ᠠᠷᠠᠳ ᠤᠨ ᠲᠦᠯᠦᠭᠡᠯᠡᠭᠴᠢ ᠠᠷᠠᠳ ᠲᠦᠮᠡᠨ ᠳᠤ ᠦᠢᠯᠡᠴᠢᠯᠡᠵᠤ ᠠᠬᠤᠢ ᠲᠠᠯᠠᠪᠠᠢ ᠳᠤ ᠬᠦᠷᠴᠦ ᠠᠷᠠᠳ  ᠤᠨ ᠪᠠᠶᠢᠳᠠᠯ ᠢ ᠤᠶᠢᠯᠠᠭᠠᠪᠠ
ᠨᠡᠶᠢᠲᠡᠯᠡᠭᠰᠡᠨ ᠴᠠᠭ᠄
2019-12-26
     12 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠬᠤᠰᠢᠭᠤᠨ ᠳᠤ ᠪᠠᠶᠢᠭ᠎ᠠ ᠦᠪᠡᠷᠳᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠮᠠᠨ ᠤ ᠬᠤᠰᠢᠭᠤᠨ ᠤ ᠣᠳᠣ ᠦᠶ᠎ᠡ ᠶᠢᠨ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠪᠠ ᠣᠳᠣ ᠦᠶ᠎ᠡ ᠶᠢᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠢᠯᠠᠳᠪᠤᠷᠢᠯᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠪᠠ ᠪᠠᠴᠢᠮ ᠰᠢᠢᠳᠪᠤᠷᠢᠯᠠᠭᠦ ᠴᠢᠬᠤᠯᠠᠲᠠᠶ ᠳᠤᠪᠤᠶᠢᠮ᠎ᠠ ᠠᠰᠠᠭᠤᠳᠠᠯ ᠵᠢᠴᠢ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠲᠥᠪᠯᠡᠷᠡᠯ ᠤᠨ ᠠᠰᠠᠭᠤᠳᠠᠯ ᠤᠨ ᠲᠣᠭᠤᠷᠢᠨ ᠳᠤ ᠪᠠᠶᠢᠴᠠᠭᠠᠯᠳᠠ ᠭᠢᠪᠠ᠃
     ᠪᠠᠶᠢᠴᠠᠭᠠᠨ ᠥᠵᠠᠭᠦ ᠳᠤᠭᠤᠶᠢᠯᠠᠩ ᠤᠨ ᠬᠢᠨ ᠤᠷᠢᠳ ᠬᠤᠵᠢᠳ ᠪᠦᠬᠦ ᠬᠤᠰᠢᠭᠤᠨ ᠤ ᠵᠢᠷᠭᠤᠭᠠᠨ ᠰᠤᠮᠤ ᠪᠠᠯᠭᠠᠰᠤᠨ ᠳᠤ ᠬᠦᠷᠴᠦ ᠰᠦᠯᠳᠡ ᠰᠤᠮᠤᠨ ᠤ ᠲᠤᠭᠤᠷᠢᠮ ᠤᠨ ᠰᠦᠮ᠎ᠡ ᠶᠢᠨ ᠲᠠᠪᠤᠨ ᠰᠠᠶ᠎ᠠ ᠸᠠᠲ ᠤᠨ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠥᠢᠯᠠᠳᠪᠤᠷᠢ᠂ ᠴᠤᠤᠳᠠᠢ ᠮᠠᠯ ᠲᠠᠷᠢᠶᠠᠯᠠᠩ ᠤᠨ ᠲᠤᠰᠬᠠᠶ ᠬᠤᠷᠰᠢᠶᠠᠵᠢᠯ ᠵᠢᠴᠢ ᠬᠤᠴᠠᠨ ᠤ ᠲᠠᠯᠠᠪᠤᠷ᠂ ᠲᠠᠯ᠎ᠠ ᠨᠤᠲᠤᠭ ᠤᠨ ᠣᠶᠢᠲᠤ ᠭᠠᠵᠠᠷ ᠤᠨ ᠰᠠᠷᠭᠦᠯᠳᠠ ᠶᠢᠨ ᠪᠠᠶᠢᠳᠠᠯ ᠢ ᠪᠠᠶᠢᠴᠠᠭᠠᠨ ᠥᠵᠠᠵᠤ ᠰᠢᠷᠬᠤᠰᠤᠨ ᠪᠠᠯᠭᠠᠰᠤᠨ ᠤ ᠥᠨᠳᠥᠷ ᠦᠷ᠎ᠡ ᠠᠰᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠥᠥᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠯᠠᠬᠤ ᠭᠠᠵᠠᠷ ᠤᠨ ᠬᠠᠭᠤᠴᠢᠨ ᠪᠠᠭᠤᠷᠢ ᠶᠢᠨ ᠪᠠᠳᠤ ᠶᠢᠨ ᠲᠤᠬᠤᠢ ᠶᠢᠨ ᠠᠯᠪᠠᠯᠠᠬᠤ ᠲᠣᠭᠤᠷᠢᠭ᠂ ᠭᠠᠯᠠᠭᠤᠲᠤ ᠪᠠᠯᠭᠠᠰᠤᠨ ᠤ ᠰᠠᠪᠭᠦᠯ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠱᠠᠩ ᠤᠨ ᠬᠤᠭᠤᠯᠠᠢ ᠨᠡᠭᠦᠷᠡᠰᠦᠨ ᠠᠭᠤᠷᠬᠠᠢ ᠶᠢᠨ ᠦᠢᠯᠡᠰ ᠤᠨ ᠠᠷᠠᠳ ᠢ ᠨᠠᠭᠦᠯᠭᠡᠭᠰᠠᠨ ᠪᠠᠶᠢᠳᠠᠯ᠂ ᠥᠥᠰᠢᠨᠵᠤᠤ ᠭᠠᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠵᠥᠩ ᠮᠸᠢ ᠮᠧᠩ ᠳ᠋ᠠ ᠰᠢᠨ᠎ᠡ ᠡᠨᠧᠷᠭᠢ ᠶᠢᠨ ᠬᠢᠮᠢ ᠶᠢᠨ ᠥᠢᠯᠡᠳᠪᠤᠷᠢ ᠶᠢᠨ ᠬᠢᠵᠠᠭᠠᠷᠲᠤ ᠺᠣᠮᠫᠠᠨᠢ ᠶᠢᠨ 50 ᠲᠦᠮᠡᠨ ᠲᠣᠨ ᠤ ᠪᠠᠷᠢᠯᠭ᠎ᠠ ᠶᠢᠨ ᠰᠦᠯᠢᠶᠣᠣ ᠶᠢᠨ ᠲᠥᠷᠥᠯ ᠵᠦᠢᠯ᠂ ᠲᠤᠭ ᠪᠠᠯᠭᠠᠰᠤᠨ ᠤ ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠢ ᠬᠤᠸᠠ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ ᠠᠭᠤᠷᠬᠠᠢ ᠶᠢᠨ ᠬᠤᠳᠳᠤᠭ ᠤᠨ ᠤᠰᠤᠨ ᠤ ᠰᠢᠢᠳᠪᠤᠷᠢᠯᠠᠯᠳᠠ᠂ ᠤᠯᠠᠭᠠᠠᠳᠤᠯᠤᠭᠠᠢ ᠪᠠᠯᠭᠠᠰᠤᠨ ᠤ ᠤᠯᠠᠭᠠᠠᠳᠤᠯᠤᠭᠠᠢ ᠡᠯᠡᠰᠦ ᠵᠠᠰᠠᠬᠤ ᠥᠷᠲᠡᠭᠡ᠂ ᠵᠢᠶᠧ ᠯᠢᠨ ᠰᠦᠯᠢᠶᠣᠣ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠵᠢᠶ ᠢ ᠲᠠᠢ ᠡᠨᠧᠷᠭᠢ ᠶᠢᠨ ᠬᠢᠵᠠᠭᠠᠷᠲᠤ ᠺᠣᠮᠫᠠᠨᠢ  ᠳᠤ ᠬᠦᠷᠴᠤ ᠦᠵᠡᠭᠦᠯᠦᠯᠭᠡ ᠶᠢᠨ ᠰᠠᠮᠪᠠᠷ᠎ᠠ ᠦᠵᠡᠬᠦ᠂ ᠲᠠᠨᠢᠯᠴᠠᠭᠤᠯᠭ᠎ᠠ ᠰᠣᠨᠣᠰᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠬᠤᠰᠢᠭᠤᠨ ᠤ ᠠᠵᠤ ᠥᠢᠯᠠᠳᠪᠤᠷᠢ ᠶᠢᠨ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠪᠠᠷ  ᠬᠢ ᠤᠶᠢᠷ᠎ᠠ ᠶᠢᠨ ᠵᠢᠯ ᠤᠨ ᠬᠥᠭᠵᠢᠯᠲᠡ ᠬᠤᠪᠢᠷᠠᠯᠲᠠ ᠪᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠤᠶᠢᠯᠠᠭᠠᠭᠰᠠᠨ ᠪᠥᠭᠡᠳ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠶᠠᠷᠢᠶᠠᠨ ᠤ ᠵᠣᠷᠢᠭ ᠰᠠᠨᠠᠭᠠᠨ ᠤ ᠲᠤᠭᠤᠷᠢᠨ ᠳᠤ ᠮᠠᠨ ᠤ ᠬᠤᠰᠢᠭᠤᠨ ᠤ ᠠᠵᠤ ᠥᠢᠯᠠᠳᠪᠤᠷᠢ᠂ ᠠᠮᠢ ᠠᠬᠤᠶ᠂ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃
