12 ᠰᠠᠷ᠎ᠠ ᠶᠢᠨ 26 ᠤ ᠡᠳᠦᠷ᠂ ᠪᠥᠬᠦ ᠬᠤᠰᠢᠭᠤᠨ ᠤ ᠠᠵᠤ ᠠᠬᠤᠶᠢᠯᠠᠯᠳᠠᠳ ᠤᠨ ᠰᠠᠭᠤᠳᠠᠯ ᠤᠨ ᠬᠤᠷᠠᠯ | ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ ᠪᠤᠯᠤᠨ ᠡᠯ᠎ᠡ ᠠᠵᠤ | ᠠᠬᠤᠢ ᠶᠢᠨ ᠨᠡᠭᠡᠭᠡᠯᠲᠡ ᠶᠢᠨ ᠤᠷᠤᠨ ᠬᠦᠷᠢᠶᠡᠯᠡᠩ ᠲᠣᠭᠤᠷᠢᠭ ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ | ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠤᠰᠢᠭᠤᠨ ᠳᠤ ᠰᠠᠭᠤᠭ᠎ᠠ ᠡᠯ᠎ᠡ ᠭᠤᠤᠯᠳᠠᠯᠭ᠎ᠠ ᠲᠠᠢ ᠠᠵᠤ | ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤ ᠳᠡᠳ᠋ ᠳᠠᠷᠤᠭ᠎ᠠ ᠯᠢ ᠵᠥᠩ ᠯᠢᠨ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ 2019 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠨᠡᠶᠢᠲᠡᠯᠡᠪᠡ᠃ ᠬᠢᠮᠢ ᠶᠢᠨ ᠥᠢᠯᠠᠳᠪᠤᠷᠢ᠂ ᠮᠥᠩᠭᠦᠨ ᠭᠥᠢᠯᠭᠡᠭᠡ᠂ ᠰᠣᠶᠣᠯ ᠵᠢᠭᠤᠯᠴᠢᠯᠠᠯ᠂ ᠮᠠᠯ | ᠲᠠᠷᠢᠶᠠᠯᠠᠩ ᠵᠡᠷᠭᠡ ᠬᠦᠷᠢᠶᠡᠨ ᠤ 9 ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠡᠨᠡ ᠵᠢᠯ ᠤᠨ ᠡᠷᠭᠢᠯᠳᠠ ᠶᠢᠨ | ᠪᠠᠶᠢᠳᠠᠯ ᠢᠶᠠᠨ ᠬᠠᠷᠢᠭᠤ ᠮᠡᠳᠡᠭᠦᠯᠵᠦ ᠰᠠᠨᠠᠯ ᠰᠠᠨᠠᠭᠤᠯᠭ᠎ᠠ ᠲᠤᠷᠠᠳᠤᠨ ᠢᠷᠡᠭᠡᠳᠦᠶ ᠶᠢᠨ ᠬᠥᠭᠵᠢᠯᠲᠡ ᠶᠢᠨ ᠲᠤᠬᠠᠢ | ᠶᠠᠷᠢᠯᠴᠠᠪᠠ᠃ ᠬᠤᠷᠠᠯ ᠳᠤ ᠣᠷᠣᠯᠴᠠᠭᠰᠠᠳ ᠠᠵᠤ ᠠᠬᠤᠶᠢᠯᠠᠯᠳᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠪᠠ | ᠬᠦᠰᠡᠯ ᠱᠠᠭᠠᠷᠳᠠᠯᠭ᠎ᠠ ᠶᠢᠨ ᠲᠤᠬᠠᠶ ᠶᠠᠷᠢᠯᠴᠠᠵᠤ ᠲᠤᠳᠤᠷᠬᠠᠶᠢᠯᠠᠯᠳᠠ ᠲᠠᠶᠢᠯᠪᠤᠷᠢ ᠬᠢᠪᠡ᠃ | ᠵᠤᠤ ᠹᠧᠶ ᠯᠦ ᠡᠯ᠎ᠡ ᠠᠵᠤ ᠠᠬᠤᠶᠢᠯᠠᠯᠳᠠᠳ ᠤᠨ ᠥᠥᠰᠢᠨ ᠬᠤᠰᠢᠭᠤᠨ ᠤ ᠠᠵᠤ ᠠᠬᠤᠶ ᠨᠡᠶᠢᠬᠡᠮ ᠤᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ | ᠭᠠᠷᠭᠠᠭᠰᠠᠨ ᠨᠢ᠂ ᠤᠳᠤᠬᠠᠨ ᠳᠤ ᠮᠠᠨ ᠤ ᠬᠤᠰᠢᠭᠤᠨ ᠤ ᠭᠠᠳᠠᠨᠠᠬᠢ ᠬᠥᠭᠵᠢᠯᠲᠡ ᠶᠢᠨ ᠣᠷᠣᠨ ᠵᠠᠶ᠂ | ᠳᠣᠲᠣᠭᠠᠳᠤ ᠶᠢᠨ ᠬᠥᠭᠵᠢᠯᠲᠡ ᠶᠢᠨ ᠣᠷᠴᠢᠨ ᠲᠣᠭᠤᠷᠢᠨ ᠰᠢᠯᠢᠳᠡᠭᠵᠢᠵᠤ ᠵᠣᠬᠢᠴᠠᠩᠭᠤᠶ ᠬᠥᠭᠵᠢᠯᠲᠡ᠂ ᠠᠵᠢᠯ | ᠲᠥᠷᠥᠯ ᠨᠠᠷᠢᠨ ᠬᠤᠪᠢᠶᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠪᠦᠬᠦ ᠲᠠᠯ᠎ᠠ ᠪᠠᠷ | ᠪᠦᠷᠢᠯᠳᠦᠨ᠂ ᠲᠥᠷᠦ ᠶᠢᠨ ᠪᠣᠳᠣᠯᠭ᠎ᠠ ᠶᠢᠨ ᠣᠷᠴᠢᠨ ᠨᠠᠩ ᠠᠰᠢᠭᠲᠠᠢ ᠪᠣᠯᠵᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠳᠤ ᠬᠦᠴᠦᠨ ᠨᠠᠮᠠᠷᠢᠯᠡᠭᠰᠠᠨ ᠲᠥᠷᠦ ᠶᠢᠨ ᠪᠣᠳᠣᠯᠭ᠎ᠠ ᠶᠢᠨ ᠲᠤᠭᠳᠠᠯᠴᠠᠭ᠎ᠠ ᠪᠦᠬᠦ ᠲᠠᠯ᠎ᠠ ᠪᠠᠷ ᠪᠦᠷᠢᠯᠳᠦᠵᠤ | ᠰᠠᠭᠤᠷᠢ ᠲᠥᠬᠦᠭᠡᠷᠦᠮᠵᠢ ᠨᠠᠩ ᠪᠥᠷᠢᠨ ᠲᠠᠭᠦᠯᠳᠡᠷ ᠪᠤᠯᠵᠤ ᠥᠨᠳᠥᠷ ᠪᠦᠲᠦᠮᠵᠢᠲᠡᠶ ᠬᠤᠯᠪᠣᠯᠳᠤᠨ ᠨᠡᠪᠳᠡᠷᠡᠯᠴᠡᠭᠰᠡᠨ | ᠡᠳ᠋ ᠪᠠᠷᠠᠭᠠᠨ ᠤ ᠭᠥᠢᠯᠭᠡᠭᠡᠨ ᠤ ᠲᠡᠭᠡᠭᠡᠪᠦᠷᠢ ᠶᠢᠨ ᠲᠤᠭᠳᠠᠯᠴᠠᠭ᠎ᠠ ᠪᠦᠬᠦ ᠲᠠᠯ᠎ᠠ ᠪᠠᠷ ᠪᠦᠷᠢᠯᠳᠦᠭᠰᠡᠨ ᠪᠠᠶᠢᠨ᠎ᠠ᠃ | ᠠᠵᠤ ᠠᠬᠤᠶᠢᠯᠠᠯᠳᠠᠳ ᠪᠠᠶᠢᠳᠠᠯ ᠢ ᠣᠨᠣᠪᠴᠢᠲᠠᠶ ᠡᠵᠡᠮᠳᠠᠨ ᠠᠷᠭ᠎ᠠ ᠰᠦᠪᠡᠭᠴᠢᠯᠡᠵᠦ ᠬᠥᠭᠵᠢᠯᠲᠡ ᠶᠢᠨ | ᠢᠲᠡᠭᠡᠯ ᠢᠶᠠᠨ ᠪᠠᠳᠤᠳᠬᠠᠨ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠬᠦ ᠶᠢ ᠬᠦᠰᠡᠵᠦ ᠪᠠᠶᠢᠨ᠎ᠠ ᠭᠡᠵᠡᠢ᠃ | ᠵᠤᠤ ᠹᠧᠶ ᠯᠦ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠪᠣᠯ ᠵᠠᠬ᠎ᠠ ᠳᠡᠯᠭᠡᠭᠦᠷ ᠤᠨ ᠭᠤᠤᠯ ᠴᠣᠭᠴᠠ᠂ | ᠭᠠᠶᠢᠯᠢ ᠲᠠᠲᠠᠪᠤᠷᠢ ᠶᠢᠨ ᠡᠬᠢ ᠡᠭᠦᠰᠦᠯ᠂ ᠬᠥᠭᠵᠢᠯᠲᠡ ᠶᠢᠨ ᠲᠦᠰᠢᠭ ᠂ ᠪᠠᠰᠠ ᠴᠤ ᠠᠷᠠᠳ ᠲᠤ ᠠᠰᠢᠭ | ᠬᠦᠷᠲᠡᠭᠡᠵᠦ ᠣᠷᠣᠯᠭ᠎ᠠ ᠨᠡᠮᠡᠭᠳᠡᠭᠦᠯᠬᠦ ᠴᠢᠬᠤᠯᠠ ᠠᠷᠭ᠎ᠠ ᠵᠠᠮ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠨᠠᠩ ᠢᠳᠡᠪᠬᠢᠲᠡᠢ ᠣᠪᠣᠷ᠂ ᠨᠠᠩ ᠪᠦᠲᠦᠮᠵᠢᠲᠡᠶ ᠠᠷᠭ᠎ᠠ ᠬᠡᠮᠵᠢᠶ᠎ᠡ᠂ ᠨᠠᠩ ᠪᠣᠳᠠᠲᠠᠶ ᠶᠢ | ᠡᠷᠬᠢᠮᠯᠡᠬᠦ ᠰᠤᠷᠲᠠᠯ ᠢᠶᠠᠷ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠲᠥᠷᠦ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ ᠠᠵᠤ ᠠᠬᠤᠶᠢᠯᠠᠯᠲᠠᠳ ᠤᠨ ᠲᠣᠰ ᠪᠡᠶ᠎ᠡ ᠶᠢᠨ ᠠᠰᠢᠭ ᠲᠤᠰᠠ ᠳᠤ | ᠬᠤᠯᠪᠣᠭᠳᠠᠬᠤ ᠠᠰᠠᠭᠤᠳᠠᠯ ᠢ ᠰᠠᠶᠢᠲᠤᠷ ᠰᠢᠢᠳᠪᠤᠷᠢᠯᠠᠵᠤ ᠠᠵᠤ ᠠᠬᠤᠶᠢᠯᠠᠯ ᠤᠨ ᠬᠥᠭᠵᠢᠯᠲᠡ ᠳᠤ ᠬᠤᠯᠪᠣᠭᠳᠠᠬᠤ | ᠲᠠᠪᠴᠠᠩ ᠢ ᠪᠠᠶᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠳᠤ ᠥᠷᠢᠳᠥᠭᠰᠠᠨ ᠵᠤᠭᠤᠰ ᠢ ᠢᠯᠭᠠᠷᠠᠭᠤᠯᠵᠤ ᠠᠵᠤ ᠠᠬᠤᠶᠢᠯᠠᠯ ᠤᠨ | ᠬᠤᠳᠠᠯᠳᠤᠭ᠎ᠠ ᠡᠵᠡᠩᠨᠡᠬᠦ ᠥᠪᠡᠷ ᠤᠨ ᠥᠷᠲᠡᠭ ᠢ ᠪᠠᠭᠤᠷᠠᠭᠤᠯᠤᠨ ᠠᠵᠤ ᠠᠬᠤᠶᠢᠯᠠᠯ ᠤᠨ ᠠᠵᠠ ᠲᠣᠬᠢᠶᠠᠯ ᠢ | ᠰᠠᠶᠢᠲᠤᠷ ᠡᠵᠡᠮᠳᠡᠵᠦ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃ |