12 ᠰᠠᠷ᠎ᠠ ᠶᠢᠨ 22 ᠤᠨ ᠡᠳᠤᠷ᠂ ᠪᠥᠭᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠤᠨ ᠲᠤᠰᠬᠠᠢ ᠰᠡᠳᠤᠪᠳᠤ ᠬᠤᠷᠠᠯ ᠬᠤᠷᠠᠯᠳᠤᠵᠤ ᠤᠷᠴᠢᠮ ᠤᠨ ᠬᠤᠭᠤᠴᠠᠭᠠᠨ ᠤ ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ | ᠲᠤᠭᠢᠷᠠᠭᠤᠯᠤᠯᠳᠠ ᠬᠢᠨ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠷᠠᠯ ᠢ ᠡᠷᠭᠢᠯᠠᠭᠦ ᠶᠢᠨ ᠬᠠᠮᠳᠤ | ᠶᠠᠷᠢᠶ᠎ᠠ ᠲᠠᠯᠪᠢᠵᠤ ᠬᠤᠰᠢᠭᠤ ᠲᠡᠳ᠋ ᠲᠠᠷᠤᠭ᠎ᠠ ᠪᠠᠶᠠᠠᠴᠠᠩᠭᠡᠯ ᠪᠤᠯᠤᠨ ᠭᠠᠯᠠᠭᠤᠳᠤ ᠪᠠᠯᠭᠠᠰᠤ᠂ ᠰᠢᠷᠬᠤᠰᠤᠨ ᠪᠠᠯᠭᠠᠰᠤ᠂ | ᠰᠥᠯᠳᠠ ᠰᠤᠮᠤ᠂ ᠬᠤᠰᠢᠭᠤ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠭᠢᠨᠠᠨ ᠪᠠᠶᠢᠴᠠᠭᠠᠬᠤ ᠵᠥᠪᠯᠠᠯ᠂ ᠵᠤᠭᠢᠶᠠᠨ | ᠪᠠᠶᠢᠭᠤᠯᠬᠤ᠂ ᠶᠠᠳᠠᠭᠤ ᠶᠢ ᠲᠠᠳᠭᠦᠭᠦ᠂ ᠭᠥᠭᠵᠢᠭᠦᠯᠥᠯᠳᠠ ᠥᠭᠡᠷᠡᠴᠢᠯᠠᠯᠳᠠ ᠵᠡᠷᠭᠡ ᠬᠤᠯᠪᠤᠭᠳᠠᠯ ᠪᠥᠭᠦᠢ ᠪᠠᠶᠢᠭᠤᠯᠭ᠎ᠠ | ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ᠂ ᠡᠷᠳᠡᠨᠢᠪᠢᠯᠢᠭ 10 ᠰᠠᠷ᠎ᠠ ᠶᠢᠨ 17 ᠤ ᠡᠳᠦᠷ ᠤᠨ ᠪᠦᠬᠦ ᠤᠯᠤᠰ ᠤᠨ ᠵᠢᠷᠭᠤᠳᠡᠬᠢ | ᠶᠠᠳᠠᠭᠤ ᠶᠢ ᠲᠡᠳᠬᠦᠬᠦ ᠡᠳᠦᠷ ᠲᠠᠯᠪᠢᠭᠰᠠᠨ ᠶᠡᠷᠦᠩᠬᠡᠶ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ᠂ | ᠬᠤᠲᠠ ᠶᠢᠨ ᠨᠠᠮ ᠤᠨ ᠬᠤᠷᠢᠶᠠᠨ ᠤ ᠱᠦᠵᠢ ᠨᠢᠤ ᠵᠢᠶᠦ᠋ᠨ ᠶᠠᠨ ᠤ ᠡᠯ᠎ᠡ ᠬᠤᠰᠢᠭᠤ ᠲᠣᠭᠤᠷᠢᠭ ᠲᠤ ᠥᠭᠭᠦᠭᠰᠡᠨ | ᠵᠠᠬᠢᠳᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ | ᠮᠥᠴᠢᠷ ᠤᠯᠤᠰ ᠲᠥᠷᠥ ᠶᠢᠨ ᠵᠤᠭᠰᠤᠴᠠ ᠪᠠᠨ ᠦᠨᠡᠨᠬᠦ ᠳᠡᠭᠡᠭᠰᠢᠯᠡᠭᠦᠯᠵᠦ ᠲᠥᠪ ᠤᠨ ᠬᠥᠳᠡᠭᠡ ᠲᠣᠰᠬᠤᠨ ᠤ | ᠠᠵᠢᠯ ᠤᠨ ᠬᠤᠷᠠᠯ᠂ ᠪᠥᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠤᠷᠠᠯ ᠵᠢᠴᠢ | ᠡᠯ᠎ᠡ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠰᠤᠷᠤᠯᠴᠠᠬᠤ ᠬᠡᠷᠡᠭᠲᠡᠶ᠃ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠳᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠵᠦ ᠴᠠᠭ ᠢ ᠠᠮᠵᠢᠨ ᠪᠠᠶᠢᠴᠠᠭᠠᠵᠤ | ᠲᠤᠳᠠᠭᠳᠠᠯ ᠢᠶᠠᠨ ᠨᠥᠬᠦᠪᠥᠷᠢᠯᠡᠬᠦ ᠬᠡᠷᠡᠭᠲᠡᠶ᠃ ᠮᠠᠯᠴᠢᠨ ᠲᠠᠷᠢᠶᠠᠴᠢᠨ ᠣᠯᠠᠨ ᠲᠦᠮᠡᠨ ᠤ ᠦᠵᠡᠯ ᠰᠠᠨᠠᠭᠠᠨ ᠤ | ᠠᠵᠢᠯ ᠢ ᠰᠠᠶᠢᠲᠤᠷ ᠬᠢᠵᠦ ᠬᠠᠷᠠᠯᠲᠠ ᠪᠠᠷᠢᠮᠵᠢᠶ᠎ᠠ ᠶᠢ ᠴᠢᠩᠭᠠᠳᠬᠠᠨ ︽ᠬᠤᠶᠠᠷ ᠲᠤ ᠵᠤᠪᠠᠭ᠋ᠤ ᠥᠭᠡᠢ ᠭᠤᠷᠪᠠ ᠶᠢ | ᠪᠠᠲᠤᠯᠠᠬᠤ︾ ᠬᠠᠷᠠᠯᠲᠠ ᠶᠢ ᠪᠠᠶᠠᠯᠠᠭᠦᠯᠭᠦ ᠭᠡᠷᠡᠭᠳᠠᠢ᠃ ᠪᠥᠬᠦ ᠬᠤᠰᠢᠭᠤ ᠪᠠᠷ ᠢᠶᠠᠨ ᠬᠠᠷᠢᠯᠴᠠᠨ ᠨᠡᠪᠲᠡᠷᠡᠯᠴᠡᠵᠦ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤᠨ ᠤ ᠲᠤᠭ᠎ᠠ ᠪᠠᠷᠢᠮᠲᠠ ᠶᠢ ᠨᠢᠭᠡᠳᠦᠯᠲᠡᠶ ᠪᠠᠶᠢᠯᠭᠠᠵᠤ | ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠪᠣᠳᠠᠲᠠᠶ ᠪᠠᠶᠢᠬᠤ ᠶᠢ | ᠪᠠᠳᠤᠯᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠣᠬᠢᠶᠠᠨ ᠪᠠᠶᠢᠭᠤᠯᠬᠤ ᠪᠠ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ | ᠴᠠᠭ ᠲᠤᠬᠠᠶ ᠳᠤᠨᠢ ᠳᠠᠭᠠᠵᠤ ᠬᠠᠮᠢᠶ᠎ᠠ ᠪᠦᠬᠦᠢ ᠬᠦᠷᠢᠶᠡᠨ ᠤ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ | ᠪᠣᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠵᠤ ᠬᠤᠰᠢᠭᠤ᠂ ᠰᠤᠮᠤ ᠪᠠᠯᠭᠠᠰᠤ ᠪᠣᠯᠤᠨ ᠭᠠᠴᠠᠭ᠎ᠠ ᠲᠣᠰᠬᠤᠨ ᠭᠤᠷᠪᠠᠨ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠲᠠᠪᠤᠷᠢᠵᠢᠭᠤᠯᠵᠤ ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠵᠦ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠲᠣᠰᠬᠤᠨ ᠳᠤ ᠰᠠᠭᠤᠭ᠎ᠠ ᠺᠠᠳ᠋ᠷ ᠪᠣᠯᠤᠨ ᠭᠠᠴᠠᠭ᠎ᠠ ᠳᠠᠭᠠᠭᠠᠴᠢᠯᠠᠭᠰᠠᠨ ᠺᠠᠳ᠋ᠷ | ᠬᠠᠮᠢᠶ᠎ᠠ ᠪᠦᠬᠦᠢ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠬᠤ ᠬᠡᠷᠡᠭᠲᠡᠶ ᠭᠡᠵᠡᠢ᠃ | ᠬᠤᠷᠠᠯ ᠲᠡᠭᠡᠷ᠎ᠡ ᠪᠠᠰᠠ ᠤᠶᠢᠷ᠎ᠠ ᠶᠢᠨ ᠬᠤᠭᠤᠴᠠᠭᠠᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠵᠠᠰᠠᠨ ᠴᠡᠭᠴᠡᠯᠠᠯᠳᠠ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠮᠬᠢ ᠵᠠᠮᠪᠠᠷᠠᠭ᠎ᠠ | ᠦᠭᠡᠢ ᠪᠠᠶᠢᠳᠠᠯ ᠤᠨ ︽ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠶ ᠠᠵᠢᠯᠯᠠᠭ᠎ᠠ︾᠂ ᠵᠢᠯ ᠤᠨ | ᠡᠴᠦᠰ ᠤᠨ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ᠂ ᠠᠶᠤᠯᠭᠦᠶ ᠦᠢᠯᠡᠳᠪᠦᠷᠢᠯᠡᠯ᠂ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠤᠬᠠᠭᠤᠯᠭ᠎ᠠ ᠵᠡᠷᠭᠡ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ |