ᠮᠠᠨ ᠤ ᠬᠤᠰᠢᠭᠤ ᠡᠮᠡᠭᠳᠡᠶᠢᠴᠦᠳ ᠤᠨ ᠬᠤᠯᠪᠤᠭᠠᠲᠤ ᠬᠤᠷᠠᠯ ᠤᠨ ᠴᠦᠭᠡᠨ ᠲᠤᠭᠠᠳᠤ ᠦᠨᠳᠤᠰᠤᠳᠡᠨ ᠤ ᠭᠦᠢᠴᠡᠳᠬᠡᠬᠦ ᠭᠡᠰᠢᠭᠦᠳ ᠤᠨ ᠪᠤᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2019-12-26
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠣᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠬᠤᠷᠢᠶᠠᠨ ᠤ ᠲᠦᠷᠪᠡᠳᠤᠭᠡᠷ ᠪᠥᠭᠦᠳᠡ ᠬᠤᠷᠠᠯ ᠤᠨ ᠵᠣᠷᠢᠭ ᠰᠨᠠᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠡᠮᠡᠭᠳᠡᠶᠢᠴᠦᠳ ᠤᠨ ᠬᠤᠯᠪᠤᠭᠠᠲᠤ ᠬᠤᠷᠠᠯ ᠤᠨ ᠦᠭᠡᠷᠡᠴᠢᠯᠡᠯᠲᠡ ᠶᠢᠨ ᠦᠷ᠎ᠡ ᠪᠥᠲᠥᠮᠵᠢ ᠶᠢ ᠪᠠᠲᠤᠳᠬᠠᠨ ᠴᠦᠭᠡᠨ ᠲᠤᠭᠠᠳᠤ ᠦᠨᠳᠤᠰᠤᠳᠡᠨ ᠤ ᠡᠮᠡᠭᠳᠡᠢ ᠺᠠᠳ᠋ᠷ ᠠᠵᠢᠯᠳᠡᠳ ᠤᠨ ᠡᠭᠦᠷᠬᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠤᠯᠣᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠭᠦ ᠶᠢᠨ ᠲᠤᠰᠠᠳᠠ ᠬᠤᠰᠢᠭᠤ ᠡᠮᠡᠭᠳᠡᠶᠢᠴᠦᠳ ᠤᠨ ᠬᠤᠯᠪᠤᠭᠠᠲᠤ ᠬᠤᠷᠠᠯ ᠨᠢ ᠡᠯ᠎ᠡ ᠰᠤᠮᠣ ᠪᠠᠯᠭᠠᠰᠤ᠂ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ᠡᠮᠡᠭᠳᠡᠶᠢᠴᠦᠳ ᠤᠨ ᠬᠤᠯᠪᠤᠭᠠᠲᠤ ᠬᠤᠷᠠᠯ ᠤᠨ ᠴᠦᠭᠡᠨ ᠲᠤᠭᠠᠳᠤ ᠦᠨᠳᠤᠰᠤᠳᠡᠨ ᠤ ᠭᠦᠢᠴᠡᠳᠬᠡᠬᠦ ᠭᠡᠰᠢᠭᠦᠳ ᠤᠨ ᠪᠤᠯᠪᠠᠰᠤᠷᠠᠯ ᠤᠨ ᠠᠩᠭᠢ ᠶᠢ ᠡᠷᠬᠢᠯᠡᠪᠡ᠃      ᠲᠤᠰ ᠤᠳᠠᠭᠠᠨ ᠤ ᠪᠤᠯᠪᠠᠰᠤᠷᠠᠯ ᠳᠤ ᠨᠠᠶᠢᠲᠡ 150 ᠭᠠᠷᠤᠢ ᠮᠠᠯᠴᠢᠨ ᠲᠠᠷᠢᠶᠠᠴᠢᠨ ᠡᠮᠡᠭᠲᠡᠶᠢᠴᠥᠳ ᠤᠷᠤᠯᠴᠠᠵᠤ  ᠮᠠᠨ ᠤ ᠬᠤᠰᠢᠭᠤᠨ ᠤ ᠨᠠᠮ ᠤᠨ ᠰᠤᠷᠭᠠᠭᠤᠯᠢ ᠶᠢᠨ ᠦᠨᠳᠦᠷ ᠳᠡᠰ ᠤᠨ ᠪᠠᠭᠰᠢ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠤᠷᠮᠠᠰᠢᠭᠤᠯᠤᠭᠴᠢ᠂ ᠭᠡᠷ ᠤᠨ ᠬᠦᠮᠦᠵᠢᠯ ᠤᠨ ᠵᠢᠯᠤᠭᠤᠳᠤᠭᠴᠢ ᠪᠠᠭᠰᠢ ᠬᠠᠰᠪᠤᠯᠤᠳ ᠠᠴᠠ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠬᠤᠷᠢᠶᠠᠨ ᠤ ᠲᠦᠷᠪᠡᠳᠤᠭᠡᠷ ᠪᠥᠭᠦᠳᠡ ᠬᠤᠷᠠᠯ ᠤᠨ ᠵᠣᠷᠢᠭ ᠰᠨᠠᠠᠭ᠎ᠠ ᠶᠢ ᠰᠢᠰᠲ᠋ᠧᠮ ᠲᠠᠢ᠂ ᠠᠮᠢᠳᠤᠯᠢᠭ ᠰᠠᠶᠢᠬᠠᠨ ᠲᠠᠶᠢᠯᠪᠤᠷᠢᠯᠠᠨ ᠶᠠᠷᠢᠭᠰᠠᠨ ᠪᠠᠶᠢᠨ᠎ᠠ᠃      ᠪᠣᠯᠪᠠᠰᠤᠷᠠᠯ ᠳᠤ ᠪᠠᠰᠠ ᠬᠤᠰᠢᠭᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠬᠠᠷᠢᠭᠤᠴᠠᠯᠭᠠᠲᠠᠨ ᠠᠴᠠ ︽ᠬᠤᠶᠠᠷ ᠦᠮᠡᠨ︾ ᠢ ᠬᠡᠷᠬᠢᠨ ᠰᠡᠷᠭᠡᠶᠢᠯᠡᠨ ᠵᠠᠰᠠᠬᠤ ᠵᠢᠴᠢ ᠡᠮᠡᠭᠳᠡᠶᠢᠴᠦᠳ ᠤᠨ ᠡᠷᠡᠭᠦᠯ ᠮᠡᠨᠳᠦ ᠶᠢᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃      ᠲᠤᠰ ᠤᠳᠠᠭᠠᠨ ᠤ ᠪᠤᠯᠪᠠᠰᠤᠷᠠᠯ ᠨᠢ᠂ ᠪᠦᠬᠦ ᠬᠤᠰᠢᠭᠤᠨ ᠤ ᠡᠮᠡᠭᠲᠡᠶᠢᠴᠦᠳ ᠨᠠᠮ ᠢᠶᠠᠨ ᠲᠠᠭᠠᠵᠤ ᠰᠢᠨ᠎ᠡ ᠡᠷᠡᠨ ᠤ ᠬᠦᠰᠡᠯᠡᠩ ᠲᠠᠢ᠂ ᠢᠳᠡᠬᠡᠯ ᠵᠣᠷᠢᠭ ᠲᠠᠢ᠂ ᠶᠣᠰᠣ ᠰᠣᠷᠲᠠᠬᠤᠨ ᠲᠠᠢ᠂ ᠮᠣᠷᠠᠯ ᠡᠷᠲᠡᠮ ᠬᠤᠣᠰᠯᠠᠭᠰᠠᠨ ᠭᠠᠪᠰᠢᠭᠠᠢ ᠡᠮᠡᠭᠲᠡᠶᠢᠴᠦᠳ ᠢ ᠬᠦᠮᠦᠵᠢᠬᠦᠯᠵᠦ ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠡᠩᠨᠡᠬᠡᠨ ᠳᠤ ᠬᠠᠮᠳᠣᠪᠡᠷ ᠮᠦᠷᠦ ᠵᠡᠷᠭᠡᠴᠡᠨ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠬᠦᠢᠴᠡᠳᠬᠡᠬᠦ ᠬᠡᠰᠢᠬᠦᠳ  ᠤᠨ ᠡᠬᠦᠷᠬᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠡᠬᠦᠷᠬᠡᠯᠡᠵᠦ ᠡᠶ᠎ᠡ ᠵᠣᠬᠢᠴᠠᠩᠭᠤᠢ ᠲᠣᠭᠲᠠᠭᠤᠨ ᠨᠡᠶᠢᠬᠡᠮ ᠢ ᠴᠣᠭᠴᠠᠯᠠᠬᠤ ᠳᠤ ᠦᠪᠡᠷ ᠦᠪᠡᠷ ᠤᠨ ᠬᠦᠴᠦᠨ ᠴᠢᠳᠠᠯ ᠢᠶᠠᠨ ᠨᠡᠮᠡᠷᠢᠯᠡᠬᠦ ᠶᠢ ᠤᠷᠢᠶᠠᠯᠠᠭᠰᠠᠨ ᠪᠥᠭᠡᠳ ᠡᠮᠡᠭᠲᠡᠶᠢᠴᠦᠳ ᠤᠨ ᠦᠪᠡᠷ ᠤᠨ ᠶᠡᠷᠦᠩᠬᠡᠢ ᠬᠡᠪ ᠴᠢᠨᠡᠷ ᠪᠠ ᠠᠵᠢᠯ ᠤᠨ ᠴᠢᠳᠠᠪᠣᠷᠢ ᠪᠠᠨ ᠲᠡᠭᠡᠭᠰᠢᠯᠡᠬᠦᠯᠦᠨ ᠨᠠᠷᠢᠨ ᠬᠢᠨᠠᠮᠠᠭᠠᠢ ᠰᠣᠷᠣᠯᠴᠠᠵᠣ ᠠᠮᠢᠳᠣᠷᠠᠯ ᠤᠨ ᠲᠣᠮᠳᠠ ᠪᠠᠨ ᠰᠠᠶᠢᠳᠣᠷ ᠦᠢᠯᠡᠳᠦᠯᠬᠡᠵᠢᠬᠦᠯᠵᠦ ᠣᠭ ᠰᠠᠨᠠᠭ᠎ᠠ ᠪᠠᠨ ᠦᠯᠦ ᠮᠠᠷᠲᠠᠨ ᠡᠬᠦᠷᠬᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠵᠦ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠣᠳᠬᠠᠵᠣ ᠬᠠᠯᠠᠰᠢᠷᠠᠯ ᠦᠬᠡᠢ ᠴᠢᠷᠮᠠᠶᠢᠨ ᠣᠷᠣᠭᠰᠢᠯᠡᠵᠦ ᠦᠦᠰᠢᠨ ᠤ ᠰᠢᠨ᠎ᠡ ᠴᠠᠭ ᠦᠶ᠎ᠡ ᠶᠢᠨ ︽ᠨᠣᠮᠢᠨ ᠲᠠᠩᠰᠤᠭ ᠬᠦᠭᠵᠢᠨ ᠮᠠᠨᠳᠣᠯᠲᠠ︾   ᠳᠤ ᠬᠤᠪᠢ ᠨᠡᠮᠡᠷᠢ ᠪᠠᠨ ᠦᠵᠡᠭᠦᠯᠬᠦ ᠶᠢ ᠳᠠᠶᠢᠴᠢᠯᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号