12 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠤᠤ ᠹᠧᠶ ᠯᠦ ᠰᠢᠷᠬᠤᠰᠤᠨ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠳᠤ ᠭᠢᠨᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠰᠢᠭᠤ ᠤᠳᠤᠷᠢᠳᠤᠯᠭ᠎ᠠ ᠪᠠᠶᠠᠨᠴᠡᠩᠭᠡᠯ ᠪᠣᠯᠤᠨ ᠬᠤᠰᠢᠭᠤ | ᠵᠠᠰᠠᠭ ᠤᠨ ᠣᠷᠳᠣᠨ ᠤ ᠠᠯᠪᠠᠨ ᠭᠡᠷ᠂ ᠶᠠᠳᠠᠭᠤ ᠶᠢ ᠲᠠᠳᠭᠦᠨ ᠨᠡᠭᠡᠭᠡᠨ ᠬᠥᠭᠵᠢᠭᠦᠯᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠪᠠ ᠰᠢᠷᠬᠤᠰᠤᠨ ᠪᠠᠯᠭᠠᠰᠤᠨ ᠤ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠵᠤᠤ ᠹᠧᠶ ᠯᠦ ᠨᠠᠷ ᠤᠷᠢᠳ ᠬᠤᠵᠢᠳ ᠰᠢᠷᠬᠤᠰᠤᠨ ᠪᠠᠯᠭᠠᠰᠤᠨ ᠤ 2015 ᠤᠨ ᠠᠴᠠ 2018 ᠤᠨ ᠤ | ᠬᠤᠭᠤᠷᠤᠠᠳᠤ ᠢᠯᠭᠠᠨ ᠲᠤᠳᠤᠯᠠᠭᠰᠠᠨ 3 ᠶᠠᠳᠠᠭᠤ ᠬᠦᠴᠢᠷᠳᠡᠯᠲᠡᠶ ᠡᠷᠦᠬᠡ ᠪᠠᠷ ᠬᠦᠷᠴᠦ ᠠᠵᠤ ᠥᠢᠯᠡᠰ᠂ | ᠰᠤᠷᠭᠠᠨ ᠬᠥᠮᠦᠵᠢᠯ ᠵᠡᠷᠭᠡ ᠶᠢᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠠᠷᠢᠨ ᠣᠶᠢᠯᠠᠭᠠᠵᠤ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ | ᠪᠣᠯᠤᠨ ᠭᠡᠷ᠎ᠡ ᠲᠣᠭᠲᠠᠭᠰᠠᠨ ᠭᠡᠷ ᠪᠦᠯᠢ ᠶᠢᠨ ᠡᠮᠴᠢ ᠶᠢᠨ ᠶᠠᠳᠠᠭᠤ ᠬᠦᠴᠢᠷᠳᠡᠯᠲᠠᠢ ᠡᠷᠦᠬᠡ ᠶᠢᠨ ᠭᠡᠷ ᠲᠤᠨᠢ ᠬᠦᠷᠴᠦ | ᠥᠢᠯᠠᠴᠢᠯᠡᠭᠰᠠᠨ ᠪᠠᠶᠢᠳᠠᠯ ᠢ ᠯᠠᠪᠯᠠᠨ ᠠᠰᠠᠭᠤᠵᠤ ᠳᠠᠩᠰᠠ ᠡᠪᠬᠡᠮᠡᠯ ᠤᠨ ᠮᠠᠲ᠋ᠧᠷᠢᠶᠠᠯ ᠢ ᠲᠡᠬᠦᠯᠳᠡᠷᠵᠢᠬᠦᠯᠦᠨ | ᠵᠢᠷᠤᠮᠵᠢᠭᠤᠯᠤᠭᠰᠠᠨ ᠡᠰᠡᠬᠦ᠂ ᠶᠠᠳᠠᠭᠤ ᠠᠴᠠ ᠠᠩᠭᠢᠵᠢᠷᠠᠭᠤᠯᠤᠨ ᠣᠷᠣᠯᠭ᠎ᠠ ᠪᠠᠨ ᠨᠡᠮᠡᠭᠳᠡᠭᠦᠯᠦᠭᠰᠡᠨ ᠦᠷ᠎ᠡ | ᠪᠦᠲᠦᠮᠵᠢ ᠢᠯᠡᠷᠬᠡᠶ ᠡᠰᠡᠬᠦ ᠶᠢ ᠪᠠᠶᠢᠴᠠᠭᠠᠨ ᠦᠵᠡᠪᠡ᠃ | ᠵᠤᠤ ᠹᠧᠶ ᠯᠦ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠣᠶᠢᠯᠠᠭᠠᠵᠤ ᠤᠯᠤᠰ ᠲᠥᠷᠥ ᠶᠢᠨ ᠵᠤᠭᠰᠤᠴᠠ ᠪᠠᠨ ᠦᠨᠡᠨᠬᠦ ᠲᠡᠭᠡᠭᠰᠢᠯᠠᠭᠦᠯᠤᠨ ᠠᠷᠠᠳ ᠲᠦᠮᠡᠨ ᠢᠶᠠᠷ ᠭᠤᠤᠯ | ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠤᠯᠭᠠᠨ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠪᠠ | ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠮᠵᠢ ᠶᠢ ᠬᠢᠨᠠᠨ ᠰᠢᠯᠭᠠᠬᠤ ᠶᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ ︽ | ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠱᠠᠭᠠᠷᠳᠠᠯᠭ᠎ᠠ ᠶᠣᠰᠣᠭᠠᠷ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠬᠠᠷᠭᠤᠭᠤᠯᠵᠤ ᠪᠦᠬᠦ ᠵᠢᠯ ᠤᠨ ᠣᠷᠣᠯᠭ᠎ᠠ ᠪᠠᠨ ᠨᠡᠮᠡᠭᠳᠡᠭᠦᠯᠦᠭᠰᠡᠨ | ᠪᠠᠶᠢᠳᠠᠯ ᠢ ᠡᠷᠦᠬᠡ ᠳᠠᠷᠠᠭᠠᠯᠠᠨ ᠨᠠᠷᠢᠯᠢᠭ ᠣᠨᠣᠪᠴᠢᠲᠠᠶ ᠲᠣᠭᠠᠴᠠᠭ᠎ᠠ ᠬᠢᠵᠦ ᠶᠠᠳᠠᠭᠤ ᠶᠢ ᠲᠡᠳᠬᠦᠬᠦ ᠳᠠᠩᠰᠠ | ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠦᠨ ᠵᠢᠷᠤᠮᠵᠢᠭᠤᠯᠵᠤ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ | ᠲᠣᠳᠣᠷᠬᠠᠶ᠂ ᠲᠤᠭ᠎ᠠ ᠪᠠᠷᠢᠮᠲᠠ ᠨᠢ ᠨᠢᠭᠡᠳᠦᠯᠲᠡᠶ᠂ ᠬᠠᠷᠢᠯᠴᠠᠨ ᠵᠤᠯᠭᠠᠭᠤᠯᠤᠭᠰᠠᠨ ᠨᠢ ᠨᠢᠭᠡᠳᠦᠯᠲᠡᠶ ᠪᠠᠶᠢᠬᠤ ᠶᠢ | ᠦᠨᠡᠨᠬᠦ ᠭᠥᠢᠴᠡᠳᠭᠡᠭᠦ ᠬᠡᠷᠡᠭᠲᠡᠶ᠃ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠨ ᠬᠢᠨᠠᠨ ᠪᠣᠳᠣᠵᠤ ᠬᠢᠨᠠᠯᠲᠠ | ᠲᠠᠯᠪᠢᠬᠤ ᠶᠢ ᠴᠢᠩᠭᠠᠳᠬᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠰᠲ᠋ᠧᠮ ᠲᠠᠢ | ᠰᠢᠢᠳᠪᠤᠷᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠢᠯᠡᠷᠡᠭᠦᠯᠬᠦ ᠬᠡᠷᠡᠭᠲᠡᠶ ᠭᠡᠵᠡᠢ᠃ |