ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶ᠎ᠠ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ ᠴᠢᠬᠤᠯᠠᠴᠢᠯᠠᠭᠰᠠᠨ ᠨᠢ᠄ ᠣᠭ ᠰᠠᠨᠠᠭ᠎ᠠ ᠪᠠᠨ ᠦᠯᠦ ᠮᠠᠷᠲᠠᠵᠣ ᠡᠭᠦᠷᠭᠡ ᠬᠠᠷᠢᠭᠤᠴᠠᠯᠭ᠎ᠠ ᠪᠠᠨ ᠪᠠᠲᠣ ᠴᠡᠭᠡᠵᠢᠯᠡᠬᠦ ᠶᠢ ᠲᠦᠷᠦᠭᠦᠯᠡᠨ ᠨᠠᠰᠣᠨ ᠲᠣᠷᠰᠢᠲᠠ ᠶᠢᠨ ᠰᠡᠳᠦᠪ ᠢᠶᠠᠨ ᠪᠣᠯᠭᠠᠵᠣ ᠡᠪ ᠬᠠᠮᠲᠤᠴᠤᠳ ᠤᠨ ᠤᠯᠤᠰ ᠲᠥᠷᠥ ᠶᠢᠨ ᠤᠤᠷ ᠴᠢᠨᠠᠷ ᠪᠠ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠢ ᠢᠮᠠᠭᠲᠠ ᠪᠠᠳᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2019-12-30
     ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶ᠎ᠠ 12 ᠰᠠᠷ᠎ᠠ ᠶᠢᠨ 26 ᠠᠴᠠ 27 ᠤ ᠡᠳᠦᠷ ᠪᠣᠯᠲᠠᠯ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠢᠵᠢᠮ ᠲᠠᠢ ᠨᠢᠬᠳᠠ ᠬᠤᠯᠪᠤᠵᠤ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠤᠭ ᠰᠠᠨᠠᠭ᠎ᠠ ᠪᠠᠨ ᠰᠠᠬᠢᠵᠥ᠂ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠲᠤᠭᠤᠰᠢᠯᠠᠭᠤᠯᠵᠥ ᠂ ᠤᠨᠤᠯ ᠰᠤᠷᠤᠯᠴᠠᠵᠤ ᠤᠯᠤᠯᠳᠠ ᠲᠠᠢ ᠪᠤᠯᠬᠤ᠂ ᠦᠵᠡᠯ ᠰᠠᠨᠠᠭ᠎ᠠ ᠤᠯᠤᠰ ᠲᠦᠷᠦ ᠪᠠᠨ ᠠᠷᠢᠭᠤᠳᠬᠠᠬᠤ᠂ ᠠᠵᠢᠯ ᠬᠢᠵᠤ ᠦᠢᠯᠡᠰ ᠪᠤᠰᠬᠠᠬᠤ ᠳᠤ ᠵᠤᠷᠢᠬᠳᠠᠢ ᠪᠠᠷ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠵᠤ ᠬᠦᠴᠢᠷ ᠠᠰᠠᠭᠤᠳᠠᠯ ᠢ ᠰᠢᠢᠳᠪᠤᠷᠢᠯᠡᠬᠦ᠂ ᠲᠦᠪ ᠭᠤᠤᠯᠴᠢ ᠠᠷᠢᠭᠤᠨ ᠴᠢᠭᠡᠴᠢ ᠶᠢᠨ ᠲᠠᠭᠤᠷᠢᠶᠠᠯ ᠪᠤᠯᠬᠤ ᠬᠠᠷᠠᠯᠲᠠ ᠪᠠᠷ ᠭᠤᠤᠯᠳᠠᠭᠤᠯᠵᠤ᠂ ︽ᠳᠥᠷᠪᠡ ᠶᠢ ᠬᠠᠷᠢᠴᠠᠭᠤᠯᠬᠤ︾᠂ ︽ᠳᠥᠷᠪᠡ ᠶᠢ ᠡᠷᠢᠬᠦ︾ ᠱᠠᠭᠠᠷᠳᠠᠯᠭ᠎ᠠ ᠶᠣᠰᠣᠭᠠᠷ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠭᠦᠨᠵᠡᠭᠡᠶ ᠵᠠᠳᠠᠯᠤᠯᠳᠠ ᠬᠢᠵᠤ᠂ ᠰᠢᠬᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃      ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠶ᠃
     ᠬᠤᠷᠠᠯ ᠠᠴᠠ ᠡᠮᠦᠨ᠎ᠡ᠂ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠨᠥᠬᠦᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠰᠡᠳᠬᠢᠯ ᠢᠶᠠᠨ ᠤᠯᠤᠯᠴᠠᠨ ᠶᠠᠷᠢᠯᠴᠠᠵᠤ᠂ ᠪᠠᠶᠢᠴᠠᠭᠠᠨ ᠰᠤᠳᠤᠯᠵᠤ ᠰᠡᠳᠭᠢᠨ ᠪᠤᠳᠤᠯᠬᠢᠯᠠᠵᠤ᠂ ᠶᠠᠷᠢᠶᠠᠨ ᠤ ᠮᠠᠲ᠋ᠧᠷᠢᠶᠠᠯ ᠪᠢᠴᠢᠪᠡ᠃ ᠬᠤᠷᠠᠯ ᠠᠴᠠ ᠡᠩ ᠲᠡᠷᠢᠭᠦᠨ ᠳᠤ ︽2019 ᠣᠨ ᠤ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠪᠣᠯᠤᠨ ︽ᠬᠡᠯᠪᠡᠷᠢᠴᠢ ᠦᠵᠡᠯ ᠤᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠪᠡ᠃ ᠳᠠᠷᠠᠭ᠎ᠠ ᠨᠢ᠂ ᠨᠠᠮ ᠤᠨ ᠲᠦᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠨᠥᠬᠦᠳ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠱᠠᠭᠠᠷᠳᠠᠯᠭ᠎ᠠ ᠶᠣᠰᠣᠭᠠᠷ ᠬᠠᠷᠢᠴᠠᠭᠤᠯᠤᠨ ᠪᠠᠶᠢᠴᠠᠭᠠᠪᠠ᠃      ᠨᠠᠮ ᠤᠨ ᠲᠦᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠨᠥᠬᠦᠳ 7 ᠲᠠᠯ᠎ᠠ ᠪᠠᠷ ᠭᠤᠤᠯᠳᠠᠭᠤᠯᠵᠤ ᠶᠠᠷᠢᠪᠠ᠃ ᠨᠢᠭᠡ ᠳᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠭᠰᠠᠨ ᠪᠠᠶᠢᠳᠠᠯ᠃ ᠬᠤᠶᠠᠷ ᠲᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠭᠰᠡᠨ ᠪᠠᠶᠢᠳᠠᠯ᠃ ᠭᠤᠷᠪᠠ ᠳᠤ᠂ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ᠃ ᠳᠥᠷᠪᠡ ᠳᠤ᠂ ᠵᠣᠷᠢᠯᠲᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠦᠢᠯᠡᠴᠢᠯᠡᠭᠰᠡᠨ ᠪᠠᠶᠢᠳᠠᠯ᠃ ᠲᠠᠪᠤ ᠳᠤ᠂ ᠳᠦᠷᠢᠮ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠵᠠᠰᠠᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠠᠶᠢᠳᠠᠯ᠃ ᠵᠢᠷᠭᠤᠭ᠎ᠠ ᠳᠤ᠂ ᠡᠷᠬᠡ ᠪᠠᠨ ᠭᠤᠤᠯᠴᠢ ᠪᠠᠷ ᠬᠡᠷᠡᠭᠯᠡᠵᠤ᠂ ᠠᠷᠢᠭᠤᠨ ᠴᠢᠭᠡᠴᠢ ᠲᠦᠪ ᠭᠤᠤᠯᠴᠢ ᠶᠢ ᠡᠷᠬᠢᠮᠯᠡᠭᠰᠡᠨ ᠪᠠᠶᠢᠳᠠᠯ᠃ ᠲᠤᠯᠤᠭ᠎ᠠ ᠳᠤ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠴᠢᠨᠠᠭᠰᠢᠯᠠᠪᠠᠯ ᠨᠠᠮ ᠪᠠ ᠤᠯᠤᠰ ᠤᠨ ᠪᠦᠬᠦ ᠲᠠᠯ᠎ᠠ ᠶᠢᠨ ᠴᠢᠨᠠᠷᠲᠠᠶ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠪᠣᠳᠣᠯᠬᠢᠯᠠᠯ ᠢᠶᠠᠨ ᠶᠠᠷᠢᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠪᠤᠯᠤᠨ᠎ᠠ᠂ ᠡᠨᠡ ᠬᠦ ᠰᠢᠨᠵᠢᠯᠡᠬᠦ ᠤᠬᠠᠭᠠᠨᠴᠢ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠪᠣᠯ ᠪᠦᠬᠦ ᠨᠠᠮ ᠤᠨ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠮᠥᠨ᠂ ᠨᠠᠮ ᠤᠨ ᠲᠦᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠨᠥᠬᠦᠳ ᠡᠷᠬᠡᠪᠰᠢ ᠰᠠᠶᠢᠳᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠲᠠᠯ᠎ᠠ ᠪᠠᠷ ᠪᠦᠬᠦ ᠨᠠᠮ ᠳᠤ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠡᠨᠡ ᠬᠦ ᠰᠢᠨᠵᠢᠯᠡᠬᠦ ᠤᠬᠠᠭᠠᠨᠴᠢ ᠤᠨᠤᠯ ᠢ ᠦᠷᠬᠦᠯᠵᠢᠯᠠᠠ ᠬᠦᠨᠵᠡᠭᠡᠢ ᠰᠤᠷᠤᠯᠴᠠᠠ ᠤᠢᠢᠯᠠᠭᠠᠵᠦ᠂ ᠶᠡᠷᠦᠩᠭᠡᠢ ᠱᠦᠵᠢ ᠰᠢ ᠶᠢᠨ ᠫᠢᠩ ᠤᠨ ᠬᠠᠮᠤᠭ ᠤᠨ ᠰᠢᠨ᠎ᠠ ᠴᠢᠬᠤᠯᠠ ᠶᠠᠷᠢᠶᠠᠠ ᠤ ᠵᠤᠷᠢᠭ ᠰᠠᠨᠠᠭ᠎ᠠ ᠪᠤᠯᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠴᠠᠭ ᠲᠤᠬᠠᠢ ᠳᠤᠨᠢ ᠰᠤᠷᠤᠯᠴᠠᠠ ᠤᠢᠢᠯᠠᠭᠠᠵᠦ᠂ ᠤᠨᠤᠯ ᠤᠨ ᠬᠡᠪ ᠪᠤᠯᠪᠠᠰᠤᠷᠠᠯ᠂ ᠤᠯᠤᠰ ᠲᠦᠷᠦ ᠶᠢᠨ ᠬᠡᠪ ᠪᠤᠯᠪᠠᠰᠤᠷᠠᠯ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠢᠲᠡᠭᠡᠯ ᠵᠤᠷᠢᠬ᠂ ᠡᠷᠡᠮᠡᠭᠡᠶᠢᠯᠡᠡ ᠤᠷᠤᠭᠰᠢᠯᠠᠬᠤ ᠤᠭ ᠰᠠᠨᠠᠭ᠎ᠠ ᠪᠠᠨ ᠲᠠᠰᠤᠷᠠᠯᠲᠠ ᠦᠭᠡᠢ ᠪᠠᠲᠤᠳᠬᠠᠵᠦ᠂ ᠦᠪᠡᠷ ᠢ ᠪᠠᠨ ᠦᠭᠡᠷᠡᠴᠢᠯᠡᠬᠦ᠂ ᠦᠪᠡᠷ ᠢ ᠪᠠᠨ ᠴᠡᠪᠡᠷᠰᠢᠭᠦᠯᠬᠦ ᠶᠢ ᠲᠠᠰᠤᠷᠠᠯᠲᠠ ᠦᠭᠡᠢ ᠠᠬᠢᠭᠤᠯᠵᠦ᠂ ᠨᠠᠮ ᠪᠠ ᠠᠷᠠᠳ ᠲᠦᠮᠡᠡ ᠤ ᠲᠦᠯᠦᠭᠡ ᠨᠡᠩ ᠰᠠᠶᠢᠨ ᠠᠵᠢᠯᠯᠠᠬᠤ ᠭᠡᠷᠡᠭᠲᠡᠢ᠃ ᠢᠯᠠᠩᠭᠤᠶ᠎ᠠ ᠤᠨᠤᠯ ᠢ ᠪᠤᠳᠠᠳᠤ ᠪᠠᠶᠢᠳᠠᠯ ᠲᠠᠢ ᠤᠶᠠᠯᠲᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠪᠠᠲᠠᠷᠠᠭᠤᠯᠵᠦ᠂ ᠦᠭᠡᠷᠡᠴᠢᠯᠡᠯᠲᠡ ᠬᠦᠭᠵᠢᠯᠲᠠ ᠲᠤᠭᠲᠠᠭᠤᠨ ᠪᠠᠶᠢᠲᠠᠯ ᠵᠡᠷᠭᠡ ᠡᠯ᠎ᠠ ᠲᠠᠯ᠎ᠠ ᠶᠢᠨ ᠠᠵᠢᠯ ᠲᠠᠢ ᠨᠢᠭᠲᠠ ᠤᠶᠠᠯᠲᠤᠭᠤᠯᠵᠦ᠂ ᠠᠷᠠᠳ ᠤᠯᠠᠠ ᠤ ᠰᠠᠶᠢᠠ ᠰᠠᠶᠢᠬᠠᠠ ᠠᠮᠢᠲᠤᠷᠠᠯ ᠤᠨ ᠲᠤᠬᠠᠢ ᠰᠢᠨ᠎ᠠ ᠬᠦᠰᠡᠯ ᠡᠷᠡᠮᠡᠯᠵᠡᠯ ᠲᠠᠢ ᠤᠶᠠᠯᠲᠤᠭᠤᠯᠤᠨ᠂ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠵᠦ᠂ ᠵᠤᠷᠢᠠᠠᠲᠠᠢ ᠪᠠᠷ ᠬᠦᠴᠢᠷ ᠢ ᠲᠤᠭᠤᠯᠤᠨ ᠪᠡᠷᠭᠡ ᠶᠢ ᠲᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠤ ᠢᠯᠠᠯᠲᠠ ᠶᠢ ᠤᠯᠬᠤ ᠪᠠᠷ ᠡᠷᠡᠯᠭᠡᠭᠯᠡᠡ ᠠᠵᠢᠯᠯᠠᠬᠤ ᠭᠡᠷᠡᠭᠲᠡᠢ ᠭᠡᠵᠦ ᠦᠵᠡᠪᠡ᠃      ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠠ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠪᠤᠯᠬᠤ ᠪᠠᠶᠢᠷᠢ ᠰᠠᠭᠤᠷᠢ ᠶᠢ ᠬᠠᠮᠠᠭᠠᠯᠠᠵᠦ᠂ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠬᠠᠮᠠᠭᠠᠯᠠᠬᠤ ᠪᠤᠯ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠲᠠ ᠦᠭᠡᠢ ᠤᠷᠤᠭᠰᠢ ᠬᠦᠭᠵᠢᠭᠦᠯᠬᠦ ᠦᠨᠲᠦᠰᠦᠨ ᠤᠯᠤᠰ ᠲᠦᠷᠦ ᠶᠢᠨ ᠪᠠᠲᠤᠯᠠᠭ᠎ᠠ ᠮᠦᠨ᠃ ᠤᠳᠤ ᠶᠢᠨ ᠲᠡᠯᠡᠭᠡᠢ ᠶᠢᠷᠲᠢᠠᠴᠤ ᠶᠢᠨ ᠵᠠᠭᠤᠨ ᠵᠢᠯ ᠳᠤ ᠭᠠᠷᠤᠭᠠᠳᠤᠢ ᠶᠡᠭᠡ ᠬᠤᠪᠢᠰᠤᠯᠲᠠ ᠳᠤ ᠬᠠᠨᠲᠤᠵᠦ᠂ ᠨᠠᠷᠢᠨ ᠪᠤᠲᠤᠯᠢᠶᠠᠠᠲᠠᠢ ᠤᠯᠤᠰ ᠤᠨ ᠲᠤᠲᠤᠭᠠᠲᠤ ᠭᠠᠲᠠᠭᠠᠲᠤ ᠶᠢᠨ ᠠᠶᠤᠯ ᠲᠦᠭᠰᠢᠬᠦᠷᠢ ᠦᠷᠢᠰᠦᠯᠲᠦᠭᠡᠡ ᠳᠤ ᠬᠠᠨᠲᠤᠵᠦ᠂ ᠶᠡᠷᠦᠩᠭᠡᠢ ᠱᠦᠵᠢ ᠰᠢ ᠶᠢᠨ ᠫᠢᠩ ᠦᠨᠲᠦᠷ ᠲᠤ ᠵᠤᠭᠰᠤᠨ ᠠᠯᠤᠰ ᠢ ᠪᠠᠷᠠᠯᠠᠵᠦ᠂ ᠪᠦᠬᠦ ᠲᠠᠯ᠎ᠠ ᠶᠢ ᠡᠵᠡᠮᠳᠡᠵᠤ᠂ ᠰᠢᠢᠳᠪᠦᠷᠢᠲᠦ ᠪᠤᠲᠤᠯᠭ᠎ᠠ ᠲᠤᠭᠲᠠᠭᠠᠵᠦ᠂ ᠯᠠᠪᠲᠠᠭᠤᠨ ᠪᠠᠳᠤᠳᠠᠢ ᠵᠢᠯᠤᠭᠤᠤᠠᠴᠤ᠂ ᠠᠯᠢ ᠤᠯᠠᠠ ᠴᠢᠬᠤᠯᠠ ᠶᠡᠭᠡ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠵᠦ᠂ ᠠᠯᠢ ᠤᠯᠠᠠ ᠴᠢᠬᠤᠯᠠ ᠶᠡᠭᠡ ᠪᠠᠶᠢᠯᠲᠤᠬᠤ ᠪᠤᠲᠤᠯᠭ᠎ᠠ ᠠᠷᠭ᠎ᠠ ᠪᠤᠲᠤᠯᠭ᠎ᠠ ᠶᠢ ᠲᠤᠷᠠᠳᠴᠤ᠂ ᠠᠯᠢ ᠤᠯᠠᠠ ᠴᠢᠬᠤᠯᠠ ᠶᠡᠭᠡ ᠠᠵᠢᠯ ᠢ ᠠᠬᠢᠭᠤᠯᠵᠦ᠂ ᠪᠦᠬᠦ ᠨᠠᠮ ᠪᠦᠬᠦ ᠤᠯᠤᠰ ᠤᠨ ᠦᠨᠲᠦᠰᠦᠲᠡᠡ ᠨᠦᠭᠦᠳ ᠤᠨ ᠠᠷᠠᠳ ᠲᠦᠮᠡᠡ ᠢ ᠤᠲᠤᠷᠢᠳᠴᠤ ᠮᠠᠰᠢ ᠤᠯᠠᠠ ᠰᠢᠨ᠎ᠠ ᠲᠡᠤᠬᠡᠨ ᠤᠨᠴᠠᠯᠢᠭ ᠲᠠᠢ ᠠᠭᠤᠤ ᠶᠡᠭᠡ ᠲᠡᠮᠡᠴᠡᠯ ᠢ ᠬᠢᠵᠦ᠂ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠬᠦᠭᠵᠢᠭᠦᠯᠬᠦ ᠲᠠᠯ᠎ᠠ ᠪᠠᠷ ᠰᠢᠨ᠎ᠠ ᠴᠢᠬᠤᠯᠠ ᠶᠡᠭᠡ ᠠᠮᠵᠢᠯᠲᠠ ᠤᠯᠬᠤ ᠶᠢ ᠠᠬᠢᠭᠤᠯᠵᠦ᠂ ᠡᠪ ᠬᠠᠮᠲᠤᠴᠤᠳ ᠤᠨ ᠡᠷᠡᠰ ᠪᠠᠲᠤ ᠢᠲᠡᠭᠡᠯ ᠪᠢᠰᠢᠷᠡᠯ᠂ ᠠᠷᠠᠳ ᠲᠦᠮᠡᠠ ᠤ ᠤᠲᠤᠷᠢᠲᠤᠭᠴᠢ ᠶᠢᠨ ᠠᠷᠠᠳ ᠲᠦᠮᠡᠡ ᠢ ᠬᠠᠶᠢᠷᠠᠯᠠᠠ ᠬᠠᠯᠠᠮᠵᠢᠯᠠᠬᠤ ᠬᠠᠶᠢᠷ᠎ᠠ ᠰᠡᠳᠭᠢᠯᠭᠡ᠂ ᠮᠠᠷᠺᠰ ᠤᠨ ᠦᠵᠡᠯ ᠤᠨ ᠤᠯᠤᠰ ᠲᠦᠷᠦᠴᠢᠨ ᠤ ᠭᠡᠲᠦ᠋ᠢᠲᠦᠭᠰᠡᠡ ᠤᠯᠤᠰ ᠲᠦᠷᠦ ᠶᠢᠨ ᠤᠲᠤᠷᠢᠳᠬᠤ ᠤᠷᠠᠯᠢᠭ ᠢ ᠢᠯᠡᠷᠡᠭᠦᠯᠵᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠠ ᠤ ᠨᠦᠬᠦᠳ ᠲᠦᠷᠦᠭᠦᠯᠡᠨ ︽ᠲᠦᠷᠪᠡᠡ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠡ ᠢᠲᠡᠭᠡᠯ︾ ᠢᠶᠠᠨ ᠪᠠᠲᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭᠠᠠ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠵᠦ᠂ ᠬᠦᠰᠡᠯᠡᠩ ᠢᠲᠡᠭᠡᠯ ᠪᠢᠰᠢᠷᠠᠯ ᠢᠶᠠᠨ ᠪᠠᠲᠤᠳᠬᠠᠠ᠂ ᠬᠠᠷᠢᠭᠤᠴᠠᠯᠭ᠎ᠠ ᠡᠬᠦᠷᠭᠡᠯᠡᠬᠦ ᠤᠬᠠᠮᠰᠠᠷ ᠢᠶᠠᠨ ᠴᠢᠩᠭᠠᠳᠬᠠᠵᠦ᠂ ᠲᠡᠮᠡᠴᠡᠯ ᠤᠨ ᠵᠤᠷᠢᠭ ᠰᠠᠨᠠᠭ᠎ᠠ ᠶᠢ ᠪᠠᠲᠠᠷᠠᠭᠤᠯᠵᠦ᠂ ᠪᠠᠶᠢᠭᠤᠯᠤᠯ ᠤᠨ ᠲᠠᠪᠠᠭᠤᠯᠢᠭ ᠢ ᠪᠠᠲᠠᠷᠠᠭᠤᠯᠵᠦ᠂ ᠵᠠᠰᠠᠯᠲᠠ ᠶᠢᠨ ᠴᠢᠲᠠᠪᠤᠷᠢ ᠪᠠᠨ ᠲᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠨᠠᠶᠢᠲᠠᠪᠤᠷᠢᠵᠢᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠨᠠᠮ ᠤᠨ ᠲᠦᠪ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠨᠠᠮ ᠪᠠ ᠤᠯᠤᠰ ᠤᠨ ᠠᠵᠢᠯ ᠢ ᠤᠯᠠᠮ ᠰᠠᠶᠢᠨ ᠬᠢᠬᠦ ᠪᠠᠷ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ︽ᠤᠭ ᠰᠠᠨᠠᠭ᠎ᠠ ᠪᠠᠨ ᠦᠯᠦ ᠮᠠᠷᠲᠠᠵᠦ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠨᠢ ᠶᠠᠭ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠠ 70 ᠵᠢᠯ ᠤᠨ ᠤᠢ ᠲᠠᠢ ᠲᠤᠬᠢᠶᠠᠯᠳᠤᠵᠤ᠂ ᠮᠠᠠ ᠤ ᠨᠠᠮ ᠤᠲᠠᠯ ᠦᠭᠡᠢ 100 ᠵᠢᠯ ᠤᠨ ᠤᠢ ᠪᠠᠨ ᠤᠭᠲᠤᠬᠤ ᠪᠤᠯᠤᠨ᠎ᠠ᠂ ᠴᠠᠭ ᠲᠤᠬᠢᠶᠠᠯ ᠢ ᠵᠦᠪ ᠰᠤᠩᠭᠤᠵᠦ᠂ ᠭᠤᠤᠯ ᠰᠡᠲᠦᠪ ᠨᠢ ᠲᠤᠪᠤᠶᠢᠮ᠎ᠠ᠂ ᠤᠠᠴᠠᠯᠢᠭ ᠨᠢ ᠢᠯᠡ ᠲᠤᠲᠤ ᠪᠠᠶᠢᠵᠤ᠂ ᠴᠢᠬᠤᠯᠠ ᠶᠡᠭᠡ ᠠᠮᠵᠢᠯᠲᠠ ᠪᠦᠲᠦᠮᠵᠢ ᠤᠯᠵᠠᠢ᠃ ᠦᠷᠭᠡᠡ ᠤᠯᠠᠠ ᠨᠠᠮ ᠤᠨ ᠭᠡᠰᠢᠭᠦᠨ᠂ ᠺᠠᠳ᠋ᠷ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠦ ᠲᠤᠭᠤᠰᠢᠯᠠᠭᠤᠯᠬᠤ ᠲᠠᠯ᠎ᠠ ᠪᠠᠷ ᠰᠢᠨ᠎ᠠ ᠠᠮᠵᠢᠯᠲᠠ ᠪᠦᠲᠦᠮᠵᠢ ᠤᠯᠵᠦ᠂ ᠦᠨᠡᠨ ᠬᠦ ᠢᠳᠡᠭᠡᠵᠤ ᠪᠠᠳᠤᠳᠠᠢ ᠬᠡᠷᠡᠭᠵᠢᠭᠦᠯᠬᠦ᠂ ᠮᠡᠲᠡᠵᠦ ᠬᠢᠬᠦ ᠪᠠᠨ ᠨᠢᠭᠡᠳᠭᠡᠬᠦ ᠴᠢᠲᠠᠪᠤᠷᠢ ᠪᠠᠨ ᠲᠡᠭᠡᠭᠰᠢᠯᠡᠭᠦᠯᠵᠦ᠂ ᠤᠭ ᠰᠠᠨᠠᠭ᠎ᠠ ᠪᠠᠨ ᠰᠠᠬᠢᠵᠦ᠂ ᠡᠭᠦᠷᠭᠡ ᠬᠠᠷᠢᠭᠤᠴᠠᠯᠭ᠎ᠠ ᠡᠬᠦᠷᠭᠡᠯᠡᠬᠦ ᠦᠵᠡᠯ ᠰᠠᠨᠠᠭᠠᠨ ᠤ ᠤᠬᠠᠮᠠᠰᠠᠷ ᠪᠤᠯᠤᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠠ᠂ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠬᠤ ᠴᠤᠭ ᠵᠤᠷᠢᠬ ᠢ ᠮᠠᠨᠳᠤᠭᠤᠯᠵᠤ᠂ ᠦᠭᠡᠷᠡᠴᠢᠯᠡᠯᠲᠡ ᠬᠦᠭᠵᠢᠯᠲᠠ ᠲᠤᠭᠲᠠᠭᠤᠨ ᠪᠠᠶᠢᠲᠠᠯ ᠤᠨ ᠡᠯ᠎ᠠ ᠵᠦᠢᠯ ᠤᠨ ᠠᠵᠢᠯ ᠢ ᠠᠬᠢᠭᠤᠯᠵᠦ᠂ ᠤᠯᠠᠠ ᠲᠦᠮᠡᠡ ᠤ ᠬᠠᠮᠤᠭ ᠠᠴᠠ ᠲᠤᠯᠭᠠᠮ ᠬᠠᠮᠤᠭ ᠠᠴᠠ ᠰᠠᠨᠠᠭᠠᠰᠢᠷᠠᠵᠤ ᠪᠠᠶᠢᠬᠤ ᠬᠠᠮᠤᠭ ᠠᠴᠠ ᠬᠦᠰᠡᠵᠦ ᠪᠠᠶᠢᠬᠤ ᠵᠠᠷᠢᠮ ᠠᠰᠠᠭᠤᠲᠠᠯ ᠢ ᠪᠦᠲᠦᠮᠵᠢᠲᠠᠢ ᠰᠢᠢᠳᠪᠦᠷᠢᠯᠡᠵᠦ᠂ ᠵᠦᠷᠢᠶ᠎ᠠ ᠪᠠᠨ ᠡᠷᠢᠵᠦ᠂ ᠨᠠᠶᠢᠲᠠᠪᠤᠷᠢᠵᠢᠭᠤᠯᠤᠯᠲᠠ ᠶᠢ ᠠᠳᠬᠤᠬᠤ ᠪᠠ ᠲᠤᠪᠤᠶᠢᠮ᠎ᠠ ᠠᠰᠠᠭᠤᠲᠠᠯ ᠢ ᠲᠤᠰᠬᠠᠢ ᠴᠡᠭᠴᠡᠯᠡᠡ ᠵᠠᠰᠠᠬᠤ ᠠᠮᠵᠢᠯᠲᠠ ᠪᠦᠲᠦᠮᠵᠢ ᠮᠡᠲᠡᠭᠲᠡᠮ᠎ᠠ ᠪᠤᠯᠵᠠᠢ᠃ ᠦᠷᠭᠡᠡ ᠤᠯᠠᠠ ᠨᠠᠮ ᠤᠨ ᠭᠡᠰᠢᠭᠦᠨ᠂ ᠺᠠᠳ᠋ᠷ ᠠᠷᠢᠭᠤᠠ ᠴᠢᠭᠡᠴᠢ ᠲᠦᠪ ᠭᠤᠤᠯᠴᠢ ᠪᠠᠶᠢᠬᠤ ᠲᠤᠬᠠᠢ ᠲᠠᠨᠢᠯᠲᠠ ᠪᠠᠨ ᠴᠢᠩᠭᠠᠳᠬᠵᠦ᠂ ᠰᠤᠷᠲᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠬᠠᠮᠠᠭᠠᠯᠠᠵᠦ ᠴᠢᠲᠠᠵᠠᠢ᠃ ᠡᠭᠦᠨ ᠢ ᠦᠷᠭᠡᠡ ᠤᠯᠠᠠ ᠲᠦᠮᠡᠡ ᠬᠦᠢᠴᠡᠳ ᠮᠡᠲᠡᠷᠡᠵᠦ᠂ ᠨᠠᠮ ᠤᠨ ᠲᠤᠲᠤᠭᠠᠲᠤ ᠭᠠᠲᠠᠭᠠᠲᠤ ᠶᠢᠨ ᠬᠢᠨ ᠢᠲᠡᠪᠬᠢᠲᠠᠢ ᠦᠨᠡᠯᠡᠵᠦ ᠪᠠᠶᠢᠨ᠎ᠠ᠃      ᠬᠤᠷᠠᠯ ᠠᠴᠠ᠂ ᠮᠠᠨ ᠤ ᠨᠠᠮ ᠤᠳᠠᠯ ᠦᠭᠡᠢ ᠵᠠᠭᠤᠨ ᠵᠢᠯ ᠤᠨ ᠤᠢ ᠪᠠᠨ ᠤᠬᠳᠤᠬᠤ ᠪᠤᠯᠤᠨ᠎ᠠ᠃ ᠮᠠᠨ ᠤ ᠨᠠᠮ ᠤᠨ ᠶᠠᠪᠤᠵᠤ ᠢᠷᠡᠭᠰᠡᠨ ᠵᠠᠮ᠂ ᠤᠯᠤᠬᠰᠠᠨ ᠠᠮᠵᠢᠯᠳᠠ ᠪᠦᠳᠤᠮᠵᠢ ᠲᠡᠯᠡᠬᠡᠢ ᠳ᠋ᠠᠬᠢᠨ ᠤ ᠠᠩᠬᠠᠷᠤᠯ ᠢ ᠲᠠᠳᠠᠵᠤ ᠪᠠᠶᠢᠭ᠎ᠠ ᠶᠢᠨ ᠦᠨᠳᠤᠰᠤᠨ ᠰᠢᠯᠳᠠᠭᠠᠨ ᠪᠤᠯ ᠮᠠᠨ ᠤ ᠨᠠᠮ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠡᠳ᠋ᠯᠡᠭᠦᠯᠵᠤ᠂ ᠳᠤᠮᠳᠠᠳᠤ ᠶᠢᠨ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠭᠦᠯᠬᠦ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠠᠨ ᠪᠠᠳᠤ ᠪᠠᠷᠢᠮᠳᠠᠯᠠᠬᠰᠠᠭᠠᠷ ᠢᠷᠡᠭᠰᠡᠨ ᠳᠤ ᠪᠠᠶᠢᠨ᠎ᠠ᠃ ᠤᠬ ᠰᠠᠨᠠᠭ᠎ᠠ ᠪᠠᠨ ᠦᠯᠤ ᠮᠠᠷᠳᠠᠪᠠᠯ᠂ ᠠᠯᠤᠰ ᠢ ᠵᠤᠷᠢᠨ ᠯᠠᠪᠳᠠᠭᠤᠨ ᠢᠶᠠᠷ ᠤᠷᠤᠬᠰᠢᠯᠠᠵᠤ ᠴᠢᠳᠠᠨ᠎ᠠ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠪᠡᠯ ᠰᠠᠶ᠋ᠢ ᠢᠷᠡᠬᠡᠳᠤᠢ ᠶᠢ ᠴᠤᠬᠴᠠᠯᠠᠨ ᠪᠠᠶᠢᠭᠤᠯᠵᠤ ᠴᠢᠳᠠᠨ᠎ᠠ᠃ ᠮᠠᠨ ᠤ ᠨᠠᠮ ᠤᠯᠤᠰ ᠲᠦᠷᠤ ᠶᠢᠨ ᠤᠤᠷ ᠴᠢᠨᠠᠷ ᠪᠠ ᠤᠷᠤᠬᠰᠢᠯᠠᠯᠳᠠ ᠶᠢᠨ ᠬᠦᠳᠡᠯᠬᠡᠬᠦ ᠬᠦᠴᠤᠨ ᠢᠶᠠᠨ ᠢᠮᠠᠬᠳᠠ ᠪᠠᠳᠤᠯᠠᠬᠤ ᠳᠤ᠂ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠶᠢ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠦᠨᠢᠳᠠ ᠶᠢᠨ ᠰᠡᠳᠤᠪ ᠪᠤᠯᠭᠠᠵᠤ᠂ ᠪᠦᠬᠦ ᠨᠠᠮ ᠤᠨ ᠬᠡᠰᠢᠬᠦᠨ᠂ ᠺᠠᠳ᠋ᠷ ᠤᠨ ᠨᠠᠰᠤᠨ ᠲᠤᠷᠰᠢᠳᠠ ᠶᠢᠨ ᠰᠡᠳᠤᠪ ᠪᠤᠯᠭᠠᠵᠤ᠂ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠶᠢ ᠦᠷᠬᠡᠨ ᠤᠯᠠᠨ ᠨᠠᠮ ᠤᠨ ᠬᠡᠰᠢᠬᠦᠨ᠂ ᠺᠠᠳ᠋ᠷ ᠤᠨ ᠰᠡᠳᠬᠢᠯ ᠳᠤ ᠬᠦᠨ ᠬᠠᠳᠠᠩᠰᠢᠭᠤᠯᠵᠤ᠂ ᠦᠵᠡᠯ ᠰᠠᠨᠠᠭᠠᠨ ᠳᠤ ᠬᠦᠨ ᠦᠨᠳᠤᠰᠤᠯᠡᠬᠦᠯᠬᠦ ᠭᠡᠷᠡᠭᠳᠠᠢ᠃ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠨᠦᠬᠦᠳ ᠨᠡᠩᠳᠡ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠲᠠᠯ᠎ᠠ ᠪᠠᠷ ᠪᠦᠬᠦ ᠨᠠᠮ ᠤᠨ ᠦᠯᠢᠬᠡᠷ ᠲᠠᠭᠤᠷᠢᠶᠠᠯ ᠪᠤᠯᠵᠤ᠂ ᠵᠢᠱᠢᠶ᠎ᠡ ᠦᠵᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠰᠢ ᠶᠢᠨ ᠫᠢᠩ ᠶᠠᠷᠢᠶᠠᠨ ᠳᠠᠭᠠᠨ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠨᠦᠬᠦᠳ ᠤᠨ ᠬᠠᠷᠢᠴᠠᠭᠤᠯᠤᠨ ᠪᠠᠶᠢᠴᠠᠭᠠᠵᠤ ᠶᠠᠷᠢᠬᠰᠠᠨ ᠶᠠᠷᠢᠶ᠎ᠠ ᠶᠢ ᠳ᠋ᠦᠡᠭᠨᠡᠵᠤ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠨᠠᠮ ᠤᠨ ᠲᠦᠪ ᠬᠤᠷᠢᠶᠠᠨ ᠤ ᠨᠠᠢᠮᠠᠨ ᠲᠤᠭᠳᠠᠭᠠᠯ ᠤᠨ ᠵᠤᠷᠢᠬ ᠰᠠᠨᠠᠭ᠎ᠠ ᠶᠢ ᠲᠤᠭᠤᠰᠢᠯᠠᠭᠤᠯᠤᠨ ᠭᠡᠷᠡᠭᠵᠢᠬᠦᠯᠬᠦ᠂ ᠦᠨᠳᠤᠰᠤᠳᠠᠨ ᠱᠠᠳᠤ ᠶᠢ ᠭᠠᠴᠢᠬᠳᠠᠭᠤᠯᠵᠤ ᠪᠠᠶᠢᠭ᠎ᠠ ᠬᠡᠯᠪᠡᠷᠢᠴᠢ ᠦᠵᠡᠯ ᠤᠨ ᠠᠰᠠᠭᠤᠳᠠᠯ ᠢ ᠰᠢᠢᠳᠪᠤᠷᠢᠯᠠᠵᠤ ᠦᠨᠳᠤᠰᠤᠨ ᠱᠠᠳᠤᠨ ᠤ ᠲᠠᠷᠤᠭᠠᠰᠤ ᠶᠢ ᠦᠨᠡᠨᠬᠦ ᠬᠦᠩᠬᠡᠷᠡᠬᠦᠯᠬᠦ ᠲᠤᠬᠠᠢ ᠱᠠᠭᠠᠷᠳᠠᠯᠭ᠎ᠠ ᠲᠤᠷᠠᠳᠴᠠᠢ᠂ ᠡᠨᠡ ᠤᠳᠠᠭ᠎ᠠ ᠶᠢᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠤᠷᠠᠯᠳᠤᠭᠤᠯᠵᠤ᠂ ᠮᠠᠰᠢ ᠰᠠᠶᠢᠨ ᠠᠮᠵᠢᠯᠳᠠ ᠪᠦᠳᠤᠮᠵᠢ ᠤᠯᠤᠬᠰᠠᠨ ᠪᠠᠶᠢᠨ᠎ᠠ᠂ ᠤᠯᠠᠨ ᠢᠶᠠᠷ ᠢᠶᠠᠨ ᠬᠦᠢᠴᠡᠳ ᠪᠡᠯᠡᠳᠭᠡᠯ ᠬᠢᠵᠤ᠂ ᠲᠠᠨᠢᠯᠳᠠ ᠪᠠ ᠤᠢᠢᠯᠠᠭᠠᠯᠳᠠ ᠪᠠᠨ ᠮᠠᠰᠢ ᠬᠦᠨᠵᠡᠬᠡᠢ᠂ ᠲᠤᠩ ᠪᠤᠳᠠᠳᠠᠢ ᠶᠠᠷᠢᠵᠤ᠂ ᠠᠰᠠᠭᠤᠳᠠᠯ ᠢ ᠲᠡᠯᠬᠡᠬᠦ ᠪᠠ ᠬᠦᠷᠤᠯᠴᠡᠬᠦ ᠦᠬᠡᠢ ᠲᠠᠯ᠎ᠠ ᠪᠠᠨ ᠨᠢᠭᠤᠵᠤ ᠲᠠᠯᠳᠠᠯᠠᠬᠤ ᠦᠬᠡᠢ ᠶᠠᠷᠢᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠳᠬᠤᠬᠤ ᠳᠤ ᠰᠢᠭᠤᠳ ᠠᠰᠠᠭᠤᠳᠠᠯ ᠳᠤ ᠴᠢᠭᠯᠡᠬᠦᠯᠵᠤ᠂ ᠰᠢᠬᠦᠮᠵᠢᠯᠠᠯ ᠪᠠ ᠦᠪᠡᠷ ᠤᠨ ᠰᠢᠬᠦᠮᠵᠢᠯᠠᠯ ᠦᠷᠨᠢᠬᠦᠯᠬᠦ ᠳᠤ ᠠᠰᠪᠤᠷ ᠰᠢᠭᠤᠳ ᠶᠠᠷᠢᠵᠤ᠂ ᠠᠵᠢᠯ ᠤᠨ ᠰᠠᠨᠠᠭᠤᠯᠭ᠎ᠠ ᠶᠢ ᠦᠨᠡᠨ ᠪᠤᠳᠠᠳᠠᠢ ᠲᠤᠷᠠᠳᠴᠤ᠂ ᠤᠯᠤᠯᠳᠠ ᠪᠠᠨ ᠪᠦᠷᠢᠳᠬᠡᠵᠤ᠂ ᠦᠵᠡᠯ ᠰᠠᠨᠠᠭ᠎ᠠ ᠪᠠᠨ ᠰᠤᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠤ᠂ ᠴᠢᠭᠯᠡᠯ ᠢᠶᠠᠨ ᠳᠤᠳᠤᠷᠬᠠᠢᠢᠯᠠᠵᠤ᠂ ᠵᠢᠱᠢᠭᠰᠡᠨ ᠵᠤᠷᠢᠯᠭ᠎ᠠ ᠳᠠᠭᠠᠨ ᠬᠦᠷᠦᠭᠰᠡᠨ ᠪᠠᠶᠢᠨ᠎ᠠ ᠬᠡᠵᠤ ᠢᠯᠡᠳᠬᠡᠪᠡ᠃      ᠰᠢ ᠶᠢᠨ ᠫᠢᠩ᠂ ᠬᠦᠰᠯᠠᠩ ᠢᠳᠡᠬᠡᠯ ᠪᠢᠰᠢᠷᠡᠯ ᠪᠤᠯ ᠡᠪ ᠬᠠᠮᠳᠤᠴᠤᠳ ᠤᠨ ᠤᠯᠤᠰ ᠲᠦᠷᠤ ᠶᠢᠨ ᠰᠦᠭ ᠰᠦᠨᠡᠰᠤ᠂ ᠡᠪ ᠬᠠᠮᠳᠤᠴᠤᠳ ᠤᠨ ᠤᠬ ᠰᠠᠨᠠᠭ᠎ᠠ ᠶᠢᠨ ᠮᠦᠨ ᠴᠢᠨᠠᠷ ᠤᠨ ᠱᠠᠭᠠᠷᠳᠠᠯᠭ᠎ᠠ ᠪᠤᠯᠤᠨ᠎ᠠ᠃ ᠡᠪ ᠬᠠᠮᠳᠤᠴᠤᠳ ᠡᠷᠬᠢᠮ ᠲᠡᠭᠡᠳᠤ ᠪᠦᠬᠡᠳ ᠪᠠᠳᠤ ᠴᠢᠩᠭ᠎ᠠ ᠬᠦᠰᠯᠠᠩ ᠢᠳᠡᠬᠡᠯ ᠪᠢᠰᠢᠷᠡᠯ ᠲᠠᠢ ᠪᠤᠯᠪᠠᠯ ᠰᠠᠶ᠋ᠢ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠬᠦ ᠶᠢ ᠪᠡᠶᠡᠯᠡᠬᠦᠯᠵᠤ ᠴᠢᠳᠠᠨ᠎ᠠ᠃ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠶᠢ ᠢᠮᠠᠬᠳᠠ ᠵᠠᠪᠠᠯ ᠰᠤᠷᠬᠤ ᠬᠢᠴᠢᠶᠠᠯ᠂ ᠦᠷᠬᠦᠯᠵᠢ ᠰᠤᠷᠬᠤ ᠬᠢᠴᠢᠶᠠᠯ ᠪᠤᠯᠭᠠᠵᠤ᠂ ᠦᠷᠬᠦᠯᠵᠢ ᠰᠤᠷᠠᠬᠯᠠᠨ ᠠᠰᠠᠭᠤᠬᠤ ᠪᠠ ᠤᠬ ᠰᠠᠨᠠᠭ᠎ᠠ ᠪᠠᠨ ᠰᠠᠬᠢᠵᠤ᠂ ᠴᠠᠬ ᠲᠤᠬᠠᠢ ᠳᠤᠨᠢ ᠨᠠᠪᠴᠢ ᠨᠠᠮᠠᠭ᠎ᠠ ᠶᠢ ᠨᠢ ᠵᠠᠰᠠᠵᠤ᠂ ᠺᠠᠯᠽ ᠨᠦᠬᠦᠪᠤᠷᠢᠯᠡᠨ ᠰᠢᠮ᠎ᠡ ᠲᠡᠵᠢᠭᠡᠯ ᠨᠡᠮᠡᠷᠢᠯᠡᠵᠤ᠂ ᠬᠦᠰᠯᠠᠩ ᠢᠳᠡᠬᠡᠯ ᠪᠢᠰᠢᠷᠡᠯ ᠤᠨ ︽ᠶᠠᠷᠤᠩᠬᠡᠢ ᠨᠡᠬᠡᠭᠡᠯᠬᠡ︾ ᠶᠢ ᠪᠠᠳᠤ ᠡᠵᠡᠮᠳᠡᠵᠤ᠂ ᠶᠡᠭᠡ ᠵᠦᠪ ᠪᠤᠷᠤᠭᠤ ᠶᠢᠨ ᠡᠮᠤᠨ᠎ᠠ ᠲᠤᠬ ᠲᠡᠮᠳᠡᠭ ᠳᠤᠳᠤᠷᠬᠠᠢ᠂ ᠰᠠᠯᠬᠢ ᠲᠠᠪᠠᠯᠭᠠᠨ ᠤ ᠰᠢᠯᠭᠠᠯᠳᠠ ᠳᠤ ᠰᠦᠷᠳᠡᠵᠤ ᠠᠶᠤᠬᠤ ᠦᠬᠡᠢ᠂ ᠡᠯ᠎ᠠ ᠵᠦᠢᠯ ᠤᠨ ᠲᠦᠬᠡᠷᠢᠭᠳᠡᠬᠦᠯᠤᠯ ᠳᠤ ᠵᠤᠬᠰᠤᠯᠳᠠ ᠪᠠᠳᠤ ᠪᠠᠶᠢᠵᠤ᠂ ᠵᠠᠩᠬᠢᠯᠠᠭ᠎ᠠ ᠶᠢᠨ ᠦᠶ᠎ᠡ ᠳᠤ ᠨᠠᠮ ᠤᠨ ᠢᠶᠠᠨ ᠢᠳᠡᠬᠡᠯ ᠢ ᠤᠯᠵᠤ᠂ ᠨᠠᠮ ᠳᠠᠭᠠᠨ ᠨᠠᠶᠢᠳᠠᠪᠤᠷᠢᠳᠠᠢ᠂ ᠨᠠᠮ ᠤᠨ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠶᠢᠬᠤ ᠭᠡᠷᠡᠭᠳᠠᠢ ᠬᠡᠵᠤ ᠴᠢᠬᠤᠯᠠᠴᠢᠯᠠᠪᠠ᠃      ᠰᠢ ᠶᠢᠨ ᠫᠢᠩ᠂ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠭᠡᠳᠡᠭ ᠨᠢ ᠬᠡᠨ ᠤ ᠲᠦᠯᠤᠬᠡ᠂ ᠬᠡᠨ ᠳᠤ ᠲᠦᠰᠢᠭᠯᠡᠬᠦ ᠠᠰᠠᠭᠤᠳᠠᠯ ᠪᠤᠯᠤᠨ᠎ᠠ᠃ ᠠᠷᠠᠳ ᠲᠦᠮᠡᠨ ᠢ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠭᠡᠨ᠂ ᠬᠤᠪᠢ ᠵᠠᠶᠠᠭ᠎ᠠ ᠪᠠᠨ ᠬᠠᠮᠳᠤᠳᠬᠠᠵᠤ᠂ ᠰᠡᠳᠬᠢᠯ ᠵᠢᠷᠤᠬᠡ ᠪᠠᠨ ᠬᠤᠯᠪᠤᠬᠤ ᠪᠤᠯ ᠨᠠᠮ ᠤᠨ ᠤᠬ ᠰᠠᠨᠠᠭ᠎ᠠ᠂ ᠮᠦᠨᠴᠤ ᠨᠠᠮ ᠤᠨ ᠪᠠᠳᠤ ᠵᠤᠷᠢᠬ ᠪᠤᠯᠤᠨ᠎ᠠ᠃ ᠠᠰᠠᠭᠤᠳᠠᠯ ᠢ ᠪᠤᠳᠤᠯᠬᠢᠯᠠᠵᠤ᠂ ᠰᠢᠢᠳᠪᠤᠷᠢᠳᠦ ᠪᠤᠳᠤᠯᠭ᠎ᠠ ᠲᠤᠬᠳᠠᠭᠠᠵᠤ᠂ ᠤᠴᠢᠷ ᠶᠠᠪᠤᠳᠠᠯ ᠪᠦᠳᠤᠬᠡᠬᠦ ᠳᠤ ᠴᠦᠮ ᠤᠯᠠᠨ ᠲᠦᠮᠡᠨ ᠤ ᠵᠤᠬᠰᠤᠯᠳᠠ ᠠᠴᠠ ᠪᠤᠳᠤᠯᠬᠢᠯᠠᠵᠤ᠂ ᠡᠯ᠎ᠠ ᠵᠦᠢᠯ ᠤᠨ ᠠᠷᠭ᠎ᠠ ᠵᠠᠮ ᠢᠶᠠᠷ ᠤᠯᠠᠨ ᠲᠦᠮᠡᠨ ᠤ ᠰᠠᠨᠠᠯ ᠪᠤᠯᠤᠨ ᠱᠠᠭᠠᠷᠳᠠᠯᠭ᠎ᠠ᠂ ᠰᠢᠬᠦᠮᠵᠢᠯᠡᠯ ᠪᠤᠯᠤᠨ ᠰᠠᠨᠠᠭᠤᠯᠭ᠎ᠠ ᠶᠢ ᠤᠢᠢᠯᠠᠭᠠᠵᠤ᠂ ᠦᠨᠡᠨ ᠬᠦ ᠠᠳᠬᠤᠨ ᠪᠤᠳᠠᠳᠠᠢ ᠠᠵᠢᠯᠯᠠᠵᠤ ᠠᠷᠠᠳ ᠤᠨ ᠬᠦᠴᠢᠷᠳᠡᠯ ᠢ ᠰᠢᠢᠳᠪᠤᠷᠢᠯᠡᠵᠤ᠂ ᠠᠷᠠᠳ ᠤᠨ ᠬᠤᠷᠤᠰᠤᠯ ᠢ ᠲᠠᠶᠢᠯᠠᠵᠤ᠂ ᠠᠷᠠᠳ ᠤᠨ ᠰᠡᠳᠬᠢᠯ ᠢ ᠲᠤᠯᠠᠭᠠᠴᠠᠭᠤᠯᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠭᠦᠢᠴᠡᠳ᠂ ᠨᠡᠩ ᠪᠠᠳᠤᠯᠠᠭ᠎ᠠ ᠲᠠᠢ᠂ ᠨᠡᠩ ᠲᠠᠭᠠᠭᠠᠮᠠᠭᠠᠢ ᠪᠤᠯᠭᠠᠬᠤ ᠭᠡᠷᠡᠭᠳᠠᠢ ᠬᠡᠵᠤ ᠴᠢᠬᠤᠯᠠᠴᠢᠯᠠᠪᠠ᠃      ᠰᠢ ᠶᠢᠨ ᠫᠢᠩ᠂ ᠺᠠᠳ᠋ᠷ ᠪᠤᠯᠤᠬᠰᠠᠳ ᠡᠷᠬᠡᠪᠰᠢ ᠵᠢᠳᠬᠦᠯ ᠴᠢᠷᠮᠠᠶᠢᠯᠭ᠎ᠠ ᠲᠠᠢ ᠪᠠᠶᠢᠬᠤ ᠭᠡᠷᠡᠭᠳᠠᠢ᠂ ᠬᠡᠳᠤᠢ ᠶᠡᠭᠡ ᠵᠢᠳᠬᠦᠯ ᠴᠢᠷᠮᠠᠶᠢᠯᠭ᠎ᠠ ᠭᠠᠷᠭᠠᠪᠠᠯ ᠲᠡᠳᠤᠢ ᠶᠡᠭᠡ ᠤᠢᠢᠯᠡᠰ ᠢ ᠪᠦᠳᠤᠬᠡᠵᠤ ᠴᠢᠳᠠᠨ᠎ᠠ᠂ ᠬᠡᠳᠤᠢ ᠶᠡᠭᠡ ᠡᠬᠦᠷᠬᠡ ᠬᠠᠷᠢᠭᠤᠴᠠᠯᠭ᠎ᠠ ᠡᠬᠦᠷᠬᠡᠯᠡᠪᠡᠯ ᠲᠡᠳᠤᠢ ᠶᠡᠭᠡ ᠠᠮᠵᠢᠯᠳᠠ ᠪᠦᠳᠤᠮᠵᠢ ᠤᠯᠵᠤ ᠴᠢᠳᠠᠨ᠎ᠠ᠃ ᠤᠳᠤᠬᠠᠨ ᠳᠤ᠂ ᠶᠡᠷᠦᠩᠬᠡᠢ ᠳᠤᠨᠢ ᠦᠵᠡᠪᠡᠯ᠂ ᠨᠠᠮ ᠤᠨ ᠬᠡᠰᠢᠬᠦᠨ᠂ ᠺᠠᠳ᠋ᠷ ᠤᠨ ᠡᠩᠨᠡᠬᠡᠨ ᠤ ᠤᠶᠤᠨ ᠰᠠᠨᠠᠭᠠᠨ ᠤ ᠲᠦᠷᠰᠦ ᠪᠠᠶᠢᠳᠠᠯ ᠶᠡᠭᠡ ᠰᠠᠶᠢᠨ ᠪᠠᠶᠢᠨ᠎ᠠ᠂ ᠬᠡᠪᠡᠴᠤ ᠵᠠᠷᠢᠮ ᠨᠠᠮ ᠤᠨ ᠬᠡᠰᠢᠬᠦᠨ᠂ ᠺᠠᠳ᠋ᠷ ᠤᠨ ᠲᠤᠮᠳᠠ ᠪᠠᠰᠠ ᠠᠵᠢᠯ ᠬᠢᠬᠦ ᠦᠬᠡᠢ᠂ ᠤᠳᠠᠭᠠᠨ ᠬᠢᠬᠦ ᠴᠢᠨᠠᠬᠰᠢᠯᠠᠪᠠᠯ ᠬᠠᠭᠤᠷᠮᠠᠬᠯᠠᠨ ᠬᠢᠬᠦ ᠠᠰᠠᠭᠤᠳᠠᠯ ᠤᠷᠤᠰᠢᠵᠤ ᠪᠠᠶᠢᠨ᠎ᠠ᠃ ᠡᠬᠦᠨ ᠢ ᠪᠢᠳᠠ ᠡᠷᠬᠡᠪᠰᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠦᠨᠡᠨᠬᠦ ᠰᠢᠢᠳᠪᠤᠷᠢᠯᠡᠬᠦ ᠭᠡᠷᠡᠭᠳᠠᠢ᠃ ᠨᠠᠮ ᠤᠨ ᠭᠡᠰᠢᠬᠦᠨ᠂ ᠺᠠᠳ᠋ᠷ ᠢᠯᠠᠩᠭᠤᠶ᠎ᠡ ᠤᠳᠤᠷᠢᠳᠬᠤ ᠺᠠᠳ᠋ᠷ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠬᠦᠷᠢ ᠶᠢ ᠪᠤᠳᠤᠬᠤ ᠤᠯᠤᠰ ᠲᠦᠷᠦ ᠶᠢᠨ ᠰᠡᠷᠭᠡᠭ ᠴᠢᠨᠠᠷ᠂ ᠪᠠᠳᠤ ᠪᠠᠬᠢ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦᠨ᠂ ᠵᠤᠷᠢᠬᠳᠠᠢ ᠪᠠᠷ ᠲᠡᠮᠡᠴᠡᠯ ᠬᠢᠬᠦ ᠡᠷᠡᠮᠡᠭᠡᠶᠢᠯᠡᠨ ᠲᠠᠪᠰᠢᠬᠤ ᠲᠦᠷᠰᠤ ᠪᠠᠶᠢᠳᠠᠯ ᠢᠶᠠᠷ᠂ ᠵᠤᠷᠢᠬᠳᠠᠢ ᠪᠠᠷ ᠪᠡᠷᠭᠡ ᠪᠠᠷᠳᠠᠭ᠎ᠠ ᠶᠢ ᠲᠤᠭᠤᠯᠵᠤ᠂ ᠬᠠᠷᠰᠢ ᠰᠠᠭᠠᠳ ᠢ ᠲᠠᠪᠠᠭ᠋ᠤ ᠭᠡᠷᠡᠭᠳᠠᠢ᠃ ᠬᠦᠨᠳᠦ ᠶᠡᠭᠡ ᠠᠶᠤᠯ ᠲᠦᠭᠰᠢᠬᠦᠷᠢ ᠦᠷᠢᠰᠦᠯᠳᠦᠭᠡᠨ᠂ ᠬᠦᠨᠳᠤ ᠶᠡᠭᠡ ᠠᠵᠢᠯ ᠤᠨ ᠬᠦᠴᠢᠷᠳᠡᠯ᠂ ᠬᠦᠨᠳᠤ ᠶᠡᠭᠡ ᠵᠦᠷᠢᠴᠡᠯ ᠲᠡᠮᠡᠴᠡᠯ ᠲᠤᠯᠭᠠᠷᠠᠪᠡᠯ᠂ ᠡᠩ ᠲᠡᠷᠢᠭᠦᠨ ᠳᠤ ᠰᠠᠶᠢᠳᠤᠷ ᠰᠤᠳᠤᠯᠵᠤ᠂ ᠲᠦᠰᠦᠯ ᠲᠤᠬᠳᠠᠭᠠᠨ᠂ ᠠᠵᠢᠯ ᠢᠶᠠᠨ ᠠᠬᠢᠭᠤᠯᠬᠤ ᠬᠡᠷᠡᠭᠳᠠᠢ᠂ ᠤᠬᠳᠤ ᠵᠠᠶᠢᠯᠠᠵᠤ ᠪᠤᠯᠬᠤ ᠦᠭᠡᠢ᠂ ᠲᠤᠭᠤᠷᠢᠵᠤ ᠭᠠᠷᠴᠤ ᠪᠤᠯᠬᠤ ᠦᠭᠡᠢ᠂ ᠨᠡᠩ ᠴᠤ ᠠᠶᠤᠵᠤ ᠵᠢᠷᠤᠭᠡᠰᠢᠶᠠᠵᠤ ᠪᠤᠯᠬᠤ ᠦᠭᠡᠢ ᠭᠡᠵᠤ ᠵᠢᠭᠠᠵᠤ ᠭᠠᠷᠭᠠᠪᠠ      ᠰᠢ ᠶᠢᠨ ᠫᠢᠩ᠂ ᠤᠳᠤᠬᠠᠨ ᠤ ᠲᠡᠯᠡᠭᠡᠢ ᠶᠢᠷᠳᠢᠨᠴᠤ ᠵᠠᠭᠤᠨ ᠵᠢᠯ ᠳᠤ ᠭᠠᠷᠤᠭᠠᠳᠤᠢ ᠶᠡᠭᠡ ᠬᠤᠪᠢᠰᠤᠯᠳᠠ ᠶᠢ ᠦᠡᠭᠭᠡᠷᠡᠭᠡᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠪᠠᠶᠢᠳᠠᠯ ᠳᠤ ᠬᠦᠨᠵᠡᠭᠡᠢ ᠪᠤᠳᠤᠯᠢᠶᠠᠨᠳᠠᠢ ᠬᠤᠪᠢᠷᠠᠯᠳᠠ ᠭᠠᠷᠴᠦ ᠪᠠᠶᠢᠨ᠎ᠡ᠂ ᠡᠯ᠎ᠡ ᠲᠠᠯ᠎ᠡ ᠶᠢᠨ ᠠᠶᠤᠯ ᠲᠦᠭᠰᠢᠬᠦᠷᠢ ᠦᠷᠢᠰᠦᠯᠳᠦᠭᠡᠨ ᠮᠡᠳᠡᠭᠳᠡᠮ᠎ᠡ ᠤᠯᠠᠰᠢᠷᠠᠵᠤ᠂ ᠪᠢᠳᠡᠨ ᠢ ᠤᠯᠤᠰ ᠤᠨ ᠪᠠᠶᠢᠭᠤᠯᠤᠯ ᠤᠨ ᠴᠤᠬᠴᠠᠯᠠᠯᠳᠠ ᠪᠠ ᠵᠠᠰᠠᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ ᠳᠤ ᠬᠦᠴᠤ ᠤᠷᠤᠭᠤᠯᠵᠤ᠂ ᠮᠠᠨ ᠤ ᠪᠠᠶᠢᠭᠤᠯᠤᠯ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠨᠡᠩ ᠰᠠᠶᠢᠨ ᠢᠶᠠᠷ ᠵᠠᠰᠠᠯᠳᠠ ᠶᠢᠨ ᠴᠢᠳᠡᠪᠤᠷᠢ ᠪᠤᠯᠭᠠᠨ ᠬᠤᠪᠢᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠡ᠃ ᠪᠠᠶᠢᠭᠤᠯᠤᠯ ᠢ ᠦᠨᠡᠨ ᠬᠦ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ ᠶᠢᠨ ᠵᠠᠩᠭᠢᠯᠠᠭ᠎ᠠ ᠨᠢ ᠤᠳᠤᠷᠢᠳᠬᠤ ᠺᠠᠳ᠋ᠷ ᠲᠠᠭᠠᠭᠤᠯᠬᠤ ᠦᠢᠯᠡᠳᠦᠯ ᠦᠵᠡᠭᠦᠯᠵᠤ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠡᠩ ᠲᠡᠷᠢᠬᠦᠨ ᠳᠤ ᠲᠠᠭᠠᠭᠤᠯᠵᠤ ᠬᠢᠬᠦ ᠳᠤ ᠪᠤᠢ᠂ ᠬᠠᠮᠤᠭ ᠤᠨ ᠴᠢᠬᠤᠯᠠ ᠨᠢ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠪᠤᠯᠤᠨ ᠤᠯᠤᠰ ᠤᠨ ᠡᠯ᠎ᠡ ᠵᠦᠢᠯ ᠤᠨ ᠲᠦᠷᠢᠮ ᠢ ᠡᠷᠡᠰ ᠬᠡᠷᠡᠭᠵᠢᠭᠦᠯᠵᠤ᠂ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠬᠤ ᠲᠠᠯ᠎ᠠ ᠪᠠᠷ ᠰᠠᠶᠢᠳᠤᠷ ᠲᠠᠭᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠤᠳᠤᠬᠠᠨ ᠳᠤ᠂ ᠨᠠᠮ ᠪᠤᠯᠤᠨ ᠤᠯᠤᠰ ᠤᠨ ᠡᠯ᠎ᠡ ᠲᠠᠯ᠎ᠡ ᠶᠢᠨ ᠠᠵᠢᠯ ᠶᠠᠪᠤᠬᠤ ᠲᠤᠳᠤᠮ ᠲᠤᠰᠬᠠᠢᠢᠵᠢᠵᠤ᠂ ᠮᠡᠷᠭᠡᠵᠢᠵᠤ᠂ ᠨᠠᠷᠢᠯᠢᠬᠵᠢᠵᠤ᠂ ᠤᠯᠤᠰ ᠤᠨ ᠵᠠᠰᠠᠯᠳᠠ ᠶᠢᠨ ᠴᠢᠳᠠᠪᠤᠷᠢ ᠨᠢ ᠮᠠᠨ ᠤ ᠴᠢᠭᠯᠡᠯ ᠢ ᠡᠵᠡᠮᠳᠡᠬᠦ᠂ ᠶᠡᠭᠡ ᠲᠠᠯ᠎ᠡ ᠶᠢ ᠪᠤᠳᠤᠯᠬᠢᠯᠠᠬᠤ᠂ ᠲᠦᠷᠦ ᠶᠢᠨ ᠪᠤᠳᠤᠯᠭ᠎ᠠ ᠲᠤᠬᠳᠠᠭᠠᠬᠤ᠂ ᠦᠭᠡᠷᠡᠴᠢᠯᠡᠯᠳᠠ ᠶᠢ ᠠᠬᠢᠭᠤᠯᠬᠤ ᠶᠡᠷᠤᠩᠭᠡᠶᠢᠯᠡᠭᠰᠡᠨ ᠴᠢᠳᠠᠪᠤᠷᠢ ᠶᠢᠨ ᠲᠠᠯ᠎ᠡ ᠪᠠᠷ ᠢᠯᠡᠷᠡᠵᠤ ᠪᠠᠶᠢᠬᠤ ᠪᠦᠭᠡᠳ ᠪᠠᠰᠠ ᠮᠠᠨ ᠤ ᠲᠠᠯ᠎ᠡ ᠪᠦᠷᠢ ᠶᠢᠨ ᠤᠴᠢᠷ ᠶᠠᠪᠤᠳᠠᠯ ᠪᠤᠯᠤᠨ ᠵᠦᠢᠯ ᠪᠦᠷᠢ ᠶᠢᠨ ᠠᠵᠢᠯ ᠢ ᠰᠢᠢᠳᠪᠤᠷᠢᠯᠡᠬᠦ ᠪᠤᠳᠠᠳᠠᠢ ᠴᠢᠳᠠᠪᠤᠷᠢ ᠶᠢᠨ ᠲᠠᠯ᠎ᠡ ᠪᠠᠷ ᠢᠯᠡᠷᠡᠵᠤ ᠪᠠᠶᠢᠨ᠎ᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠶᠡᠭᠡ ᠬᠠᠨᠳᠤᠰᠢ ᠶᠢ ᠠᠵᠢᠬᠯᠠᠵᠤ᠂ ᠶᠡᠭᠡ ᠲᠠᠯ᠎ᠡ ᠶᠢ ᠪᠤᠳᠤᠯᠬᠢᠯᠠᠵᠤ᠂ ᠶᠡᠭᠡ ᠶᠠᠪᠤᠳᠠᠯ ᠢ ᠠᠳᠬᠤᠬᠤ ᠳᠠᠭᠠᠨ ᠴᠢᠳᠠᠮᠠᠭᠠᠢ ᠪᠠᠶᠢᠬᠤ ᠬᠡᠷᠡᠭᠳᠠᠢ᠂ ᠡᠬᠦᠨ ᠤ ᠵᠡᠷᠭᠡ ᠪᠠᠷ ᠬᠤᠪᠢᠳᠠᠨ ᠬᠠᠮᠢᠶᠡᠷᠴᠤ ᠪᠠᠶᠢᠭ᠎ᠠ ᠬᠦᠷᠢᠶᠠᠨ ᠳᠤ ᠲᠤᠯᠭᠠᠷᠠᠵᠤ ᠪᠠᠶᠢᠭ᠎ᠠ ᠪᠠᠶᠢᠳᠠᠯ ᠢ ᠪᠦᠬᠦ ᠲᠠᠯ᠎ᠡ ᠪᠠᠷ ᠵᠠᠳᠠᠯᠤᠨ ᠰᠤᠳᠤᠯᠬᠤ ᠳᠠᠭᠠᠨ ᠴᠢᠳᠠᠮᠠᠭᠠᠢ ᠪᠠᠶᠢᠵᠤ᠂ ᠡᠯ᠎ᠡ ᠬᠦᠷᠢᠶ᠎ᠡ ᠡᠯ᠎ᠡ ᠲᠠᠯ᠎ᠡ ᠶᠢᠨ ᠪᠤᠳᠠᠳᠠᠢ ᠠᠵᠢᠯ ᠢ ᠰᠠᠶᠢᠳᠤᠷ ᠠᠳᠬᠤᠵᠤ᠂ ᠪᠤᠳᠠᠳᠠᠢ ᠠᠰᠠᠭᠤᠳᠠᠯ ᠤᠳ ᠢ ᠰᠢᠢᠳᠪᠤᠷᠢᠯᠡᠵᠤ᠂ ᠪᠤᠳᠠᠳᠠᠢ ᠠᠵᠢᠯ ᠤᠳ ᠢ ᠠᠬᠢᠭᠤᠯᠬᠤ ᠪᠠᠷ ᠲᠠᠮᠵᠢᠭᠤᠯᠵᠤ᠂ ᠪᠦᠬᠦ ᠲᠠᠯ᠎ᠡ ᠶᠢᠨ ᠠᠵᠢᠯ ᠳᠤ ᠦᠢᠯᠡᠴᠢᠯᠡᠬᠦ ᠭᠡᠷᠡᠭᠳᠠᠢ᠃ ᠰᠢᠰᠲᠧᠮ ᠲᠠᠢ ᠵᠠᠰᠠᠬᠤ᠂ ᠬᠠᠤᠯᠢ ᠶᠤᠰᠤᠭᠠᠷ ᠵᠠᠰᠠᠬᠤ᠂ ᠶᠡᠷᠤᠩᠭᠡᠶᠢᠯᠡᠨ ᠵᠠᠰᠬᠠᠤ᠂ ᠡᠬᠢ ᠡᠬᠦᠰᠦᠯ ᠠᠴᠠ ᠨᠢ ᠵᠠᠰᠠᠬᠤ ᠤᠬᠠᠮᠰᠠᠷ ᠪᠠ ᠴᠢᠳᠠᠪᠤᠷᠢ ᠪᠠᠨ ᠴᠢᠩᠭᠠᠳᠬᠠᠵᠤ᠂ ᠨᠠᠮ ᠪᠤᠯᠤᠨ ᠤᠯᠤᠰ ᠤᠨ ᠠᠵᠢᠯ ᠤᠨ ᠪᠦᠬᠦ ᠲᠠᠯ᠎ᠡ ᠠᠴᠠ ᠭᠤᠤᠯᠯᠠᠨ ᠬᠠᠮᠢᠶᠡᠷᠴᠤ ᠪᠠᠶᠢᠭ᠎ᠠ ᠤᠷᠤᠨ ᠨᠤᠳᠤᠭ᠂ ᠬᠤᠪᠢᠳᠠᠨ ᠬᠠᠮᠢᠶᠡᠷᠴᠤ ᠪᠠᠶᠢᠭ᠎ᠠ ᠬᠦᠷᠢᠶ᠎ᠡ ᠬᠡᠪᠴᠢᠶ᠎ᠡ ᠪᠠ ᠰᠠᠯᠠᠭ᠎ᠠ ᠮᠦᠴᠢᠷ ᠤᠨ ᠠᠵᠢᠯ ᠢ ᠲᠦᠯᠦᠪᠵᠢᠬᠦᠯᠤᠨ ᠠᠬᠢᠭᠤᠯᠵᠤ᠂ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠤᠷᠤᠨ ᠨᠤᠳᠤᠭ ᠪᠠ ᠰᠠᠯᠠᠭ᠎ᠠ ᠮᠦᠴᠢᠷ ᠤᠨ ᠪᠤᠳᠠᠳᠠᠢ ᠡᠬᠦᠷᠭᠡ ᠪᠤᠯᠭᠠᠨ ᠬᠤᠪᠢᠷᠠᠭᠤᠯᠵᠤ᠂ ᠠᠵᠢᠯ ᠤᠨ ᠲᠤᠮᠳᠠᠬᠢ ᠲᠤᠪᠤᠶᠢᠮ᠎ᠡ ᠵᠦᠷᠢᠴᠡᠯ ᠪᠠ ᠠᠰᠠᠭᠤᠳᠠᠯ ᠢ ᠴᠢᠩᠭ᠎ᠠ ᠠᠳᠬᠤᠨ ᠰᠢᠢᠳᠪᠤᠷᠢᠯᠡᠬᠦ ᠭᠡᠷᠡᠭᠳᠠᠢ᠃ ᠨᠠᠶᠢᠳᠠᠪᠤᠷᠢᠵᠢᠭᠤᠯᠤᠯᠳᠠ ᠶᠢ ᠠᠳᠬᠤᠬᠤ ᠶᠢ ᠠᠵᠢᠯ ᠢᠶᠠᠨ ᠦᠷᠨᠢᠬᠦᠯᠬᠦ ᠭᠤᠤᠯ ᠠᠷᠭ᠎ᠠ ᠬᠡᠯᠪᠡᠷᠢ ᠪᠤᠯᠭᠠᠵᠤ᠂ ᠲᠡᠷᠢᠬᠢ ᠪᠠᠨ ᠬᠦᠳᠡᠯᠭᠡᠵᠤ᠂ ᠠᠷᠭ᠎ᠠ ᠪᠤᠳᠤᠵᠤ᠂ ᠦᠨᠡᠨ ᠪᠤᠳᠠᠳᠠᠢ ᠠᠷᠭ᠎ᠠ ᠬᠡᠮᠵᠢᠶ᠎ᠡ ᠭᠠᠷᠭᠠᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢᠨ ᠡᠯ᠎ᠡ ᠵᠦᠢᠯ ᠤᠨ ᠡᠬᠦᠷᠭᠡ ᠶᠢ ᠨᠢᠭᠡ ᠨᠢᠭᠡ ᠵᠦᠢᠯ ᠢᠶᠠᠷ ᠦᠨᠡᠨ ᠬᠦ ᠰᠠᠶᠢᠳᠤᠷ ᠠᠳᠬᠤᠬᠤ ᠭᠡᠷᠡᠭᠳᠠᠢ᠃ ᠢᠯᠠᠩᠭᠤᠶ᠎ᠡ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠵᠤᠷᠢᠬᠳᠠᠢ ᠪᠠᠷ ᠬᠦᠴᠢᠷᠳᠡᠯ ᠳᠤ ᠬᠠᠨᠳᠤᠵᠤ᠂ ᠵᠤᠷᠢᠬᠳᠠᠢ ᠪᠠᠷ ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠭᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠦᠪᠡᠷ ᠢ ᠪᠠᠨ ᠴᠢᠩᠭ᠎ᠠ ᠱᠠᠭᠠᠷᠳᠠᠵᠤ᠂ ᠴᠠᠭ ᠢᠮᠠᠬᠳᠠ ᠦᠪᠡᠷ ᠢ ᠪᠠᠨ ᠬᠦᠨᠳᠦᠳᠭᠡᠵᠤ ᠦᠪᠡᠷ ᠢ ᠪᠠᠨ ᠰᠡᠷᠡᠮᠵᠢᠯᠡᠬᠦᠯᠵᠤ ᠦᠪᠡᠷ ᠢ ᠪᠠᠨ ᠵᠤᠷᠢᠬᠵᠢᠭᠤᠯᠵᠤ᠂ ᠭᠠᠭᠴᠠᠭᠠᠷ ᠪᠠᠶᠢᠬᠤ ᠳᠠᠭᠠᠨ ᠪᠡᠶ᠎ᠡ ᠪᠠᠨ ᠬᠢᠴᠢᠶᠠᠬᠦ᠂ ᠭᠡᠷᠡᠭ ᠤᠴᠢᠷ ᠡᠬᠦᠰᠬᠦ ᠠᠴᠠ ᠪᠤᠯᠭᠤᠮᠵᠢᠯᠠᠬᠤ᠂ ᠵᠢᠵᠢᠭ ᠰᠠᠵᠢᠭ ᠵᠦᠢᠯ ᠢ ᠬᠢᠴᠢᠶᠠᠬᠦ᠂ ᠪᠤᠯᠭᠤᠮᠵᠢᠳᠠᠢ ᠨᠠᠶᠢᠵᠠᠯᠠᠬᠤ ᠶᠢ ᠪᠠᠶᠠᠯᠡᠬᠦᠯᠬᠦ ᠭᠡᠷᠡᠭᠳᠠᠢ᠃ ᠦᠪᠡᠷ ᠤᠨ ᠪᠡᠶ᠎ᠡ ᠠᠴᠠ ᠪᠠᠨ ᠡᠬᠢᠯᠡᠨ ᠬᠢᠵᠤ᠂ ᠦᠪᠡᠷ ᠢ ᠪᠠᠨ ᠲᠠᠰᠤᠷᠠᠯᠳᠠ ᠦᠭᠡᠢ ᠴᠡᠪᠡᠷᠰᠢᠭᠦᠯᠵᠤ᠂ ᠪᠡᠶ᠎ᠡ ᠪᠠᠨ ᠵᠠᠰᠠᠵᠤ ᠪᠠᠶ᠎ᠡ ᠪᠠᠨ ᠪᠠᠷᠢᠵᠤ᠂ ᠠᠷᠢᠭᠤᠨ ᠴᠢᠭᠡᠴᠢ ᠪᠠᠷ ᠭᠡᠷ ᠢᠶᠠᠨ ᠵᠠᠰᠠᠵᠤ᠂ ᠰᠠᠳᠤᠨ ᠲᠦᠷᠦᠯ ᠨᠠᠶᠢᠵᠠ ᠨᠦᠬᠦᠳ ᠪᠤᠯᠤᠨ ᠲᠡᠷᠭᠡᠳᠡᠬᠢ ᠠᠵᠢᠯᠳᠠᠨ ᠢᠶᠠᠨ ᠰᠠᠶᠢᠳᠤᠷ ᠬᠠᠮᠢᠶᠡᠷᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠤᠳᠠᠭ᠎ᠠ ᠶᠢᠨ ᠲᠤᠰᠬᠠᠢ ᠰᠡᠳᠦᠪᠳᠤ ᠠᠷᠠᠳᠴᠢᠯᠡᠯ ᠤᠨ ᠠᠮᠢᠳᠤᠷᠠᠯ ᠤᠨ ᠬᠤᠷᠠᠯ ᠲᠡᠭᠡᠷ᠎ᠡ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠰᠠᠨᠠᠭᠠᠴᠢᠯᠠᠭ᠎ᠠ ᠠᠴᠠ ᠪᠠᠨ ᠵᠦᠷᠢᠶ᠎ᠡ ᠪᠠᠨ ᠡᠷᠢᠵᠤ᠂ ᠲᠤᠳᠠᠭᠤᠳᠠᠯ ᠢᠶᠠᠨ ᠡᠷᠢᠵᠤ᠂ ᠠᠵᠢᠯ ᠢᠶᠠᠨ ᠰᠠᠶᠢᠳᠤᠷ ᠬᠢᠬᠦ ᠲᠤᠬᠠᠢ ᠮᠠᠰᠢ ᠤᠯᠠᠨ ᠰᠠᠶᠢᠨ ᠰᠠᠨᠠᠯ ᠪᠤᠯᠤᠨ ᠰᠠᠨᠠᠭᠤᠯᠭ᠎ᠠ ᠲᠤᠷᠠᠳᠴᠤ᠂ ᠵᠠᠷᠢᠮ ᠨᠢ ᠲᠦᠪ ᠤᠨ ᠠᠵᠢᠯ ᠲᠠᠢ ᠬᠤᠯᠪᠤᠬᠳᠠᠵᠤ᠂ ᠵᠠᠷᠢᠮ ᠨᠢ ᠰᠠᠯᠠᠭ᠎ᠠ ᠮᠦᠴᠢᠷ ᠤᠨ ᠠᠵᠢᠯ ᠲᠠᠢ ᠬᠤᠯᠪᠤᠬᠳᠠᠵᠤ᠂ ᠵᠠᠷᠢᠮ ᠨᠢ ᠤᠷᠤᠨ ᠨᠤᠳᠤᠭ ᠤᠨ ᠠᠵᠢᠯ ᠲᠠᠢ ᠬᠤᠯᠪᠤᠬᠳᠠᠵᠠᠢ᠂ ᠬᠤᠷᠠᠯ ᠤᠨ ᠲᠠᠷᠠᠭ᠎ᠠ ᠱᠠᠯᠠᠪᠳᠠᠭᠤᠯᠤᠨ ᠰᠤᠳᠤᠯᠵᠤ᠂ ᠠᠷᠭ᠎ᠠ ᠬᠡᠮᠵᠢᠶ᠎ᠡ ᠲᠤᠬᠳᠠᠭᠠᠵᠤ᠂ ᠠᠵᠢᠯ ᠢᠶᠠᠨ ᠰᠠᠶᠢᠵᠢᠷᠠᠭᠤᠯᠵᠤ᠂ ᠡᠷᠬᠡᠪᠰᠢ ᠪᠤᠳᠠᠳᠤ ᠦᠷ᠎ᠡ ᠪᠦᠳᠦᠮᠵᠢ ᠭᠠᠷᠭᠠᠬᠤ ᠭᠡᠷᠡᠭᠳᠠᠢ ᠭᠡᠵᠤ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号