︽ᠨᠠᠶᠢᠲᠠᠨ ᠬᠠᠮᠢᠶᠠᠷᠠᠭᠤᠯᠵᠦ ᠡᠭᠡᠯᠵᠢᠯᠡᠭᠦᠯᠦᠨ ᠮᠠᠯᠵᠢᠭᠤᠯᠬᠤ︾ ᠬᠡᠯᠪᠡᠷᠢ ᠨᠢ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠦᠳᠡᠭᠡ ᠲᠤᠰᠬᠤᠨ ᠤ ᠬᠦᠭᠵᠢᠯᠲᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019-12-26
     ᠮᠠᠨ ᠤ ᠬᠤᠰᠢᠭᠤᠨ ᠤ ᠭᠠᠯᠠᠭᠤᠲᠦ ᠪᠠᠯᠭᠠᠰᠤᠨ ᠤ ᠬᠦᠬᠡᠨᠠᠭᠤᠷ ᠭᠠᠴᠠᠭ᠎ᠠ ᠲᠠᠬᠢᠨ ᠶᠠᠳᠠᠭᠤᠷᠠᠬᠤ ᠶᠢ ᠰᠠᠷᠭᠡᠶᠢᠯᠡᠬᠦ ᠶᠢᠨ ᠬᠠᠮᠲᠦ ᠭᠠᠴᠠᠭᠠᠨ ᠤ ᠬᠠᠮᠲᠦ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠᠷ ︽ᠨᠠᠶᠢᠲᠠᠨ ᠬᠠᠮᠢᠶᠠᠷᠠᠭᠤᠯᠵᠦ ᠡᠭᠡᠯᠵᠢᠯᠡᠭᠦᠯᠦᠨ ᠮᠠᠯᠵᠢᠭᠤᠯᠬᠤ︾ ᠠᠷᠭ᠎ᠠ ᠶᠢ ᠠᠰᠢᠭᠯᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠦ ᠪᠠᠶᠢᠨ᠎ᠠ᠃      ᠭᠠᠯᠠᠭᠤᠳᠣ ᠪᠠᠯᠭᠠᠰᠣᠨ ᠤ ᠬᠦᠬᠡᠨᠠᠭᠤᠷ ᠭᠠᠴᠠᠭᠠᠨ ᠤ ᠮᠠᠯᠴᠢᠨ ᠨᠠᠰᠤᠨᠴᠡᠴᠡᠭ ᠦᠪᠡᠷ ᠢᠶᠠᠨ ᠡᠪᠡᠳᠴᠢᠨ ᠡᠮᠭᠡᠭ ᠲᠠᠢ ᠲᠡᠭᠡᠷ᠎ᠡ ᠭᠠᠭᠴᠡ ᠬᠦᠤ ᠨᠢ ᠪᠠᠰᠠ ᠪᠠᠶ᠎ᠠ ᠵᠡᠮᠳᠡᠭ ᠤᠴᠢᠷ ᠠᠴᠠ ᠬᠦᠳᠡᠯᠮᠤᠷᠢ ᠬᠦᠴᠦ ᠲᠤᠲᠠᠨ ᠠᠵᠦ ᠠᠮᠢᠳᠤᠷᠠᠯ ᠨᠢ ᠬᠦᠴᠢᠷᠳᠡᠯᠳᠡᠢ ᠪᠠᠶᠢᠵᠡᠢ᠃ ᠡᠨᠡᠬᠦ ᠪᠠᠶᠢᠳᠠᠯ ᠤᠨ ᠲᠤᠤᠷ᠎ᠠ ᠭᠠᠴᠠᠭᠠᠨ ᠠᠴᠠ ᠤᠯᠠᠨ ᠠᠷᠭ᠎ᠠ ᠬᠡᠯᠪᠡᠷᠢ  ᠪᠠᠷ ᠲᠡᠳᠬᠦᠵᠦ ᠪᠠᠶᠢᠭᠰᠠᠨ ᠰᠠᠭᠤᠷᠢᠨ ᠲᠡᠭᠡᠷ᠎ᠡ ᠡᠨᠡ ᠵᠢᠯ ᠪᠠᠰᠠ 29 ᠡᠬᠡ ᠮᠠᠯ ᠦᠭᠴᠦ ᠲᠦᠷᠪᠡᠨ ᠵᠢᠯ ᠤᠨ ᠬᠤᠭᠤᠴᠠᠭ᠎ᠠ ᠲᠠᠢ ᠨᠡᠶᠢᠳᠡᠨ  ᠬᠠᠮᠢᠶᠠᠷᠠᠭᠤᠯᠵᠦ ᠮᠠᠯᠵᠢᠭᠤᠯᠵᠠᠢ᠃      ᠮᠠᠯᠴᠢᠨ ᠨᠠᠰᠤᠨᠴᠡᠴᠡᠭ᠄ ︽ᠡᠨᠡ ᠵᠢᠯ ᠤᠨ ᠠᠷᠪᠠᠳᠤᠭᠠᠷ ᠰᠠᠷ᠎ᠠ ᠳᠤ ᠨᠠᠲᠠ ᠳᠤ ᠬᠤᠷᠢ ᠶᠢᠰᠦᠨ ᠬᠤᠨᠢ ᠦᠭᠭᠦᠭᠰᠡᠨ᠂ ᠡᠨᠡᠬᠦ 29 ᠬᠤᠨᠢ ᠶᠢ ᠪᠢ ᠲᠦᠷᠪᠡᠨ ᠵᠢᠯ ᠠᠳᠤᠭᠤᠯᠬᠤ ᠭᠠᠷᠤᠭᠰᠠᠨ ᠬᠤᠷᠠᠭ᠎ᠠ ᠶᠢ ᠨᠢ ᠴᠦᠮ ᠦᠪᠡᠷᠳᠡᠭᠡᠨ ᠠᠪᠤᠨ᠎ᠠ᠃ ᠡᠬᠦᠨ ᠳᠤ ᠲᠦᠷᠪᠡᠨ ᠮᠢᠩᠭᠠᠨ ᠵᠤᠭᠤᠰ ᠢ ᠨᠢ ᠭᠠᠴᠠᠭᠠᠨ ᠳᠠᠭᠠᠨ ᠤᠷᠤᠯᠭ᠎ᠠ ᠪᠤᠯᠭᠠᠵᠦ ᠦᠭᠭᠦᠨ᠎ᠡ᠃ ᠲᠦᠷᠪᠡᠨ ᠵᠢᠯ ᠤᠨ ᠲᠠᠷᠠᠭ᠎ᠠ ᠡᠬᠡ ᠮᠠᠯ ᠢ ᠪᠤᠴᠠᠭᠠᠬᠤ ᠳᠤ ᠪᠢ ᠨᠠᠭᠠᠲᠤ ᠵᠠᠬ᠎ᠠ ᠳᠤ ᠪᠠᠨ ᠨᠠᠶᠠᠭᠠᠳ ᠬᠤᠨᠢ ᠲᠠᠢ ᠪᠤᠯᠴᠢᠬᠠᠨ᠎ᠠ︾ ᠭᠡᠵᠤ ᠶᠠᠷᠢᠵᠤ ᠪᠠᠶᠢᠯ᠎ᠠ᠃      ᠨᠠᠶᠢᠲᠠᠨ ᠬᠠᠮᠢᠶᠠᠷᠠᠭᠤᠯᠵᠦ ᠡᠭᠡᠯᠵᠢᠯᠡᠭᠦᠯᠦᠨ ᠮᠠᠯᠵᠢᠭᠤᠯᠬᠤ ᠭᠡᠳᠡᠭ ᠨᠢ ᠲᠠᠷᠤᠢ ᠭᠠᠴᠠᠭᠠᠨ ᠠᠴᠠ ᠬᠦᠴᠢᠷᠲᠡᠯᠲᠡᠢ ᠡᠷᠦᠬᠡ  ᠪᠤᠶᠤ ᠲᠠᠭᠤᠷᠢᠶᠠᠯ ᠵᠢᠱᠢᠶᠡᠴᠢ ᠡᠷᠦᠬᠡ ᠳᠤ ᠵᠤᠬᠢᠬᠤ ᠲᠤᠭᠠᠨ ᠤ ᠰᠠᠭᠤᠷᠢ ᠮᠠᠯ ᠦᠭᠴᠦ ᠮᠠᠯᠵᠢᠭᠤᠯᠵᠦ ᠲᠠᠭᠠᠭᠠᠴᠢᠯᠠᠨ ᠠᠪᠤᠭᠰᠠᠨ ᠡᠷᠦᠬᠡ ᠨᠢ ᠵᠢᠯ ᠪᠦᠷᠢ ᠵᠤᠬᠢᠬᠤ ᠲᠤᠭᠠᠨ ᠤ ᠵᠤᠭᠤᠰ ᠪᠤᠶᠤ ᠮᠠᠯ ᠢᠶᠠᠨ ᠭᠠᠴᠠᠭᠠᠨ ᠳᠤ ᠲᠤᠰᠢᠶᠠᠭᠠᠳ ᠭᠠᠴᠠᠭᠠᠨ ᠤ ᠨᠡᠶᠢᠲᠡ ᠶᠢᠨ ᠤᠷᠤᠯᠭ᠎ᠠ ᠪᠤᠯᠭᠠᠵᠦ ᠭᠠᠴᠠᠭᠠᠨ ᠵᠦᠪᠯᠡᠯ ᠲᠠᠬᠢᠨ ᠡᠳᠡᠭᠡᠷ ᠵᠤᠭᠤᠰ ᠢᠶᠠᠷ ᠮᠠᠯ ᠠᠪᠴᠦ ᠦᠭᠡᠷ᠎ᠡ ᠠᠶᠢᠯ ᠤᠳ ᠲᠤ ᠦᠭᠬᠦ ᠶᠢ ᠬᠡᠯᠡᠵᠦ ᠪᠤᠢ᠃ ᠡᠨᠡ ᠵᠢᠯ ᠬᠦᠬᠡᠨᠠᠭᠤᠷ ᠭᠠᠴᠠᠭ᠎ᠠ ᠬᠠᠮᠲᠦ ᠶᠢᠨ ᠤᠷᠤᠯᠭ᠎ᠠ ᠶᠢ ᠪᠤᠵᠠᠭᠠᠶᠢᠷᠠᠭᠤᠯᠬᠤ ᠡᠷᠬᠢᠯᠳᠡ ᠶᠢᠨ ᠮᠦᠩᠭᠦ ᠠᠴᠠ60 ᠲᠦᠮᠡᠨ ᠲᠦᠭᠦᠷᠢᠭ ᠵᠠᠷᠤᠴᠠᠭᠤᠯᠤᠨ 400 ᠬᠤᠨᠢ ᠠᠪᠴᠦ 9 ᠠᠶᠢᠯ ᠳᠤ ᠨᠠᠶᠢᠲᠠᠨ ᠬᠠᠮᠢᠶᠠᠷᠠᠭᠤᠯᠵᠦ ᠮᠠᠯᠵᠢᠭᠤᠯᠵᠠᠢ᠃      ᠭᠠᠯᠠᠭᠤᠳᠣ ᠪᠠᠯᠭᠠᠰᠣᠨ ᠤ ᠬᠦᠬᠡᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠮᠦᠩᠭᠡᠪᠤᠯᠠᠭ  ᠄ ︽ᠮᠠᠨ  ᠤ ᠭᠠᠴᠠᠭ᠎ᠠ ᠨᠡᠶᠢᠲᠡ 422 ᠡᠷᠦᠬᠡ 1085 ᠬᠦᠮᠦᠨ ᠠᠮᠠ ᠲᠠᠢ᠂ 2016 ᠤᠨ ᠳᠤ ᠲᠤᠭᠲᠠᠭᠠᠭᠰᠠᠨ 14 ᠶᠠᠳᠠᠭᠤ ᠡᠷᠦᠬᠡ ᠲᠠᠢ ᠪᠠᠶᠢᠵᠤ ᠲᠤᠰ ᠵᠢᠯ ᠤᠨ ᠬᠢᠨᠢ ᠡᠴᠦᠰ ᠲᠤ ᠴᠦᠮ ᠶᠠᠳᠠᠭᠤ ᠠᠴᠠ ᠠᠩᠬᠢᠵᠢᠷᠠᠭᠰᠠᠨ᠂ ᠭᠡᠪᠡᠴᠦ ᠤᠲᠦ ᠬᠦᠷᠲᠡᠯ᠎ᠡ ᠨᠠᠮ ᠵᠠᠰᠭ ᠠᠴᠠ ᠲᠡᠳᠬᠦᠨ ᠲᠡᠮᠵᠢᠵᠦ ᠪᠠᠶᠢᠨ᠎ᠠ᠃ ᠬᠤᠳᠡ ᠶᠢᠨ ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠠᠴᠠᠭ᠎ᠠ ᠲᠤᠰᠬᠤᠨ ᠳᠤ ᠰᠠᠭᠤᠵᠦ ᠠᠵᠢᠯᠯᠠᠬᠤ ᠲᠤᠭᠤᠶᠢᠯᠠᠩ  ᠨᠢ ᠬᠦᠬᠡᠨᠠᠭᠤᠷ ᠭᠠᠴᠠᠭ᠎ᠠ ᠶᠢ ᠲᠠᠭᠠᠭᠠᠴᠢᠯᠡᠨ ᠲᠡᠳᠬᠦᠭᠰᠡᠨ ᠠᠴᠠ ᠨᠠᠰᠢ ᠭᠠᠴᠠᠭᠠᠨ ᠤ ᠬᠠᠮᠳᠦ ᠶᠢᠨ ᠠᠵᠦ ᠠᠬᠤᠢ ᠶᠢ ᠬᠦᠭᠵᠢᠬᠦᠯᠬᠦ ᠶᠢ ᠠᠵᠢᠯ ᠤᠨ ᠭᠤᠤᠯᠳᠠᠯᠭ᠎ᠠ ᠪᠠᠨ ᠪᠤᠯᠭᠠᠵᠦ ᠮᠠᠨ ᠤ ᠭᠠᠴᠠᠭ᠎ᠠ ᠨᠢᠳᠤᠨᠤᠨ ᠠᠴᠠ ᠡᠬᠢᠯᠡᠨ ᠬᠤᠷᠰᠢᠶᠠᠵᠢᠯ ᠪᠠᠶᠢᠭᠤᠯᠵᠦ ᠬᠤᠷᠰᠢᠶᠠᠵᠢᠯ ᠤᠨ ᠲᠤᠤᠷ᠎ᠠ ᠪᠠᠨ ᠭᠤᠷᠪᠠᠨ ᠶᠡᠭᠡ ᠲᠦᠷᠦᠯ ᠵᠦᠢᠯ ᠢ ᠬᠢᠵᠦ ᠡᠬᠢᠯᠡᠭᠰᠡᠨ᠃ ᠡᠨᠡᠬᠦ ᠭᠤᠷᠪᠠᠨ ᠶᠡᠭᠡ ᠲᠦᠷᠦᠯ ᠵᠦᠢᠯ ᠪᠤᠯ ︿ᠤᠷᠳᠤᠰ ᠨᠠᠷᠢᠨ ᠨᠤᠤᠰᠤᠳᠦ ᠬᠤᠨᠢᠨ ᠤ ᠠᠬᠠᠷ ᠨᠤᠤᠰᠤ ᠬᠤᠷᠢᠶᠠᠨ ᠬᠠᠳᠠᠭᠠᠯᠠᠬᠤ ᠬᠦᠮᠦᠷᠬᠡ﹀᠂ ︿ᠲᠠᠷᠢᠶᠠᠯᠠᠩ ᠤᠨ ᠦᠢᠯᠡᠴᠢᠯᠡᠬᠡᠨ ᠤ ᠲᠦᠪ﹀ ᠪᠠ ︿ᠨᠡᠶᠢᠳᠡᠨ ᠬᠠᠮᠢᠶᠠᠷᠠᠭᠤᠯᠵᠦ ᠡᠭᠡᠯᠵᠢᠯᠡᠭᠦᠯᠦᠨ ᠮᠠᠯᠵᠢᠭᠤᠯᠬᠤ﹀ ᠲᠦᠷᠦᠯ ᠵᠦᠢᠯ ᠵᠡᠷᠭᠡ ᠶᠠᠳᠠᠭᠤ ᠠᠴᠠ ᠠᠩᠬᠢᠵᠢᠷᠠᠭᠤᠯᠬᠤ ᠭᠤᠷᠪᠠᠨ ᠵᠦᠢᠯ ᠤᠨ ᠠᠷᠭ᠎ᠠ ᠪᠠᠷᠢᠯ  ᠢ ᠭᠡᠷᠡᠭᠵᠢᠬᠦᠯᠬᠦ ᠪᠠᠷ ᠲᠠᠮᠵᠢᠨ ᠬᠠᠮᠳᠦ ᠶᠢᠨ ᠠᠵᠦ ᠠᠬᠤᠢ ᠦᠭᠡᠢ ᠪᠠᠶᠢᠭᠰᠠᠨ ᠬᠤᠭᠤᠰᠤᠨ ᠢ ᠨᠦᠭᠦᠪᠦᠷᠢᠯᠡᠨ ᠨᠢᠬᠡ ᠵᠢᠯ ᠤᠨ ᠲᠤᠳᠤᠷ᠎ᠠ ᠬᠤᠷᠢᠭᠠᠳ ᠲᠦᠮᠡᠨ ᠲᠦᠬᠦᠷᠢᠭ ᠤᠨ ᠬᠠᠮᠳᠦ ᠶᠢᠨ ᠤᠷᠤᠯᠭ᠎ᠠ ᠡᠬᠦᠳᠦᠭᠰᠡᠨ ᠪᠠᠶᠢᠨ᠎ᠠ︾ ᠭᠡᠪᠡ᠃      ︽ᠨᠠᠶᠢᠲᠠᠨ ᠬᠠᠮᠢᠶᠠᠷᠠᠭᠤᠯᠵᠦ ᠡᠭᠡᠯᠵᠢᠯᠡᠭᠦᠯᠦᠨ ᠮᠠᠯᠵᠢᠭᠤᠯᠬᠤ︾ ᠬᠡᠯᠪᠡᠷᠢ ᠨᠢ ᠮᠠᠯᠴᠢᠨ ᠲᠠᠷᠢᠶᠠᠴᠢᠨ ᠢ ᠤᠷᠤᠯᠭ᠎ᠠ ᠶᠢ ᠨᠡᠮᠡᠭᠳᠡᠬᠦᠯᠬᠦ ᠪᠠᠷ ᠪᠠᠷᠠᠬᠤ ᠦᠭᠡᠢ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号