ᠮᠠᠨ ᠤ ᠬᠤᠰᠢᠭᠤ ᠶᠠᠳᠠᠭᠤ ᠬᠦᠴᠢᠷᠳᠡᠯᠳᠡᠢ ᠡᠷᠣᠬᠡ ᠶᠢᠨ ᠤᠤᠭᠤᠬᠤ ᠤᠰᠤᠨ ᠤ ᠠᠶᠣᠯᠬᠦᠢ ᠶᠢ ᠪᠠᠳᠣᠯᠠᠵᠣ ᠪᠠᠶᠢᠨ᠎ᠠ
ᠨᠡᠶᠢᠲᠡᠯᠡᠭᠰᠡᠨ ᠴᠠᠭ᠄
2019-12-30
     ᠤᠰᠤ ᠤᠮᠳᠠ ᠶᠢᠨ ᠠᠶᠣᠯᠬᠦᠢ ᠪᠠᠶᠢᠬᠤ ᠨᠢ ᠬᠥᠮᠦᠨ ᠪᠣᠯᠭᠠᠨ ᠤ ᠠᠵᠣ ᠠᠮᠢᠳᠣᠷᠠᠯ᠂ ᠡᠷᠡᠬᠦᠯ ᠮᠠᠨᠳᠣ ᠲᠠᠢ ᠨᠢᠭᠳᠠ ᠬᠤᠯᠪᠣᠭᠳᠠᠵᠣ ᠪᠠᠶᠢᠳᠠᠭ᠃ ᠡᠨᠡ ᠵᠢᠯ ᠮᠠᠨ ᠤ ᠬᠤᠰᠢᠭᠤ ᠮᠠᠯᠵᠢᠬᠤ ᠲᠠᠷᠢᠶᠠᠯᠠᠬᠤ ᠤᠷᠤᠨ ᠤ ᠤᠰᠤ ᠤᠮᠳᠠ ᠎ ᠶᠢᠨ ᠠᠶᠣᠯᠬᠦᠢ ᠶᠢ ᠪᠠᠳᠣᠯᠠᠬᠤ ᠠᠵᠢᠯᠯᠠᠭ᠎ᠠ ᠶᠢ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠣᠭᠠᠨ ᠲᠠᠢ ᠣᠶᠠᠯᠳᠣᠭᠤᠯᠣᠨ ᠨᠢᠭᠡᠳᠦᠯᠲᠡᠶ ᠪᠠᠶᠢᠷᠢᠯᠠᠭᠤᠯᠵᠣ ᠶᠠᠳᠠᠭᠤ ᠬᠦᠴᠢᠷᠳᠡᠯᠲᠡᠶ ᠡᠷᠣᠬᠡ ᠶᠢᠨ ᠤᠤᠭᠤᠬᠤ ᠤᠰᠤᠨ ᠤ ᠠᠶᠣᠯᠬᠦᠢ ᠶᠢ ᠪᠠᠳᠣᠯᠠᠵᠣ ᠪᠠᠶᠢᠨ᠎ᠠ᠃      ᠤᠯᠠᠭᠠᠨᠲᠣᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠨᠠᠮᠤᠷ ᠤᠨ ᠬᠢᠨ ᠤ ᠰᠠᠭᠤᠵᠣ ᠪᠠᠶᠢᠭ᠎ᠠ ᠭᠡᠷ ᠪᠡᠶᠢᠰᠢᠭ ᠤᠨ ᠭᠠᠵᠠᠷ ᠤᠨ ᠪᠠᠶᠢᠴᠠ ᠨᠢ ᠨᠡᠯᠢᠶᠡᠳ ᠳᠣᠤᠷ᠎ᠠ ᠠᠴᠠ ᠣᠣᠭᠤᠬᠤ ᠣᠰᠣᠨ ᠤ ᠬᠤᠳᠳᠤᠭ ᠤᠨ ᠴᠡᠪᠡᠷᠴᠡ ᠪᠠᠷ ᠳᠣᠣᠷ᠎ᠠ ᠪᠠᠶᠢᠳᠠᠭ᠃ ᠡᠨ᠋ᠨ ᠣᠳᠠᠭ᠎ᠠ ᠬᠤᠰᠢᠭᠤ ᠤᠰᠤᠨ ᠠᠰᠢᠭᠯᠠᠯᠲᠠ ᠶᠢᠨ ᠲᠣᠪᠴᠢᠶᠠᠨ ᠤ ᠠᠵᠢᠯᠲᠠᠳ ᠳᠠᠳᠠᠨ ᠤ ᠭᠡᠷ ᠤᠨ ᠣᠣᠭᠤᠬᠤ ᠣᠰᠣᠨ ᠤ ᠴᠢᠨᠡᠷ ᠢ ᠰᠢᠯᠭᠠᠨ ᠪᠠᠶᠢᠴᠠᠭᠠᠵᠣ ᠪᠠᠷᠢᠮᠵᠢᠶ᠎ᠠ ᠳᠤ ᠬᠦᠷᠬᠦ ᠦᠬᠡᠢ ᠪᠠᠶᠢᠭ᠎ᠠ ᠶᠢ ᠮᠠᠳᠠᠵᠣ ᠦᠨ᠎ᠠ ᠲᠥᠯᠥᠪᠦᠷᠢ ᠦᠭᠡᠢ ᠪᠠᠷ ᠤᠰᠤ ᠠᠷᠢᠭᠤᠳᠬᠠᠬᠤ ᠮᠠᠰᠢᠨ ᠤᠭᠰᠠᠷᠠᠵᠤ ᠴᠡᠪᠡᠷ ᠳᠣᠩᠭᠠᠯᠠᠭ ᠠᠶᠣᠯᠬᠦᠢ ᠣᠰᠣ ᠣᠣᠭᠤᠬᠤ ᠪᠣᠯᠣᠭᠰᠠᠨ ᠪᠠᠶᠢᠨ᠎ᠠ᠃ ᠳᠡᠷᠡ ᠰᠣᠷᠪᠣᠯᠵᠢᠯᠠᠭᠴᠢ ᠳᠤ ᠣᠰᠣ ᠠᠷᠢᠭᠤᠳᠬᠠᠬᠤ ᠮᠠᠰᠢᠨ ᠤᠭᠰᠠᠷᠠᠭᠰᠠᠨ ᠤ ᠳᠠᠷᠠᠭ᠎ᠠ ᠣᠣᠭᠤᠬᠤ ᠤᠰᠤ ᠨᠢ ᠴᠡᠪᠡᠷ ᠳᠣᠩᠭᠠᠯᠠᠭ ᠠᠮᠲᠠᠲᠠᠢ ᠮᠦᠷᠳᠡᠭᠡᠨ ᠡᠷᠡᠭᠦᠯ ᠮᠡᠨᠳᠦ ᠳᠤ ᠠᠰᠢᠭᠳᠡᠢ ᠭᠡᠵᠤ ᠰᠡᠳᠬᠢᠯ ᠳᠣᠭᠳᠣᠯᠣᠨ ᠶᠠᠷᠢᠵᠣ ᠪᠠᠶᠢᠯ᠎ᠠ᠃      ᠡᠨᠡ ᠵᠢᠯ ᠤᠨ 3 ᠰᠠᠷ᠎ᠠ ᠠᠴᠠ ᠨᠠᠰᠢ ᠮᠠᠨ ᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠬᠤᠰᠢᠭᠤ ᠶᠠᠳᠠᠭᠤ ᠶᠢ ᠲᠡᠳᠬᠦᠬᠦ ᠠᠯᠪᠠᠨ ᠭᠡᠷ᠂ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠵᠡᠷᠭᠡ ᠪᠠᠶᠢᠭᠤᠯᠭ᠎ᠠ ᠨᠢᠬᠡᠴᠢ ᠲᠠᠢ ᠬᠠᠮᠲᠤᠷᠠᠨ ᠪᠥᠬᠦ ᠬᠤᠰᠢᠭᠤᠨ ᠤ 438 ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠡᠯ ᠢ ᠪᠠᠶᠢᠴᠠᠭᠠᠨ ᠳᠣᠳᠣᠯᠠᠵᠣ ᠣᠳᠣᠬᠠᠨ ᠳᠤ᠂ ᠨᠡᠶᠢᠲᠡ 67 ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠬᠦ ᠥᠬᠡᠶ ᠪᠠᠶᠢᠬᠤ ᠶᠢ ᠪᠠᠶᠢᠴᠠᠭᠠᠨ ᠮᠡᠳᠡᠵᠣ ᠳᠦᠬᠡᠬᠡᠯ ᠣᠰᠣ ᠵᠠᠯᠭᠠᠬᠤ ᠎ ᠶᠢᠨ ᠬᠠᠮᠳᠣ ᠤᠰᠤ ᠠᠷᠢᠭᠤᠳᠬᠠᠬᠤ ᠮᠠᠰᠢᠨ ᠣᠭᠰᠠᠷᠠᠨ ᠦᠬᠡᠷᠡᠴᠢᠯᠡᠨ ᠵᠠᠰᠠᠵᠤ ᠳᠠᠭᠤᠰᠬᠠᠭᠰᠠᠨ ᠪᠠᠶᠢᠨ᠎ᠠ᠃        ᠣᠶᠢᠷ᠎ᠠ ᠶᠢᠨ ᠵᠢᠯ ᠳᠤ᠂ ᠮᠠᠨ ᠤ ᠬᠤᠰᠢᠭᠤ ᠨᠢ ᠮᠠᠯᠴᠢᠨ ᠳᠠᠷᠢᠶᠠᠴᠢᠳ ᠪᠣᠯᠣᠨ ᠶᠠᠳᠠᠭᠤ ᠬᠦᠴᠢᠷᠳᠡᠯᠲᠡᠶ ᠠᠶᠢᠯ ᠡᠷᠦᠬᠡ ᠶᠢᠨ ᠤᠤᠭᠤᠬᠤ ᠤᠰᠤᠨ ᠤ ᠠᠶᠣᠯᠬᠦᠢ ᠶᠢ ᠪᠠᠳᠣᠯᠠᠬᠤ ᠠᠵᠢᠯ ᠢ ᠳᠠᠰᠣᠷᠠᠯᠳᠠ ᠦᠬᠡᠢ ᠴᠢᠩᠭᠠᠳᠬᠠᠵᠣ ᠣᠯᠠᠨ ᠵᠣᠶᠢᠯ ᠤᠨ ᠳᠣᠬᠢᠳᠡᠢ ᠠᠷᠭ᠎ᠠ ᠪᠠᠷ ᠠᠶᠣᠯᠬᠦᠢ ᠶᠢ ᠪᠠᠳᠣᠯᠠᠨ ︽ᠣᠰᠣ ᠣᠣᠭᠤᠬᠤ ᠳᠤ ᠬᠦᠴᠢᠷᠲᠠᠢ︾ ᠪᠠᠶᠢᠭᠰᠠᠨ ᠪᠣᠳᠠᠳᠣ ᠪᠠᠶᠢᠳᠠᠯ ᠢ ᠦᠬᠡᠷᠡᠴᠢᠯᠠᠨ ᠬᠤᠪᠢᠷᠠᠭᠤᠯᠵᠣ ︽ᠴᠢᠨᠠᠷᠯᠢᠭ ᠣᠰᠣ︾ ᠣᠣᠭᠤᠬᠤ ᠪᠣᠯᠭᠠᠵᠣ ᠣᠯᠠᠨ ᠲᠦᠮᠡᠨ ᠡᠳᠣᠷ ᠳᠣᠳᠣᠮ ᠤᠨ ᠠᠮᠢᠳᠣᠷᠠᠯ ᠳᠤ ᠪᠠᠨ ᠠᠮᠣᠷ ᠳᠦᠪᠰᠢᠨ᠂ ᠰᠠᠨᠠᠭ᠎ᠠ ᠠᠮᠤᠷ ᠣᠰᠣ ᠶᠢ ᠣᠣᠭᠤᠵᠣ ᠵᠣᠯ ᠵᠢᠷᠭᠠᠯᠳᠠᠢ᠂ ᠰᠡᠳᠬᠢᠯ ᠬᠠᠨᠣᠮᠵᠢᠳᠡᠢ ᠠᠮᠢᠳᠣᠷᠠᠬᠤ ᠪᠣᠯᠣᠭᠰᠠᠨ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号