12 ᠰᠠᠷ᠎ᠠ ᠶᠢᠨ 13 ᠤ ᠡᠳᠦᠷ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠠᠴᠠ ᠬᠤᠰᠢᠭᠤ | ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠭᠤᠤᠯᠳᠠᠯᠭ᠎ᠠ ᠲᠠᠢ ᠠᠵᠢᠯ ᠢᠶᠠᠨ ᠪᠡᠶᠡᠯᠡᠬᠦᠯᠦᠭᠰᠡᠨ | ᠪᠠᠶᠢᠳᠠᠯ ᠳᠤ ᠠᠷᠠᠳᠴᠢᠯᠠᠯ ᠢᠶᠠᠷ ᠬᠢᠨᠠᠯᠳᠠ ᠳᠠᠯᠪᠢᠬᠤ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ | ᠣᠯᠣᠰ ᠳᠦᠷᠦ ᠶᠢᠨ ᠵᠦᠪᠯᠡᠯᠭᠡᠨ ᠤ ᠨᠠᠮ ᠤᠨ ᠳᠣᠭᠤᠶᠢᠯᠠᠩ ᠤᠨ ᠬᠡᠰᠢᠬᠦᠨ᠂ ᠳᠡᠳ᠋ ᠳᠡᠷᠢᠬᠦᠯᠡᠭᠴᠢ ᠯᠧᠢ·ᠬᠠᠰ᠂ | ᠬᠤᠰᠢᠭᠤ ᠣᠯᠣᠰ ᠳᠦᠷᠦ ᠶᠢᠨ ᠵᠦᠪᠯᠡᠯᠬᠡᠨ ᠠᠴᠠ ᠳᠣᠮᠢᠯᠠᠭᠰᠠᠨ ᠬᠢᠨᠠᠯᠳᠠ ᠳᠠᠯᠪᠢᠬᠤ ᠪᠠᠭ᠎ᠠ ᠳᠣᠭᠤᠶᠢᠯᠠᠩ ᠤᠨ | ᠬᠡᠰᠢᠬᠦᠨ ᠵᠢᠴᠢ ᠬᠤᠰᠢᠭᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠨᠠᠮ ᠤᠨ ᠳᠣᠭᠤᠶᠢᠯᠠᠩ ᠤᠨ | ᠬᠡᠰᠢᠬᠦᠨ᠂ ᠡᠯ᠎ᠡ ᠠᠯᠪᠠᠨ ᠬᠡᠷ ᠳᠠᠰᠤᠭ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠬᠠᠷᠢᠭᠤᠴᠠᠯᠭᠠᠳᠠᠨ | ᠠᠴᠠ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠡᠨᠡ ᠵᠢᠯ ᠤᠨ ᠭᠤᠣᠯᠳᠠᠯᠭ᠎ᠠ ᠲᠠᠢ ᠠᠵᠢᠯ ᠢ | ᠪᠡᠶᠡᠯᠡᠬᠦᠯᠦᠭᠰᠡᠨ ᠪᠠᠶᠢᠳᠠᠯ ᠤᠨ ᠳᠣᠬᠠᠢ ᠮᠡᠳᠡᠬᠦᠯᠦᠯᠳᠡ ᠬᠢᠪᠡ᠃ | ᠮᠡᠳᠡᠬᠦᠯᠦᠯᠳᠡ ᠶᠢ ᠰᠣᠨᠣᠰᠣᠭᠰᠠᠨ ᠤ ᠳᠠᠷᠠᠭ᠎ᠠ ᠯᠧᠢ·ᠬᠠᠰ ᠠᠴᠠ ᠠᠷᠠᠳᠴᠢᠯᠠᠯ ᠢᠶᠠᠷ ᠬᠢᠨᠠᠯᠳᠠ ᠳᠠᠯᠪᠢᠬᠤ | ᠪᠣᠯ ᠣᠯᠣᠰ ᠳᠦᠷᠦ ᠶᠢᠨ ᠵᠦᠪᠯᠡᠯᠬᠡᠨ ᠤ ᠴᠢᠬᠤᠯᠠ ᠴᠢᠳᠠᠪᠬᠢ ᠪᠠ ᠳᠣᠰᠢᠶᠠᠯ ᠬᠠᠷᠢᠭᠤᠴᠠᠯᠭ᠎ᠠ ᠪᠣᠯᠣᠨ᠎ᠠ᠃ | ᠠᠷᠠᠳᠴᠢᠯᠠᠯ ᠢᠶᠠᠷ ᠬᠢᠨᠠᠯᠳᠠ ᠳᠠᠯᠪᠢᠬᠤ ᠳᠣᠭᠤᠶᠢᠯᠠᠩ ᠳᠣᠮᠢᠯᠠᠵᠦ ᠪᠠᠶᠢᠭ᠎ᠠ ᠨᠢ ᠬᠤᠰᠢᠭᠤ ᠣᠯᠣᠰ ᠳᠦᠷᠦ ᠶᠢᠨ | ᠵᠦᠪᠯᠡᠯᠬᠡᠨ ᠠᠴᠠ ᠠᠷᠠᠳᠴᠢᠯᠠᠯ ᠢᠶᠠᠷ ᠬᠢᠨᠠᠯᠳᠠ ᠳᠠᠯᠪᠢᠬᠤ ᠴᠢᠳᠠᠪᠬᠢ ᠪᠠᠨ ᠬᠡᠷᠡᠭᠵᠢᠬᠦᠯᠵᠦ ᠪᠠᠶᠢᠭ᠎ᠠ ᠶᠢᠨ ᠪᠣᠳᠠᠳᠠᠢ | ᠢᠯᠡᠷᠡᠯ ᠮᠦᠨ ᠬᠡᠪᠡ᠃ ᠳᠡᠷᠡ ᠱᠠᠭᠠᠷᠳᠠᠬᠤ ᠳᠠᠭᠠᠨ᠂ ᠠᠷᠠᠳᠴᠢᠯᠠᠯ ᠪᠠᠷ ᠬᠢᠨᠠᠯᠳᠠ ᠳᠠᠯᠪᠢᠬᠤ ᠳᠤ ᠣᠷᠣᠯᠴᠠᠵᠦ | ᠪᠠᠶᠢᠭ᠎ᠠ ᠬᠡᠰᠢᠬᠦᠳ ᠳᠣᠰ ᠠᠵᠢᠯ ᠢ ᠴᠢᠬᠤᠯᠠᠴᠢᠯᠠᠵᠦ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠴᠢᠬᠤᠯᠠ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢᠨ ᠳᠣᠭᠤᠷᠢᠨ ᠳᠤ ᠰᠠᠨᠠᠯ ᠰᠠᠨᠠᠭᠤᠯᠭ᠎ᠠ ᠳᠣᠷᠠᠳᠴᠦ | ᠬᠠᠨᠳᠣᠯᠭᠠᠲᠣ ᠴᠢᠨᠠᠷ ᠲᠠᠢ᠂ ᠬᠡᠷᠡᠭᠵᠢᠬᠦᠯᠦᠬᠦᠰᠢᠲᠠᠢ᠂ ᠪᠦᠲᠦᠮᠵᠢᠳᠡᠢ ᠪᠠᠶᠢᠬᠤ ᠶᠢ ᠪᠠᠳᠣᠯᠠᠬᠤ ᠬᠡᠷᠡᠭᠲᠡᠢ᠃ | ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ ᠬᠦᠯᠢᠶᠡᠨ ᠠᠪᠴᠦ ᠪᠠᠶᠢᠭ᠎ᠠ ᠪᠠᠶᠢᠭᠤᠯᠭ᠎ᠠ ᠶᠢᠨ ᠬᠢᠨ ᠢᠳᠡᠪᠬᠢᠲᠡᠢ ᠪᠠᠷ | ᠬᠠᠮᠵᠢᠯᠴᠠᠵᠦ ᠬᠢᠨᠠᠯᠳᠠ ᠳᠠᠯᠪᠢᠬᠤ ᠠᠵᠢᠯ ᠢ ᠨᠠᠷᠢᠨ ᠬᠢᠨᠠᠮᠠᠭᠠᠢ ᠪᠡᠶᠡᠯᠡᠬᠦᠯᠵᠦ ᠣᠷᠣᠰᠢᠵᠦ ᠪᠠᠶᠢᠭ᠎ᠠ ᠠᠰᠠᠭᠤᠳᠠᠯ ᠪᠠ | ᠪᠠᠶᠢᠳᠠᠯ ᠢ ᠦᠨᠡᠨ ᠮᠦᠨ ᠢᠶᠠᠷ ᠳᠣᠰᠬᠠᠵᠦ ᠬᠢᠨᠠᠯᠳᠠ ᠳᠠᠯᠪᠢᠬᠤ ᠪᠠᠭ᠎ᠠ ᠳᠣᠭᠤᠶᠢᠯᠠᠩ ᠲᠠᠢ ᠰᠡᠳᠬᠢᠯ ᠰᠠᠨᠠᠭ᠎ᠠ ᠪᠠᠨ | ᠨᠢᠬᠡᠳᠬᠡᠵᠦ ᠨᠢᠭᠳᠠ ᠬᠠᠮᠵᠢᠯᠴᠠᠵᠦ ᠣᠯᠣᠰ ᠳᠦᠷᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ | ᠠᠵᠢᠯ ᠢ ᠰᠢᠨ᠎ᠡ ᠳᠦᠪᠰᠢᠨ ᠳᠤ ᠬᠦᠷᠬᠡᠵᠦ ᠮᠠᠨ ᠤ ᠬᠤᠰᠢᠭᠤᠨ ᠤ ᠨᠣᠮᠢᠨ ᠳᠠᠩᠰᠤᠭ ᠬᠦᠭᠵᠢᠨ ᠮᠠᠨᠳᠣᠯᠳᠠ ᠶᠢ | ᠪᠡᠶᠡᠯᠡᠬᠦᠯᠬᠦ ᠳᠤ ᠢᠳᠡᠪᠬᠢᠳᠡᠢ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠬᠡᠪᠡ᠃ | ᠬᠤᠷᠠᠯ ᠳᠡᠭᠡᠷ᠎ᠡ᠂ ᠣᠯᠣᠰ ᠳᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ ᠪᠠᠭ᠎ᠠ | ᠳᠣᠭᠤᠶᠢᠯᠠᠩ ᠤᠨ ᠬᠡᠰᠢᠬᠦᠳ ᠬᠤᠰᠢᠭᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠠᠵᠢᠯ ᠤᠨ | ᠳᠣᠭᠤᠷᠢᠨ ᠳᠤ ᠬᠦᠨᠵᠡᠬᠡᠢ ᠶᠠᠷᠢᠯᠴᠠᠵᠦ ᠰᠠᠨᠠᠯ ᠰᠠᠨᠠᠭᠤᠯᠭ᠎ᠠ ᠳᠣᠷᠠᠳᠪᠠ᠃ | |