ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ︽ᠬᠡᠰᠢᠭᠪᠡᠲᠤ︾ ᠬᠤᠨᠳᠠᠭᠠᠲᠤ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ ᠪᠣᠯᠣᠨ ᠱᠠᠩᠨᠠᠯ ᠣᠯᠭᠤᠬᠤ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-12-26
     12 ᠰᠠᠷ᠎ᠠ ᠶᠢᠨ 25 ᠤ ᠡᠳᠦᠷ᠂ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ︽ᠬᠡᠰᠢᠭᠪᠡᠲᠤ︾ ᠬᠤᠨᠳᠠᠭᠠᠲᠤ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ ᠪᠣᠯᠣᠨ ᠱᠠᠩᠨᠠᠯ ᠣᠯᠭᠤᠬᠤ ᠶᠣᠰᠣᠯᠠᠯ ᠮᠠᠨ ᠤ ᠬᠤᠰᠢᠭᠤᠨ ᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠡᠳ᠋ ᠲᠡᠷᠢᠭᠦᠯᠡᠭᠴᠢ ᠢᠷᠦᠭᠡᠯᠲᠦ᠂ ᠣᠷᠳᠣᠰ ᠬᠤᠲᠠ ᠶᠢᠨ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠱᠢ ᠶᠧ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ  ᠤᠨ ᠳᠠᠷᠤᠭ᠎ᠠ ᠠᠯᠲᠠᠨᠲᠤᠶᠠᠭ᠎ᠠ ᠵᠢᠴᠢ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠤᠷᠠᠨ ᠪᠢᠴᠢᠯᠭᠡ ᠶᠢᠨ ᠳᠤᠷ᠎ᠠ ᠪᠠᠭ᠋ᠠᠲᠠᠳ ᠱᠠᠩᠨᠠᠯ ᠣᠯᠭᠤᠬᠤ ᠶᠣᠰᠣᠯᠠᠯ ᠳᠤ ᠣᠷᠣᠯᠴᠠᠵᠠᠶ᠃      ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠳᠬ᠎ᠠ ᠤᠷᠠᠯᠢᠭ ᠤᠨ ᠬᠢᠨ ᠤ ᠬᠤᠯᠪᠣᠭᠠᠨ ᠠᠴᠠ ᠡᠷᠬᠢᠯᠡᠨ ᠶᠠᠪᠤᠭᠳᠠᠭᠤᠯᠵᠤ ᠪᠠᠶᠢᠭ᠎ᠠ ᠲᠤᠰ ᠤᠳᠠᠭᠠᠨ ᠤ ᠦᠵᠡᠰᠬᠦᠯᠡᠩ ᠳᠤ ᠪᠦᠬᠦ ᠤᠯᠤᠰ ᠤᠨ ᠡᠯ᠎ᠡ ᠭᠠᠵᠠᠷ ᠤᠨ ᠤᠷᠠᠨ ᠪᠢᠴᠢᠯᠭᠡᠲᠡᠳ ᠤᠨ 212 ᠪᠦᠲᠦᠭᠡᠯ ᠠᠴᠠ 99 ᠪᠦᠲᠦᠭᠡᠯ ᠢ ᠰᠣᠩᠭᠤᠨ ᠳᠡᠯᠭᠡᠨ ᠦᠵᠡᠭᠦᠯᠵᠦ ᠰᠢᠯᠢᠳᠡᠭ ᠠᠷᠪᠠᠨ ᠭᠤᠷᠪᠠᠨ ᠬᠥᠮᠥᠨ ᠤ ᠪᠦᠲᠦᠭᠡᠯ ᠢ ︽ᠬᠡᠰᠢᠭᠪᠡᠲᠤ︾ ᠬᠤᠨᠳᠠᠭ᠎ᠠ ᠶᠢᠨ ᠡᠵᠡᠨ ᠢᠶᠠᠷ ᠰᠢᠯᠭᠠᠷᠠᠭᠤᠯᠤᠨ ᠲᠣᠳᠣᠷᠠᠭᠤᠯᠵᠤ ᠱᠠᠩᠨᠠᠨ ᠬᠥᠬᠢᠭᠦᠯᠦᠭᠰᠡᠨ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤ ᠪᠠᠷ ᠨᠤᠲᠤᠭᠲᠠᠢ ᠮᠠᠯᠴᠢᠨ ᠪᠣᠯᠣᠳ ᠲᠤᠰ ᠤᠳᠠᠭᠠᠨ ᠤ ᠦᠵᠡᠰᠬᠦᠯᠡᠩ ᠤᠨ ᠰᠢᠯᠭᠠᠷᠠᠭᠤᠯᠤᠯᠲᠠ ᠳᠤ ᠣᠷᠣᠯᠴᠠᠭᠠᠳ ︽ᠬᠡᠰᠢᠭᠪᠡᠲᠤ︾ ᠬᠤᠨᠳᠠᠭ᠎ᠠ ᠶᠢᠨ ᠡᠵᠡᠨ ᠢᠶᠠᠷ ᠲᠤᠲᠤᠷᠠᠭᠰᠠᠨ ᠪᠠᠶᠢᠨ᠎ᠠ᠃      2017 ᠣᠨ ᠳᠤ ᠠᠩᠬᠠᠳᠤᠭᠠᠷ ᠬᠤᠭᠤᠴᠠᠭᠠᠨ ᠤ ︽ᠬᠡᠰᠢᠭᠪᠡᠲᠤ︾ ᠬᠤᠨᠳᠠᠭᠠᠲᠤ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ ᠢ ᠦᠦᠰᠢᠨ ᠨᠤᠲᠤᠭᠲᠠᠢ ᠠᠯᠳᠠᠷᠲᠤ ᠰᠢᠯᠦᠭᠴᠢ᠂ ᠮᠣᠩᠭᠤᠯ ᠦᠨᠳᠦᠰᠦᠲᠡᠨ ᠤ ᠰᠤᠷᠭᠠᠨ ᠬᠥᠮᠥᠵᠢᠯ ᠤᠨ ᠵᠢᠳᠬᠦᠯᠲᠡᠨ ᠬᠡᠰᠢᠭᠪᠡᠲᠤ ᠶᠢᠨ ᠵᠣᠬᠢᠶᠠᠯ ᠪᠦᠲᠦᠭᠡᠯ ᠢᠶᠠᠷ ᠰᠡᠳᠦᠪᠯᠡᠵᠦ ᠬᠢᠭᠰᠡᠨ ᠪᠣᠯ ᠲᠤᠰ ᠤᠳᠠᠭ᠎ᠠ ᠬᠡᠰᠢᠭᠪᠡᠲᠤ ᠶᠢᠨ ᠵᠣᠬᠢᠶᠠᠯ ᠪᠦᠲᠦᠭᠡᠯ ᠠᠴᠠ ᠭᠠᠳᠠᠨ᠎ᠠ ᠪᠠᠰᠠ ᠳᠡᠭᠡᠳᠦᠰ ᠤᠨ ᠪᠢᠯᠢᠭ ᠰᠤᠷᠭᠠᠯ᠂ ᠮᠡᠷᠭᠡᠳ ᠤᠨ ᠦᠭᠡ᠂ ᠮᠣᠩᠭᠤᠯ ᠤᠨ ᠠᠯᠳᠠᠷᠲᠤ ᠰᠢᠯᠦᠭ ᠵᠣᠬᠢᠶᠠᠯ ᠤᠨ ᠰᠣᠩᠭᠤᠳᠠᠭ ᠬᠡᠰᠡᠭ ᠵᠡᠷᠭᠡ ᠠᠭᠤᠯᠭ᠎ᠠ ᠶᠢ ᠣᠷᠣᠭᠤᠯᠵᠤ ᠰᠢᠨᠵᠢᠶᠠᠩ᠂ ᠬᠥᠯᠦᠨ ᠪᠤᠶᠢᠷ᠂ ᠲᠦᠩᠯᠢᠶᠣᠣ᠂ ᠤᠯᠠᠭᠠᠨᠬᠠᠳᠠ᠂ ᠤᠯᠠᠭᠠᠨᠴᠠᠪ᠂ ᠰᠢᠯᠢ ᠶᠢᠨ ᠭᠤᠣᠯ ᠵᠡᠷᠭᠡ ᠪᠦᠬᠦ ᠤᠯᠤᠰ ᠤᠨ ᠡᠯ᠎ᠡ ᠭᠠᠵᠠᠷ ᠤᠨ ᠤᠷᠠᠨ ᠪᠢᠴᠢᠯᠭᠡᠲᠡᠳ ᠢᠳᠡᠪᠬᠢᠯᠡᠨ ᠣᠷᠣᠯᠴᠠᠭᠰᠠᠨ ᠪᠠᠶᠢᠨ᠎ᠠ᠃      ᠣᠶᠢᠯᠠᠭᠠᠭᠰᠠᠨ ᠢᠶᠠᠷ ᠬᠤᠶᠠᠳᠤᠭᠠᠷ ᠬᠤᠭᠤᠴᠠᠭᠠᠨ ᠤ ᠬᠡᠰᠢᠭᠪᠡᠲᠤ ᠬᠤᠨᠳᠠᠭᠠᠲᠤ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ ᠨᠢ ᠡᠨᠡ ᠵᠢᠯ ᠤᠨ 5 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ ᠪᠦᠬᠦ ᠤᠯᠤᠰ ᠤᠨ ᠡᠯ᠎ᠡ ᠭᠠᠵᠠᠷ ᠠᠴᠠ ᠪᠦᠲᠦᠭᠡᠯ ᠡᠯᠰᠡᠵᠦ 8 ᠳ᠋ᠤᠭᠠᠷ ᠰᠠᠷ᠎ᠠ ᠳᠤ ᠠᠩᠬᠠᠨ ᠤ ᠰᠢᠯᠭᠠᠷᠠᠭᠤᠯᠤᠯᠲᠠ ᠶᠢ ᠶᠠᠪᠤᠭᠳᠠᠭᠤᠯᠤᠨ ᠲᠥᠪ ᠪᠢᠴᠢᠯᠭᠡ᠂ ᠲᠠᠲᠠᠯᠭᠠᠨ ᠪᠢᠴᠢᠯᠭᠡ᠂ ᠭᠦᠶᠦᠯᠭᠡᠨ ᠪᠢᠴᠢᠯᠭᠡ᠂ ᠡᠪᠬᠡᠮᠡᠯ ᠪᠢᠴᠢᠯᠭᠡ᠂ ᠲᠠᠮᠠᠭ᠎ᠠ ᠰᠡᠶᠢᠯᠦᠮᠡᠯ ᠵᠡᠷᠭᠡ ᠲᠠᠪᠤᠨ ᠲᠥᠷᠥᠯ ᠤᠨ 99 ᠪᠦᠲᠦᠭᠡᠯ ᠢ ᠰᠣᠩᠭᠤᠨ ᠭᠠᠷᠭᠠᠭᠠᠳ ︽ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ︾ ᠳᠤ ᠳᠡᠯᠭᠡᠨ ᠦᠵᠡᠭᠦᠯᠵᠦ ᠡᠴᠦᠰ ᠤᠨ ᠰᠢᠯᠭᠠᠷᠠᠭᠤᠯᠤᠯᠲᠠ ᠶᠢ ᠬᠢᠵᠦ ᠠᠷᠪᠠᠨ ᠭᠤᠷᠪᠠᠨ ᠨᠡᠷ᠎ᠡ ︽ᠬᠡᠰᠢᠭᠪᠡᠲᠤ︾ ᠬᠤᠨᠳᠠᠭ᠎ᠠ ᠶᠢᠨ ᠡᠵᠡᠨ ᠢ ᠲᠣᠳᠣᠷᠠᠭᠤᠯᠵᠤ ᠭᠠᠷᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号