ᠬᠤᠰᠢᠭᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠬᠡᠦᠬᠡᠳ ᠤᠳ ᠣᠯᠣᠯᠲᠠ ᠶᠡᠬᠡᠲᠡᠢ ᠪᠠᠷ ᠡᠪᠦᠯ  ᠤᠨ ᠤᠯᠠᠷᠢᠯ ᠤᠨ ᠶᠢᠰᠦ ᠲᠤᠭᠠᠯᠠᠬᠤ ᠡᠳᠦᠷ ᠢᠶᠠᠨ ᠥᠩᠭᠡᠷᠡᠭᠦᠯᠦᠯ᠎ᠡ
ᠨᠡᠶᠢᠲᠡᠯᠡᠭᠰᠡᠨ ᠴᠠᠭ᠄
2019-12-24
     ᠡᠪᠦᠯ ᠤᠨ ᠶᠢᠰᠤ ᠲᠤᠭᠠᠯᠠᠬᠤ ᠡᠳᠦᠷ ᠢ ᠲᠤᠭᠢᠶᠠᠯᠳᠤᠭᠤᠯᠤᠨ ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠶᠡᠭᠡ ᠬᠤᠶᠠᠳᠤᠭᠠᠷ ᠠᠩᠭᠢ ᠶᠢᠨ ᠬᠢᠨ ᠭᠡᠷ ᠤᠨ ᠠᠬᠠᠮᠠᠳ ᠬᠡᠤᠭᠡᠳ ᠬᠠᠮᠳᠤᠪᠠᠷ ᠤᠷᠤᠯᠴᠠᠭᠰᠠᠨ ᠪᠠᠩᠰᠢ ᠪᠠᠷᠢᠬᠤ ᠦᠢᠯᠡᠳᠦᠯᠭᠡ ᠶᠢᠨ ᠬᠢᠴᠢᠶᠡᠯ ᠣᠷᠣᠯ᠎ᠠ᠃
     ᠬᠢᠴᠢᠶᠡᠯ ᠳᠡᠭᠡᠷ᠎ᠡ ᠪᠠᠭᠰᠢ ᠠᠴᠠ ᠬᠡᠦᠬᠡᠳ ᠤᠳ ᠲᠤ ᠪᠠᠩᠰᠢ ᠪᠠᠷᠢᠬᠤ ᠪᠦᠬᠦᠶᠢᠯᠡ ᠶᠠᠪᠤᠴᠠ ᠶᠢ ᠬᠤᠨᠢ ᠭᠠᠷᠭᠠᠬᠤ ᠠᠴᠠ ᠡᠬᠢᠯᠡᠨ ᠪᠠᠩᠰᠢ ᠶᠢᠨ ᠮᠢᠬ᠎ᠠ ᠨᠠᠶᠢᠷᠠᠭᠤᠯᠬᠤ᠂ ᠭᠤᠯᠢᠷ ᠨᠤᠬᠤᠬᠤ᠂ ᠭᠤᠯᠢᠷ ᠠᠯᠠᠭᠠᠳᠠᠬᠤ ᠵᠡᠷᠭᠡ ᠦᠢᠯᠡ ᠶᠢ ᠵᠢᠷᠤᠭ ᠰᠡᠭᠦᠳᠡᠷ ᠲᠠᠢ ᠬᠠᠷᠠᠭᠤᠯᠤᠨ ᠪᠣᠳᠠᠲᠠᠢ ᠤᠶᠢᠯᠠᠭᠠᠭᠤᠯᠤᠭᠰᠠᠨ ᠤ ᠳᠠᠷᠠᠭ᠎ᠠ ᠬᠡᠦᠬᠡᠳ ᠤᠳ ᠢ ᠭᠡᠷ ᠤᠨ ᠠᠬᠠᠮᠠᠳ ᠲᠠᠢ ᠬᠠᠮᠲᠤ ᠭᠤᠯᠢᠷ ᠠᠯᠠᠭᠠᠳᠠᠬᠤ᠂ ᠪᠠᠩᠰᠢ ᠪᠠᠷᠢᠬᠤ ᠠᠵᠢᠯ ᠳᠤ ᠪᠡᠶᠡᠴᠢᠯᠡᠨ ᠣᠷᠣᠯᠴᠠᠭᠤᠯᠵᠤ ᠬᠥᠳᠡᠯᠮᠦᠷᠢ ᠶᠢᠨ ᠵᠣᠯ ᠵᠢᠷᠭᠠᠯ ᠢ ᠮᠡᠳᠡᠷᠡᠭᠦᠯᠦᠯ᠎ᠡ᠃ ᠤᠳᠠᠯ ᠦᠭᠡᠢ ᠲᠠᠪᠠᠭ ᠲᠠᠪᠠᠭ ᠬᠠᠯᠠᠭᠤᠨ ᠪᠠᠩᠰᠢ ᠰᠢᠷᠡᠭᠡᠨ ᠳᠡᠭᠡᠷ᠎ᠡ ᠦᠷᠦᠭᠳᠡᠵᠦ ᠬᠡᠦᠬᠡᠳ ᠤᠳ ᠥᠪᠡᠷ ᠤᠨ ᠪᠠᠷᠢᠭᠰᠠᠨ ᠬᠠᠯᠠᠭᠤᠨ ᠪᠠᠩᠰᠢ ᠪᠠᠨ ᠠᠮᠲᠠᠷᠬᠠᠨ ᠢᠳᠡᠬᠦ ᠨᠢ ᠥᠨᠥᠳᠥᠷ ᠤᠨ ᠬᠠᠮᠤᠭ ᠤᠨ ᠰᠠᠶᠢᠬᠠᠨ ᠱᠠᠩᠨᠠᠯ ᠪᠠᠶᠢᠯ᠎ᠠ᠃
     ᠲᠤᠰ ᠤᠳᠠᠭᠠᠨ ᠤ ᠦᠢᠯᠡᠳᠦᠯᠭᠡ ᠶᠢᠨ ᠬᠢᠴᠢᠶᠡᠯ ᠢᠶᠠᠷ ᠳᠠᠮᠵᠢᠨ ᠬᠡᠦᠬᠡᠳ ᠭᠡᠷ ᠤᠨ ᠠᠬᠠᠮᠠᠳ ᠤᠨ ᠬᠠᠶᠢᠷ᠎ᠠ ᠰᠡᠳᠬᠢᠯ ᠢ ᠤᠯᠠᠮ ᠵᠤᠵᠠᠭᠠᠳᠬᠠᠭᠰᠠᠨ ᠢᠶᠠᠷ ᠪᠠᠷᠠᠬᠤ ᠦᠭᠡᠢ ᠪᠢᠴᠢᠬᠠᠨ ᠬᠡᠦᠬᠡᠳ ᠤᠳ ᠲᠡᠭᠡᠨ ᠪᠠᠰᠠ ᠬᠥᠳᠡᠯᠮᠦᠷᠢ ᠶᠢᠨ ᠦᠷ᠎ᠡ ᠪᠦᠲᠦᠭᠡᠯ ᠡᠷᠬᠢᠮ ᠨᠠᠨᠳᠢᠨ ᠭᠡᠭᠰᠡᠨ ᠢ ᠲᠠᠨᠢᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号