᠢᠨᠠᠨ ᠪᠠᠶᠢᠴᠠᠭᠠᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠬᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠥᠩ ᠹᠧᠩ  ᠪᠠᠷᠠᠳᠠᠨ ᠪᠠᠶᠢᠴᠠᠭᠠᠪᠠ᠃
    ᠡᠷᠳᠡᠨᠢᠪᠢᠯᠢᠭ ᠨᠠᠷ ᠤᠷᠢᠳ ᠬᠤᠵᠢᠳ ᠲᠤᠭ ᠪᠠᠯᠭᠠᠰᠤ᠂ ᠦᠤᠰᠢᠨᠵᠤᠤ ᠪᠠᠯᠭᠠᠰᠤ᠂ ᠤᠯᠠᠭᠠᠨᠲᠤᠯᠤᠭᠠᠢ ᠪᠠᠯᠭᠠᠰᠤ ᠶᠢᠨ ᠬᠡᠰᠡᠭ ᠭᠠᠴᠠᠭ᠎ᠠ ᠲᠤᠰᠬᠤᠨ ᠪᠤᠯᠤᠨ ᠲᠠᠩᠰᠠ ᠡᠪᠬᠡᠮᠡᠯ ᠪᠠᠶᠢᠭᠤᠯᠤᠭᠰᠠᠨ ᠶᠠᠲᠠᠭᠤ ᠬᠦᠴᠢᠷᠲᠡᠯᠲᠡᠢ ᠡᠷᠦᠬᠡ ᠪᠠᠷ ᠭᠦᠨᠵᠡᠭᠡᠶᠢᠷᠡᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠬᠢᠨᠠᠨ ᠰᠢᠯᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠡᠶᠢᠵᠢᠷᠠᠭᠤᠯᠤᠭᠰᠠᠨ ᠪᠠᠶᠢᠲᠠᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠵᠦ ᠠᠵᠦ ᠦᠢᠯᠡᠰ᠂ ᠠᠵᠢᠯ ᠤᠯᠭᠤᠯᠲᠠ᠂ ᠨᠡᠭᠦᠯᠭᠡᠨ ᠰᠢᠯᠵᠢᠭᠦᠯᠬᠦ᠂ ᠰᠤᠷᠭᠠᠨ ᠬᠦᠮᠦᠵᠢᠯ᠂ ᠡᠷᠡᠭᠦᠯ ᠡᠩᠭᠡ ᠪᠠᠷ ᠶᠠᠲᠠᠭᠤ ᠶᠢ ᠲᠡᠳᠬᠦᠬᠦ ᠵᠡᠷᠭᠡ ᠠᠵᠢᠯ ᠤᠨ ᠠᠬᠢᠴᠠ ᠶᠢ ᠨᠠᠷᠢᠨ ᠦᠢᠯᠠᠭᠠᠪᠠ᠃ ᠪᠦᠬᠦ ᠬᠤᠲᠠ  ᠶᠢᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠲᠤᠰᠬᠠᠢ ᠰᠡᠲᠦᠪᠲᠦ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠡᠯ᠎ᠡ ᠰᠠᠯᠠᠭ᠎ᠠ ᠮᠦᠴᠢᠷ ᠤᠨ ᠬᠢᠨ ᠢ ᠲᠦᠪ ᠤᠨ ᠶᠠᠲᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠤᠯᠤᠨ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠶᠠᠲᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠤᠲᠤᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠦ ᠡᠷᠬᠡᠪᠰᠢ ᠰᠠᠶᠢᠲᠦᠷ ᠠᠳᠬᠤᠬᠤ ᠶᠢᠨ ᠬᠠᠮᠲᠦ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠤ ᠴᠤᠬᠤᠯᠠᠪᠦᠷᠢ ᠶᠢᠨ ᠵᠤᠷᠢᠭ ᠰᠠᠨᠠᠭ᠎ᠠ ᠶᠢ ᠰᠠᠶᠢᠲᠦᠷ ᠨᠠᠶᠢᠲᠠᠪᠦᠷᠢᠵᠢᠭᠤᠯᠬᠤ ᠬᠡᠷᠡᠭᠲᠡᠢ ᠬᠡᠵᠦ ᠱᠠᠭᠠᠷᠲᠠᠪᠠ᠃
     ᠡᠷᠲᠡᠨᠢᠪᠢᠯᠢᠭ ᠵᠢᠭᠠᠬᠤ ᠳᠤ ᠪᠠᠨ᠂ ᠶᠠᠲᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠨᠢ ᠨᠢᠭᠡᠨᠲᠡ  ᠪᠦᠬᠦ ᠲᠠᠯ᠎ᠠ ᠪᠠᠷ ᠰᠢᠢᠳᠪᠦᠷᠢᠲᠤ ᠢᠯᠠᠯᠲᠠ ᠶᠢ ᠤᠯᠬᠤ ᠰᠡᠭᠦᠯ ᠬᠤᠷᠢᠶᠠᠬᠤ ᠵᠠᠩᠬᠢᠯᠠᠭ᠎ᠠ ᠶᠢᠨ ᠱᠠᠲᠦᠨ ᠳᠤ ᠤᠷᠤᠭᠰᠠᠨ ᠪᠠᠶᠢᠨ᠎ᠠ᠃ ᠠᠰᠭᠤᠲᠠᠯ ᠢ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ ᠡᠯ᠎ᠡ ᠰᠠᠯᠠᠭ᠎ᠠ ᠮᠦᠴᠢᠷ ᠤᠨ  ᠬᠢᠨ ᠶᠠᠲᠠᠭᠤ ᠶᠢ ᠲᠡᠳᠬᠦᠬᠦ ᠠᠰᠭᠤᠲᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠲᠠᠯᠭ᠎ᠠ ᠶᠢᠨ ᠲᠤᠭᠤᠷᠢᠨ  ᠳᠤ ᠠᠵᠢᠯ ᠤᠨ ᠲᠤᠮᠲᠠᠬᠢ ᠵᠦᠷᠢᠶ᠎ᠠ ᠪᠤᠯᠤᠨ ᠬᠦᠷᠦᠯᠴᠡᠬᠦ ᠦᠭᠡᠢ ᠲᠠᠯ᠎ᠠ ᠪᠠᠨ ᠪᠦᠬᠦ ᠲᠠᠯ᠎ᠠ ᠪᠠᠷ ᠪᠠᠶᠢᠴᠠᠭᠠᠨ ᠡᠷᠢᠵᠦ ᠶᠠᠲᠠᠭᠤ ᠶᠢ ᠲᠡᠳᠬᠦᠬᠦ ᠤᠨᠤᠪᠴᠢ ᠶᠢᠨ ᠬᠡᠮᠵᠢᠶ᠎ᠡ ᠪᠤᠯᠤᠨ ᠪᠤᠲᠠᠲᠤ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠲᠡᠢ᠃ ᠬᠠᠷᠠᠯᠲᠠ ᠶᠢᠨ ᠪᠠᠷᠢᠮᠵᠢᠶ᠎ᠠ ᠶᠢ ᠪᠠᠷᠢᠮᠲᠠᠯᠠᠵᠦ ᠲᠤᠭᠳᠠᠭᠠᠨ ᠭᠠᠷᠭᠠᠭᠰᠠᠨ ᠵᠢᠯ ᠤᠨ ᠡᠭᠦᠷᠭᠡ ᠪᠠ ᠠᠵᠢᠯ ᠤᠨ ᠨᠠᠷᠢᠨ ᠲᠠᠩᠰᠠ ᠶᠤᠰᠤᠭᠠᠷ ᠨᠠᠷᠢᠯᠢᠭ ᠤᠨᠤᠪᠴᠢᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠦᠷ ᠨᠠᠶᠢᠲᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠨᠡᠭᠡᠮᠵᠢᠯᠡᠬᠦ ᠡᠷᠴᠢᠮ ᠢᠶᠠᠨ ᠴᠢᠭᠭᠠᠷᠠᠭᠤᠯᠵᠦ ᠶᠠᠲᠠᠭᠤ ᠶᠢ ᠲᠡᠳᠬᠦᠬᠦ ᠬᠦᠷᠢᠶᠠᠨ ᠳᠠᠬᠢ ᠰᠤᠷᠲᠠᠯ ᠤᠨ ᠪᠠᠶᠢᠭᠤᠯᠤᠯᠲᠠ ᠶᠢ ᠬᠦᠴᠦᠲᠠᠢ ᠠᠳᠬᠤᠵᠦ ᠬᠡᠯᠪᠡᠷᠢ ᠶᠢᠨ ᠦᠵᠡᠯ᠂ ᠨᠤᠶᠠᠨᠴᠢ ᠰᠤᠷᠲᠠᠯ ᠤᠨ ᠠᠰᠠᠭᠤᠲᠠᠯ ᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ ᠶᠠᠲᠠᠭᠤ ᠠᠴᠠ ᠠᠩᠬᠢᠵᠢᠷᠠᠭᠤᠯᠵᠦ ᠪᠤᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠨ ᠰᠤᠨᠤᠷ ᠰᠡᠷᠡᠮᠵᠢ ᠪᠠᠨ ᠲᠡᠭᠡᠭᠰᠢᠯᠠᠭᠦᠯᠤᠨ ᠦᠪᠡᠷ ᠢᠶᠠᠨ ᠭᠠᠷᠳᠠᠨ ᠭᠢᠵᠤ ᠡᠷᠦᠬᠡ ᠲᠠᠷᠠᠭᠠᠯᠠᠨ  ᠪᠠᠶᠢᠴᠠᠭᠠᠵᠦ ᠴᠡᠭᠴᠡᠯᠡᠨ ᠰᠠᠶᠢᠵᠢᠷᠠᠭᠤᠯᠤᠯᠳᠠ ᠶᠢ ᠠᠭᠢᠭᠤᠯᠬᠤ ᠬᠡᠷᠡᠭᠲᠡᠢ ᠬᠡᠪᠡ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号