     ᠪᠠᠶᠢᠴᠠᠭᠠᠨ ᠥᠵᠠᠭᠦ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ︽ᠠᠵᠤ ᠠᠬᠤᠶᠢᠯᠠᠯ  + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠥᠷᠭᠡᠳᠭᠡᠨ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠥᠢᠯᠡᠳᠤᠯ ᠢ ᠰᠠᠶᠢᠲᠤᠷ ᠪᠠᠳᠠᠷᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠨ ᠮᠠᠯ ᠲᠠᠷᠢᠶᠠᠯᠠᠩ ᠤᠨ ᠠᠵᠤ ᠦᠢᠯᠡᠰ ᠤᠨ ᠡᠵᠡᠩᠨᠡᠯᠲᠡ ᠬᠡᠪᠴᠢᠶᠡᠵᠢᠭᠰᠡᠨ ᠴᠢᠭᠯᠡᠯ ᠲᠠᠰᠢ ᠭᠥᠭᠵᠢᠭᠦ ᠶᠢ ᠠᠬᠢᠭᠤᠯᠬᠤ ᠬᠡᠷᠡᠭᠲᠡᠶ᠃ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ᠂ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠴᠢᠳᠠᠪᠤᠷᠢᠲᠠᠨ ᠪᠠ ᠮᠡᠷᠭᠡᠵᠢᠯ ᠤᠨ ᠤᠷᠤᠭᠤᠯᠤᠯᠳᠠ ᠶᠢ ᠴᠢᠩᠭᠠᠳᠬᠠᠨ ᠪᠣᠬᠢᠷᠲᠤᠯ ᠥᠬᠡᠶ ᠣᠷᠭᠠᠨᠢᠭ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ ᠮᠠᠨ ᠤ ᠬᠤᠰᠢᠭᠤᠨ ᠤ ᠣᠳᠣ ᠦᠶ᠎ᠡ ᠶᠢᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠢᠯᠠᠳᠪᠤᠷᠢᠯᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠭᠥᠭᠵᠢᠭᠦᠯᠭᠦ ᠬᠡᠯᠪᠡᠷᠢ ᠶᠢᠨ ᠰᠢᠨ᠎ᠡ ᠶᠢ ᠡᠭᠦᠳᠦᠨ ᠣᠯᠠᠨ ᠠᠷᠭ᠎ᠠ ᠵᠠᠮ ᠢᠶᠠᠷ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠮᠳᠡᠵᠦ ᠪᠣᠯᠬᠤ ᠣᠷᠣᠯᠭ᠎ᠠ ᠶᠢ ᠨᠡᠮᠡᠭᠳᠡᠭᠦᠯᠵᠦ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃ ᠠᠵᠤ ᠠᠬᠤᠢᠯᠠᠯ ᠨᠢ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠠᠬᠢᠭᠤᠯᠬᠤ ᠳᠤᠮᠳᠠ ᠡᠭᠦᠷᠭᠡᠯᠡᠯ ᠬᠠᠷᠢᠭᠤᠴᠠᠯᠭ᠎ᠠ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠬᠦ ᠠᠵᠢᠯ ᠢ ᠰᠠᠶᠢᠲᠤᠷ ᠬᠢᠵᠦ ᠣᠷᠣᠨ ᠨᠤᠲᠤᠭ ᠠᠵᠤ ᠠᠬᠤᠶᠢᠯᠠᠯ ᠤᠨ ᠡᠶ᠎ᠡ ᠵᠣᠬᠢᠴᠠᠩᠭᠤᠶ ᠬᠠᠮᠲᠤᠪᠠᠷ ᠭᠥᠭᠵᠢᠭᠦ ᠶᠢ ᠪᠡᠶᠡᠯᠡᠭᠦᠯᠬᠦ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤᠮᠳᠠᠬᠢ ᠠᠵᠤ ᠠᠬᠤᠶᠢᠯᠠᠯ ᠤᠨ ᠥᠢᠯᠡᠳᠤᠯ ᠢ ᠪᠠᠳᠠᠷᠠᠭᠤᠯᠵᠤ ᠠᠵᠤ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭ᠎ᠠ ᠶᠢ ᠢᠯᠠᠷᠠᠭᠦᠯᠤᠨ ᠮᠠᠨ ᠤ ᠬᠤᠰᠢᠭᠤᠨ ᠤ ᠠᠵᠤ ᠠᠬᠤᠶ ᠨᠡᠶᠢᠬᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃ ᠪᠦᠬᠦ ᠬᠤᠰᠢᠭᠤᠨ ᠤ ᠠᠭᠤᠷᠬᠠᠢ ᠶᠢᠨ ᠬᠤᠳᠳᠤᠭ ᠤᠨ ᠤᠰᠤᠨ ᠤ ᠡᠬᠢ ᠪᠠᠶᠠᠯᠢᠭ ᠢ ᠠᠰᠢᠭᠯᠠᠬᠤ ᠲᠥᠯᠥᠪᠵᠢᠭᠦᠯᠭᠡ ᠶᠢ ᠲᠦᠷᠭᠡᠳᠬᠡᠨ ᠠᠭᠢᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ ᠠᠮᠢ ᠠᠬᠤᠶ ᠶᠢ ᠤᠷᠢᠳ ᠢᠶᠠᠷ ᠪᠤᠳᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠬᠡᠷᠡᠭᠲᠡᠶ᠃ ︽ᠮᠠᠯᠵᠢᠬᠤ ᠳ᠋ᠠᠵᠠᠶ︾ ᠶᠢᠨ ᠵᠣᠷᠢᠭ ᠰᠠᠨᠠᠭᠠᠨ ᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠶ ᠠᠭᠤᠳᠠᠯᠠᠵᠤ ᠪᠣᠬᠢᠷᠲᠤᠯ ᠥᠬᠡᠶ ᠠᠮᠢ ᠠᠬᠤᠢ ᠶᠢᠨ ᠠᠵᠤ ᠠᠬᠤᠶ ᠶᠢ ᠬᠦᠴᠦᠷᠬᠡᠭᠵᠢᠭᠦᠯᠦᠨ ᠪᠣᠬᠢᠷᠲᠤᠯ ᠥᠬᠡᠶ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠪᠣᠬᠢᠷᠲᠤᠯ ᠥᠬᠡᠶ ᠠᠵᠤ ᠠᠬᠤᠶ ᠶᠢ ᠬᠥᠭᠵᠢᠭᠦᠯᠵᠦ ᠨᠤᠮᠢᠨ ᠲᠠᠩᠰᠤᠭ ᠭᠡᠷ ᠣᠷᠣᠨ ᠢ ᠪᠦᠲᠦᠭᠡᠨ ᠪᠠᠶᠢᠭᠤᠯᠬᠤ ᠬᠡᠷᠡᠭᠲᠡᠶ᠃ ᠮᠠᠨ ᠤ ᠬᠤᠰᠢᠭᠤᠨ ᠤ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠬᠠᠮᠠᠭᠠᠯᠠᠬᠤ ᠰᠤᠳᠤᠯᠭᠠᠨ ᠤ ᠡᠷᠴᠢᠮ ᠢᠶᠠᠨ ᠴᠢᠩᠭᠠᠷᠠᠭᠤᠯᠵᠤ ᠬᠤᠪᠢᠰᠬᠠᠯᠳᠤ ᠵᠣᠷᠢᠭ ᠰᠠᠨᠠᠭ᠎ᠠ ᠶᠢ ᠤᠯᠠᠮᠵᠢᠯᠠᠨ ᠬᠤᠪᠢᠰᠬᠠᠯᠳᠤ ᠰᠣᠶᠣᠯ ᠢ ᠪᠠᠳᠠᠷᠠᠭᠤᠯᠬᠤ ᠬᠡᠷᠡᠭᠲᠡᠶ ᠭᠡᠵᠡᠢ᠃
