ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-26
     12 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠠᠭᠦ ᠶᠢᠨ ᠬᠠᠮᠳᠤ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠰᠠᠭᠠᠲᠠᠵᠤ ᠬᠤᠰᠢᠭᠤ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠦ ᠶᠢᠨ ᠲᠣᠪᠴᠢᠶᠠᠨ ᠤ ᠠᠷᠪᠠ ᠶᠢᠰᠤᠳᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠯᠠᠩ᠂ ᠲᠠᠷᠢᠶᠠᠯᠠᠬᠤ ᠤᠷᠤᠨ᠂ ᠲᠠᠷᠢᠶᠠᠴᠢᠨ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠪᠦᠬᠦ ᠤᠯᠤᠰ ᠤᠨ ᠶᠠᠳᠠᠭᠤ ᠶᠢ ᠲᠠᠳᠭᠦᠨ ᠨᠡᠭᠡᠭᠡᠨ ᠬᠥᠭᠵᠢᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠤ ᠵᠢᠶᠦ᠋ᠨ ᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠣᠬᠤᠷ᠂ ᠳᠤᠮᠳᠠ᠂ ᠤᠷᠲᠤ ᠪᠠᠶᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠣᠷᠣᠨ ᠪᠠᠶᠢᠷᠢ ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠠᠶᠢᠴᠠᠭᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠪᠠ ᠲᠤᠭᠳᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠰᠠᠶᠢᠨ ᠬᠢᠵᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ︔ ᠠᠶᠤᠯᠭᠦᠶ ᠥᠢᠯᠡᠳᠪᠤᠷᠢᠯᠠᠯ ᠤᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ  ᠴᠢᠩᠭ᠎ᠠ ᠭᠥᠢᠴᠡᠳᠭᠡᠭᠦ ᠬᠡᠷᠡᠭᠲᠡᠶ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠠᠵᠢᠯ ᠤᠨ ᠭᠤᠤᠯᠳᠠᠯᠭ᠎ᠠ ᠶᠢ ᠪᠠᠲᠤ ᠡᠵᠡᠮᠳᠡᠨ ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠤ ᠬᠥᠭᠵᠢᠯᠲᠡ ᠶᠢᠨ ᠱᠠᠲᠤᠨ ᠤ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠭᠡᠨ ᠬᠤᠷᠠᠯ ᠠᠴᠠ ᠳᠤᠷᠠᠳᠤᠭᠰᠠᠨ ᠪᠣᠳᠠᠲᠠᠶ ᠡᠭᠦᠷᠭᠡ ᠶᠢᠨ ᠲᠤᠭᠤᠷᠢᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠡᠶᠡᠯᠡᠬᠦᠯᠬᠦ ᠬᠠᠷᠠᠯᠲᠠ ᠲᠠᠢ ᠬᠠᠷᠢᠴᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠲᠠᠭᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠪᠠᠷ ᠰᠠᠶᠢᠲᠤᠷ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠡᠶᠡᠯᠡᠬᠦᠯᠬᠦ ᠰᠢᠢᠳᠪᠦᠷᠢᠲᠤ ᠢᠯᠠᠯᠲᠠ ᠶᠢ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠡᠢ᠃      ᠬᠤᠷᠠᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠥᠯᠳᠠ ᠶᠢ ᠰᠣᠨᠣᠰᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ ᠲᠠᠪᠤᠨ ᠨᠠᠮ ᠤᠨ ᠤᠳᠤᠷᠢᠳᠬᠤ ᠳᠤᠭᠤᠶᠢᠯᠠᠩ ᠵᠥᠪ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠤᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠠᠷᠠᠳ ᠤᠨ ᠠᠮᠢᠳᠤᠷᠠᠯ ᠤᠨ ᠥᠢᠯᠡᠰ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠥᠢᠴᠡᠳᠭᠡᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠡᠯ᠎ᠡ ᠲᠠᠯ᠎ᠠ ᠶᠢᠨ ᠠᠵᠢᠯ ᠰᠢᠪᠲᠤᠯᠤᠯᠲᠠ ᠲᠠᠢ᠂ ᠰᠢᠨ᠎ᠡ ᠡᠭᠦᠳᠦᠯᠲᠡ ᠲᠠᠢ᠂ ᠭᠢᠯᠠᠰ ᠴᠡᠭ ᠲᠠᠢ ᠪᠤᠯᠵᠤ ᠪᠦᠬᠦ ᠬᠤᠰᠢᠭᠤᠨ ᠤ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ︾ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠪᠠᠶᠢᠨ᠎ᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠯᠲᠡ ᠶᠢᠨ ᠤᠳᠤᠷᠢᠳᠤᠮᠵᠢ ᠶᠢ ᠤᠬᠠᠮᠰᠠᠷ ᠠᠴᠠ ᠪᠠᠨ ᠡᠷᠬᠢᠮᠯᠡᠵᠦ ᠳᠦᠷᠢᠮ ᠢ ᠴᠢᠩᠭ᠎ᠠ ᠬᠡᠷᠡᠭᠵᠢᠬᠦᠯᠦᠨ ᠳᠦᠷᠢᠮ ᠤᠨ ᠤᠳᠤᠷᠢᠳᠤᠮᠵᠢ ᠶᠢ ᠡᠷᠡᠰ ᠬᠠᠮᠠᠭᠠᠯᠠᠵᠤ ᠵᠣᠷᠢᠭᠲᠠᠶ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠤᠳᠤᠷᠢᠳᠤᠮᠵᠢ᠂ ᠨᠠᠮ ᠤᠨ ᠪᠠᠶᠢᠭᠤᠯᠤᠯᠲᠠ ᠶᠢ ᠠᠳᠬᠤᠬᠤ᠂ ᠰᠠᠭᠤᠷᠢ ᠶᠢ ᠴᠢᠩᠭᠠᠳᠬᠠᠬᠤ ᠤᠳᠤᠷᠢᠳᠤᠮᠵᠢ ᠶᠢ ᠨᠠᠩ ᠢᠯᠠ ᠲᠣᠳᠣ ᠪᠣᠶ ᠪᠣᠯᠭᠠᠵᠤ ᠪᠦᠬᠦ ᠬᠤᠰᠢᠭᠤᠨ ᠤ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ︾ ᠳᠤ  ᠰᠢᠨ᠎ᠡ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠪᠡ᠃      ᠬᠤᠷᠠᠯ ᠠᠴᠠ ᠪᠠᠰᠠ ︽ᠥᠥᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠤᠳᠠᠳᠠᠢ ᠭᠡᠷᠡᠭᠵᠢᠭᠦᠯᠭᠦ ᠰᠠᠨᠠᠯ︾ ᠂ ᠡᠯ᠎ᠡ ᠰᠤᠮᠤ ᠪᠠᠯᠭᠠᠰᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠥᠢᠯᠠᠴᠢᠯᠠᠭᠡᠨ ᠤ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠬᠡᠬᠦ ᠠᠵᠢᠯ ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠥᠥᠰᠢᠨ ᠬᠤᠰᠢᠭᠤᠨ ᠤ ᠨᠢᠭᠡᠳᠦᠭᠡᠷ ᠭᠡᠤᠭᠡᠳ ᠤᠨ ᠴᠡᠴᠡᠷᠯᠢᠭ ᠤᠨ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠭᠡᠷ ᠪᠠᠶᠢᠰᠢᠩ ᠢ ᠨᠤᠷᠠᠭᠠᠨ ᠠᠷᠠᠳ ᠢ ᠨᠡᠭᠦᠯᠭᠡᠬᠦ ᠵᠢᠴᠢ ᠭᠡᠤᠭᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠠᠰᠠᠷ ᠪᠣᠯᠤᠨ ᠳᠠᠭᠠᠯᠲᠠ ᠲᠥᠬᠦᠭᠡᠷᠦᠮᠵᠢ ᠶᠢ ᠥᠭᠡᠷᠡᠴᠢᠯᠡᠨ ᠥᠷᠭᠡᠳᠬᠡᠨ ᠪᠠᠶᠢᠭᠤᠯᠬᠤ ᠤᠴᠢᠷ ᠶᠠᠪᠤᠳᠠᠯ᠂ ᠠᠯᠪᠠᠨ ᠠᠴᠠ ᠡᠷᠬᠢᠯᠡᠭᠰᠡᠨ ᠬᠤᠶᠠᠷ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠥᠬᠦᠭᠡᠷᠦᠮᠵᠢ ᠶᠢ ᠬᠤᠳᠠᠯᠳᠤᠨ ᠠᠪᠬᠤ ᠤᠴᠢᠷ ᠶᠠᠪᠤᠳᠠᠯ᠂ ᠥᠥᠰᠢᠨ ᠬᠤᠰᠢᠭᠤᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠢ ᠪᠠᠶᠢᠭᠤᠯᠬᠤ᠂ ᠰᠤᠮᠤ ᠪᠠᠯᠭᠠᠰᠤᠨ ᠤ ᠠᠯᠪᠠᠲᠠᠨ ᠤ ᠲᠤᠰᠢᠶᠠᠯ ᠤᠨ ᠳᠡᠰ ᠢ ᠳᠡᠪᠰᠢᠭᠦᠯᠬᠦ ᠵᠡᠷᠭᠡ ᠤᠴᠢᠷ ᠶᠠᠪᠤᠳᠠᠯ ᠢ ᠰᠤᠳᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号