      ᠬᠤᠶᠠᠷ ᠡᠳᠦᠷ ᠤᠨ ᠪᠠᠶᠢᠴᠠᠭᠠᠯᠳᠠ ᠪᠠᠷ ᠳᠠᠮᠵᠢᠨ ᠪᠠᠶᠢᠴᠠᠭᠠᠨ ᠦᠵᠡᠬᠦ ᠳᠤᠭᠤᠶᠢᠯᠠᠩ ᠤᠨ ᠬᠢᠨ᠂ ᠮᠠᠨ ᠤ ᠬᠤᠰᠢᠭᠤ ᠶᠢ ᠠᠵᠤ ᠥᠢᠯᠡᠳᠪᠤᠷᠢ ᠶᠢᠨ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ᠂ ᠬᠤᠪᠢᠰᠬᠠᠯᠳᠤ ᠰᠤᠷᠭᠠᠨ ᠬᠥᠮᠦᠵᠢᠯ᠂ ᠠᠮᠢ ᠠᠬᠤᠢ ᠶᠢᠨ ᠪᠦᠲᠦᠭᠡᠨ ᠪᠠᠢᠭᠤᠯᠤᠯᠲᠠ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ ᠢᠯᠡᠳᠲᠡ ᠦᠷ᠎ᠡ ᠪᠦᠲᠦᠮᠵᠢ ᠣᠯᠵᠠᠶ ᠭᠡᠵᠦ ᠰᠠᠨᠠᠯ ᠨᠢᠭᠡᠲᠡᠢ ᠥᠵᠠᠵᠠᠭᠡᠪᠠ᠃ ᠦᠪᠡᠷᠳᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠢᠯᠠᠷᠭᠡᠶᠢᠯᠠᠭᠦ ᠳᠤ ᠪᠠᠨ᠂ ᠲᠣᠰ ᠤᠳᠠᠭᠠᠨ ᠤ ᠠᠵᠢᠯᠯᠠᠭ᠎ᠠ ᠨᠢ ᠥᠨᠳᠤᠰᠤᠨ ᠱᠠᠳᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠯᠳᠠ ᠭᠢᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠲᠠᠯ᠎ᠠ ᠪᠠᠷ ᠤᠶᠢᠯᠠᠭᠠᠭᠰᠠᠨ ᠪᠠᠶᠢᠨ᠎ᠠ᠂ ᠲᠥᠯᠥᠭᠡᠯᠡᠭᠴᠢᠳ ︽ᠠᠷᠠᠳ ᠤᠨ ᠲᠥᠯᠥᠭᠡᠯᠡᠭᠴᠢᠳ ᠤᠨ ᠠᠷᠠᠳ ᠲᠦᠮᠡᠨ ᠤ ᠲᠥᠯᠥᠭᠡ︾ ᠭᠡᠬᠦ ᠤᠭ ᠰᠠᠨᠠᠭ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ ᠨᠠᠩ ᠣᠨᠣᠪᠴᠢᠲᠠᠶ᠂ ᠨᠠᠩ ᠰᠠᠶᠢᠨ ᠰᠠᠨᠠᠯ ᠰᠠᠨᠠᠭᠤᠯᠭ᠎ᠠ ᠳᠤᠷᠠᠳᠴᠤ ︽ᠠᠷᠠᠳ ᠲᠦᠮᠡᠨ ᠳᠤ ᠥᠢᠯᠠᠴᠢᠯᠠᠭᠦ︾ ᠵᠣᠷᠢᠯᠲᠠ ᠶᠢ ᠨᠠᠩ ᠰᠠᠶᠢᠲᠤᠷ ᠥᠢᠯᠡᠳᠤᠯᠭᠡᠵᠢᠭᠦᠯᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠢᠯᠡᠷᠬᠡᠶᠢᠯᠡᠵᠡᠶ᠃  
     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠤ ᠹᠧᠩ᠂ ᠸᠠᠩ ᠶᠦᠩ ᠴᠢᠩ᠂ ᠸᠠᠩ ᠵᠢᠷᠭᠠᠯ᠂ ᠾᠧ ᠤᠯᠠᠭᠠᠨ ᠪᠠᠶᠢᠴᠠᠭᠠᠯᠳᠠ ᠳᠤ ᠤᠷᠤᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号