ᠤᠯᠠᠭᠠᠨᠲᠤᠯᠤᠭᠠᠢ ᠶᠢᠨ ᠬᠦᠭᠵᠢᠯᠲᠡ ᠶᠢᠨ ᠰᠢᠨ᠎ᠡ ᠬᠠᠭᠤᠳᠠᠰᠤ
ᠨᠡᠶᠢᠲᠡᠯᠡᠭᠰᠡᠨ ᠴᠠᠭ᠄
2019-12-30
     ᠬᠦᠳᠡᠭᠡ ᠨᠤᠲᠤᠭ ᠤᠨ ᠬᠦᠭᠵᠢᠯᠲᠡ ᠶᠢᠨ ᠬᠠᠷᠭᠤᠢ ᠤᠯᠠᠮ ᠰᠠᠷᠠᠭᠤᠯ ᠪᠤᠯᠵᠤ᠂ ᠶᠡᠭᠡ ᠰᠤᠷᠭᠠᠭᠤᠯᠢ ᠲᠡᠭᠦᠰᠦᠭᠰᠡᠨ ᠤᠶᠤᠲᠠᠨ ᠵᠠᠯᠠᠭᠤᠴᠤᠳ ᠴᠤ ᠨᠤᠲᠤᠭ ᠲᠠᠭᠠᠨ ᠪᠤᠴᠠᠬᠤ ᠦᠷᠨᠢᠯᠲᠡ ᠤᠷᠴᠢᠮ ᠤᠨ ᠬᠤᠶᠠᠷ ᠵᠢᠯ ᠭᠠᠵᠠᠷ ᠠᠪᠬᠤ ᠪᠤᠯᠤᠭᠰᠠᠨ ᠨᠢ ᠦᠨᠡᠨᠲᠡᠢ᠃ ᠨᠡᠩ ᠴᠤ ᠦᠤᠰᠢᠨ ᠬᠤᠰᠢᠭᠤᠨ ᠤ ᠤᠯᠠᠭᠠᠨᠲᠤᠯᠤᠭᠠᠢ ᠪᠠᠯᠭᠠᠰᠤ ᠨᠢ ᠨᠠᠮ ᠤᠨ ᠪᠠᠶᠢᠭᠤᠯᠤᠯᠲᠡ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠰᠢᠨ᠎ᠡ ᠠᠷᠭ᠎ᠠ ᠬᠡᠯᠪᠡᠷᠢ ᠪᠠᠷ ᠬᠦᠳᠡᠭᠡ ᠨᠤᠲᠤᠭ ᠤᠨ ᠤᠯᠠᠮᠵᠢᠯᠠᠯᠲᠤ ᠠᠵᠤ ᠦᠢᠯᠡᠰ ᠢ ᠬᠤᠪᠢᠷᠠᠭᠤᠯᠤᠨ ᠰᠢᠨᠡᠳᠬᠡᠵᠤ᠂ ᠮᠠᠯᠴᠢᠨ ᠲᠠᠷᠢᠶᠠᠴᠢᠳ ᠤᠨ ᠠᠰᠢᠭ ᠤᠷᠤᠯᠭ᠎ᠠ ᠶᠢ ᠨᠡᠮᠡᠭᠳᠡᠬᠦᠯᠥᠨ᠂ ᠪᠠᠶᠠᠨ ᠴᠢᠨᠡᠬᠡᠯᠢᠭ᠂ ᠦᠵᠡᠰᠬᠦᠯᠡᠩᠲᠤ ᠰᠠᠶᠢᠬᠠᠨ ᠬᠦᠳᠡᠭᠡ ᠤᠷᠤᠨ ᠢ ᠴᠤᠭᠴᠠᠯᠠᠨ ᠪᠠᠶᠢᠭᠤᠯᠤᠭᠰᠠᠨ ᠠᠴᠠ ᠬᠤᠯᠠ ᠤᠢᠢᠷ᠎ᠠ ᠳᠠᠭᠠᠨ ᠠᠯᠳᠠᠷᠰᠢᠵᠤ᠂ ᠬᠤᠲᠠᠯᠠ ᠤᠯᠠᠨ ᠳᠠᠭᠠᠨ ᠭᠠᠶᠢᠬᠠᠭᠳᠠᠭᠰᠠᠨ ᠪᠠᠶᠢᠪᠠ᠃ ᠬᠡᠪᠡᠴᠤ ᠡᠨᠡ ᠠᠮᠵᠢᠯᠲᠠ ᠶᠢᠨ ᠢᠷᠠᠭᠤ ᠬᠠᠭᠤᠳᠠᠰᠤ ᠶᠢ ᠵᠦᠬᠡᠷ ᠨᠢᠬᠡ ᠤᠷᠢᠶ᠎ᠠ ᠯᠤᠽᠦ᠋ᠡᠭ ᠬᠠᠰᠬᠢᠷᠤᠭᠠᠳ ᠤᠯᠴᠢᠬᠠᠭᠰᠠᠨ ᠪᠢᠰᠢ ᠬᠠᠷᠢᠨ ᠤᠢᠢᠭ᠎ᠠ ᠦᠭᠡᠢ ᠬᠦᠳᠡᠯᠮᠦᠷᠢ᠂ ᠤᠷᠤᠭᠰᠢᠯᠠᠨ ᠲᠠᠪᠰᠢᠬᠤ ᠦᠵᠡᠯ ᠰᠠᠨᠠᠭᠠᠨ ᠠᠴᠠ ᠪᠤᠯᠪᠠᠰᠤᠷᠠᠨ ᠭᠠᠷᠤᠭᠰᠠᠨ ᠨᠢ ᠦᠨᠡᠨᠲᠡᠢ᠃ ᠢᠡᠭᠭᠢᠭᠡᠳ ᠪᠢᠳᠠ ᠤᠯᠠᠭᠠᠨᠲᠤᠯᠤᠭᠠᠢ ᠪᠠᠯᠭᠠᠰᠤᠨ ᠤ ᠬᠦᠭᠵᠢᠯᠲᠡ ᠶᠢᠨ ᠰᠢᠨ᠎ᠠ ᠬᠠᠭᠤᠳᠠᠰᠤᠨ ᠠᠴᠠ ᠬᠠᠮᠲᠤ ᠳᠠᠭᠠᠨ ᠬᠠᠷᠠᠶ᠎ᠠ︕
 
       ᠬᠦᠳᠡᠭᠡ ᠲᠤᠰᠬᠤᠨ ᠢ ᠬᠦᠭᠵᠢᠬᠦᠯᠬᠦ ᠰᠢᠨ᠎ᠡ ᠴᠢᠳᠠᠪᠤᠷᠢ ᠶᠢ ᠡᠬᠦᠳᠪᠠ            ᠬᠥᠳᠡᠭᠡ ᠲᠣᠰᠬᠤᠨ ᠢ ᠬᠥᠭᠵᠢᠭᠦᠯᠬᠦ ᠳᠤ ᠠᠵᠤ ᠦᠶ᠋ᠯᠡᠰ ᠲᠤ ᠲᠦᠰᠢᠭᠯᠡᠵᠦ᠂ ᠠᠵᠤ ᠦᠶ᠋ᠯᠡᠰ ᠢ ᠬᠥᠭᠵᠢᠭᠦᠯᠬᠦ ᠳᠤ ᠣᠨᠴᠠᠯᠢᠭ ᠲᠠᠢ ᠪᠠᠢᠶ᠋ᠬᠤ ᠬᠡᠷᠡᠭᠲᠡᠶ᠃ ᠤᠯᠠᠭᠠᠨᠲᠣᠯᠣᠭᠠᠶ ᠪᠠᠯᠭᠠᠰᠤ ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠣᠯᠭᠠᠵᠤ᠂ ︽ᠴᠡᠭ ᠱᠤᠭᠤᠮ︾ ᠤᠨ ᠠᠵᠤ ᠦᠢᠯᠡᠰ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ︽ᠨᠢᠭᠡ ᠲᠣᠰᠬᠤᠨ ᠨᠢᠭᠡ ᠲᠥᠷᠥᠯ ᠵᠦᠶ᠋ᠯ︾ ᠢᠶᠠᠷ ᠣᠯᠠᠨ ᠲᠠᠯ᠎ᠠ ᠶᠢᠨ ᠳᠠᠭᠤᠷᠢᠶᠠᠯ ᠪᠣᠯᠭᠠᠵᠤ᠂ ︽ᠬᠤᠸᠠᠩ ᠰᠢᠶᠠᠩ︾ ᠭᠠᠭ᠋ᠠᠶ ᠲᠡᠵᠢᠭᠡᠨ ᠦᠷᠡᠵᠢᠭᠦᠯᠬᠦ ᠭᠤᠤᠯ ᠣᠷᠣᠨ᠂ ᠣᠷᠳᠣᠰ ᠤᠨ ᠨᠠᠷᠢᠨ ᠨᠣᠣᠰᠣᠲᠤ ᠬᠤᠨᠢ ᠲᠡᠵᠢᠭᠡᠨ ᠦᠷᠡᠵᠢᠭᠦᠯᠬᠦ ᠭᠤᠤᠯ ᠣᠷᠣᠨ᠂ ᠲᠠᠯ᠎ᠠ ᠨᠤᠲᠤᠭ ᠤᠨ ᠤᠯᠠᠭᠠᠨ ᠦᠬᠡᠷ ᠲᠡᠵᠢᠭᠡᠨ ᠦᠷᠡᠵᠢᠭᠦᠯᠬᠦ ᠣᠷᠣᠨ᠂ ᠦᠤᠰᠢᠨ ᠠᠳᠤᠭᠤᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠪᠦᠰᠡ ᠪᠠᠷ ᠨᠢᠬᠡ ᠱᠤᠭᠤᠮ ᠪᠤᠯᠭᠠᠵᠤ᠂ ᠪᠦᠬᠦ ᠣᠷᠣᠨ ᠪᠦᠰᠡ᠂ ᠪᠦᠬᠦ ᠲᠠᠯ᠎ᠠ ᠪᠠᠷ ᠬᠥᠭᠵᠢᠭᠦᠯᠬᠦ ᠪᠠᠷ ᠬᠠᠷᠠᠯᠲᠠ ᠪᠣᠯᠭᠠᠨ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠬᠦ ᠬᠤᠰᠢᠭᠤᠴᠢ ᠣᠷᠣᠨ ᠪᠤᠯᠤᠭᠰᠠᠨ ᠪᠠᠶᠢᠨ᠎ᠠ᠃      ᠣᠢᠢᠷ᠎ᠠ ᠳᠤ ᠱᠠᠨᠳᠦ᠋ᠩ ᠤᠨ ᠭᠤᠸᠠᠩ ᠬᠠᠨ ᠪᠦᠯᠦᠭᠯᠡᠯ ᠤᠨ 200 ᠭᠠᠷᠤᠶ ᠬᠥᠮᠦᠨ ︽ᠠᠯᠠᠭᠠᠨ ᠲᠡᠭᠡᠷᠡᠬᠢ ᠮᠠᠯᠵᠢᠯ ᠤᠨ ᠲᠠᠯᠠᠪᠠᠢ︾ ᠶᠢᠨ 1368 ᠨᠠᠷᠢᠨ ᠨᠣᠣᠰᠣᠲᠤ ᠬᠤᠨᠢ ᠶᠢ ᠬᠦᠢᠲᠡᠨ ᠬᠡᠯᠬᠢᠶᠡᠲᠦ ᠵᠥᠭᠡᠭᠡᠪᠦᠷᠢᠯᠡᠯᠲᠡ ᠪᠠᠷ ᠳᠠᠮᠵᠢᠨ ᠭᠠᠷᠳᠠᠵᠤ ᠠᠪᠴᠠᠢ᠃ ᠪᠦᠷᠢᠳᠬᠡᠯ ᠢ ᠦᠨᠳᠦᠰᠦᠯᠡᠪᠡᠯ᠂ ᠪᠠᠶᠠᠨᠭᠤᠣᠯ ᠭᠠᠴᠠᠭ᠎ᠠ ᠨᠢ ︽ᠠᠯᠠᠭᠠᠨ ᠲᠡᠭᠡᠷᠡᠬᠢ ᠮᠠᠯᠵᠢᠯ ᠤᠨ ᠲᠠᠯᠠᠪᠠᠢ︾ ᠲᠠᠷᠢᠶᠠᠯᠠᠩ ᠮᠠᠯ ᠠᠵᠤ ᠠᠬᠤᠢ ᠶᠢᠨ APP ᠶᠢ ᠪᠠᠭᠤᠯᠭᠠᠭᠠᠳ ᠣᠳᠣ ᠪᠣᠯᠲᠠᠯ᠎ᠠ ᠨᠡᠶᠢᠲᠡ 3800 ᠭᠠᠷᠤᠶ ᠬᠤᠨᠢ ᠲᠡᠵᠢᠭᠡᠵᠦ᠂ ᠥᠩᠭᠡᠷᠡᠭᠰᠡᠨ ᠵᠢᠯ ᠤᠨ ᠬᠢ ᠠᠴᠠ ᠬᠤᠨᠢ ᠪᠦᠷᠢ ᠲᠡᠭᠡᠷ᠎ᠡ ᠢᠯᠡᠬᠦᠦ 500 — 700 ᠲᠥᠭᠦᠷᠢᠭ ᠤᠨ ᠠᠰᠢᠭ ᠤᠯᠤᠭᠰᠠᠨ ᠪᠠᠶᠢᠨ᠎ᠠ᠃ ︽ᠠᠯᠠᠭᠠᠨ ᠲᠡᠭᠡᠷᠡᠬᠢ ᠮᠠᠯᠵᠢᠯ ᠤᠨ ᠲᠠᠯᠠᠪᠠᠢ︾ ᠶᠢᠨ APP ᠶᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠥᠪᠥᠷ ᠮᠣᠩᠭᠤᠯ ᠤᠨ ᠶᠦᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠪᠠᠶᠠᠨᠭᠤᠣᠯ ᠭᠠᠴᠠᠭᠠᠨ ᠤ ᠨᠠᠷᠢᠨ ᠨᠣᠣᠰᠣᠲᠤ ᠬᠤᠨᠢ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠲᠣᠰ ᠪᠡᠶ᠎ᠡ ᠶᠢᠨ ᠪᠠᠶᠢᠳᠠᠯ ᠳᠤᠨᠢ ᠲᠤᠬᠢᠷᠠᠭᠤᠯᠤᠨ ᠪᠠᠶᠢᠭᠤᠯᠤᠭᠰᠠᠨ ᠪᠠᠶᠢᠨ᠎ᠠ︕      ᠲᠤᠰ APP ᠳᠤ ︽ᠤᠡᠭᠭᠤᠨ ᠲᠠᠯ᠎ᠠ︾ ᠬᠤᠷᠰᠢᠶᠠᠵᠢᠯ ᠤᠨ ᠬᠡᠰᠢᠬᠦᠳ ᠬᠤᠨᠢ ᠲᠡᠵᠢᠬᠡᠬᠦ ᠠᠵᠢᠯ ᠢᠶᠠᠨ ᠬᠠᠷᠢᠭᠤᠴᠠᠨ ᠬᠢᠵᠤ᠂ ᠬᠤᠨᠢ ᠬᠤᠳᠠᠯᠳᠤᠨ ᠠᠪᠬᠤ ᠡᠲᠡᠭᠡᠳ ᠨᠢ ᠦᠪᠡᠷ ᠦᠪᠡᠷ ᠤᠨ ᠬᠤᠨᠢᠨ ᠰᠦᠷᠦᠭ ᠢᠶᠠᠨ ᠭᠠᠷ ᠤᠲᠠᠰᠤᠨ ᠲᠡᠭᠡᠷ᠎ᠡ ᠠᠴᠠ ᠦᠵᠡᠵᠤ ᠪᠤᠯᠬᠤ ᠠᠵᠢ᠃ ᠢᠡᠭᠭᠢᠵᠤ ᠬᠢᠭᠰᠡᠨ ᠠᠴᠠ ︽ᠤᠩᠭᠤᠨ ᠲᠠᠯ᠎ᠠ︾ ᠬᠤᠷᠰᠢᠶᠠᠵᠢᠯ ᠨᠢ ᠠᠵᠤ ᠦᠢᠯᠡᠰ ᠤᠨ ᠬᠥᠭᠵᠢᠯᠲᠡ ᠶᠢᠨ ᠳᠤᠮᠳᠠ ︽ᠨᠠᠮ ᠤᠨ ᠡᠭᠦᠷ + ᠬᠤᠷᠰᠢᠶ᠎ᠠ + ᠮᠠᠯᠴᠢᠨ ᠲᠠᠷᠢᠶᠠᠴᠢᠨ ᠡᠷᠦᠬᠡ︾ ᠶᠢᠨ ᠬᠠᠮᠲᠤᠷᠠᠯᠴᠠᠭᠠᠨ ᠤ ᠵᠠᠭᠪᠤᠷ ᠢ ᠬᠡᠷᠡᠭᠵᠢᠭᠦᠯᠵᠦ᠂ 6 ᠨᠠᠮ ᠤᠨ ᠭᠡᠰᠢᠭᠦᠨ ᠡᠷᠦᠬᠡ ᠶᠢ ᠳᠠᠭᠠᠭᠤᠯᠤᠨ ᠬᠤᠷᠰᠢᠶᠠᠵᠢᠯ ᠳᠤ ᠣᠷᠣᠭᠤᠯᠵᠤ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠦᠶ᠋ᠯᠡᠳᠦᠯ ᠢ ᠪᠠᠳᠠᠷᠠᠭᠤᠯᠵᠤ᠂ ᠠᠰᠢᠭ ᠲᠤᠰᠠ ᠪᠠᠷ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ ᠡᠳᠦᠬᠡ ᠪᠤᠯᠬᠤ ᠳᠤ ᠬᠤᠷᠰᠢᠶᠠᠵᠢᠯ ᠨᠢ ᠨᠢᠭᠡᠨᠲᠡ 35 ᠭᠡᠰᠢᠭᠦᠨ ᠢ ᠡᠯᠰᠡᠨ ᠠᠪᠴᠤ᠂ 3 ᠲᠦᠮᠡ ᠭᠠᠷᠤᠶ ᠮᠦ ᠴᠢᠨᠠᠷ ᠰᠠᠶᠢᠲᠠᠶ ᠬᠠᠳᠤᠯᠠᠩ ᠤᠨ ᠪᠡᠯᠴᠢᠭᠡᠷ᠂ 1400 ᠮᠦ ᠡᠪᠡᠰᠦ ᠪᠣᠷᠳᠣᠭᠠᠨ ᠤ ᠰᠠᠭᠤᠷᠢᠨ ᠭᠠᠵᠠᠷ᠂ 4780 ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ᠂ 17 ᠭᠤᠤᠯᠳᠠᠯᠭ᠎ᠠ ᠲᠠᠢ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ᠂ 11 ᠪᠠᠷᠢᠮᠵᠢᠶᠠᠵᠢᠭᠤᠯᠤᠨ ᠦᠷᠡᠵᠢᠭᠦᠯᠬᠦ ᠰᠠᠭᠤᠷᠢᠨ ᠭᠠᠵᠠᠷ ᠲᠠᠢ ᠪᠣᠯᠵᠠᠶ᠃ ᠡᠭᠦᠨ ᠤ ᠬᠠᠮᠲᠤ ᠡᠷᠭᠢᠨ ᠲᠣᠭᠤᠷᠢᠨ ᠤ 30 ᠭᠠᠷᠤᠶ ᠲᠡᠵᠢᠭᠡᠨ ᠦᠷᠡᠵᠢᠭᠦᠯᠬᠦ ᠡᠷᠦᠬᠡ ᠶᠢ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ᠂ ᠵᠢᠩ ᠪᠦᠷᠢ ᠨᠢ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ 1 ᠲᠥᠭᠦᠷᠢᠭ ᠤᠨ ᠦᠨ᠎ᠡ ᠪᠠᠷ ᠦᠶ᠋ᠯᠡᠳᠪᠦᠷᠢᠯᠡᠯ ᠤᠨ ᠲᠦᠭᠦᠬᠡᠶ ᠮᠠᠲ᠋ᠧᠷᠢᠶᠠᠯ ᠢ ᠬᠤᠳᠠᠯᠳᠤᠨ ᠠᠪᠴᠤ᠂ ᠡᠷᠦᠬᠡ ᠪᠦᠷᠢ ᠶᠢᠨ ᠣᠷᠣᠯᠭ᠎ᠠ ᠶᠢ 3000 ᠭᠠᠷᠤᠶ ᠲᠥᠭᠦᠷᠢᠭ ᠨᠡᠮᠡᠭᠳᠡᠭᠦᠯᠦᠭᠰᠠᠨ ᠪᠠᠶᠢᠨ᠎ᠠ᠃ ᠡᠭᠦᠨ ᠠᠴᠠ ᠭᠠᠳᠠᠨ᠎ᠠ ᠪᠠᠶᠠᠠ᠊ᠠᠣᠪᠣᠭ᠎ᠠ ᠭᠠᠴᠠᠭᠠᠨ ᠤ ᠲᠠᠷᠢᠶᠠᠯᠠᠩ ᠤᠨ ᠮᠠᠰᠢᠨ ᠤ ᠦᠶ᠋ᠯᠡᠴᠢᠯᠡᠭᠡᠨ ᠤ ᠠᠩᠭᠢ᠂ ᠤᠯᠠᠭᠠᠨᠲᠤᠭ ᠲᠣᠰᠬᠤᠨ ᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠵᠡᠷᠭᠡ ᠪᠠᠷ ︽ᠨᠢᠭᠡ ᠲᠣᠰᠬᠤᠨ ᠨᠢᠭᠡ ᠦᠶ᠋ᠯᠡᠳᠬᠦᠨ︾ ᠤ ᠵᠢᠱᠢᠶ᠎ᠡ ᠦᠵᠡᠭᠦᠯᠬᠦ ᠦᠶ᠋ᠯᠡᠳᠦᠯ ᠢ ᠠᠯᠬᠤᠮ ᠠᠯᠬᠤᠮ ᠢᠶᠠᠷ ᠪᠠᠳᠠᠷᠠᠭᠤᠯᠪᠠ᠃      ᠪᠠᠶᠠᠵᠢᠯ ᠴᠢᠨᠡᠬᠡᠯᠢᠭᠵᠢᠯ ᠳᠤ ᠬᠦᠷᠦᠶ᠎ᠡ ᠬᠡᠪᠡᠯ ᠭᠠᠭᠴᠠ ᠬᠤᠶᠠᠷ ᠠᠶᠢᠯ ᠡᠷᠦᠬᠡ ᠪᠤᠶᠤ ᠨᠢᠬᠡ ᠭᠠᠴᠠᠭ᠎ᠠ ᠲᠤᠰᠬᠤᠨ ᠢᠶᠠᠷ ᠢᠶᠠᠨ ᠪᠠᠶᠠᠵᠢᠴᠢᠬᠠᠪᠠᠯ ᠪᠤᠯᠴᠢᠬᠠᠬᠤ ᠶᠠᠪᠤᠳᠠᠯ ᠪᠢᠰᠢ ᠬᠠᠷᠢᠨ ᠪᠦᠬᠦ ᠪᠠᠯᠭᠠᠰᠤ ᠪᠦᠬᠦ ᠰᠤᠮᠤ ᠪᠠᠷ ᠢᠶᠠᠨ ᠪᠠᠶᠠᠵᠢᠬᠤ ᠬᠡᠷᠡᠭᠲᠡᠢ᠃ ᠤᠯᠠᠭᠠᠨᠲᠣᠯᠣᠭᠠᠶ ᠪᠠᠯᠭᠠᠰᠤ ᠵᠣᠷᠢᠭᠲᠠᠶ ᠪᠠᠷ ᠰᠢᠨ᠎ᠡ ᠶᠢ ᠡᠭᠦᠳᠴᠦ᠂ ᠡᠷᠡᠰ ᠰᠢᠭᠤᠷᠬᠠᠶ ᠪᠠᠷ ᠥᠭᠡᠷᠡᠴᠢᠯᠡᠯᠲᠡ ᠬᠢᠵᠦ ︽ᠨᠠᠮ ᠤᠨ ᠪᠠᠶᠢᠭᠤᠯᠤᠯᠲᠠ ᠴᠢᠩᠭ᠎ᠠ᠂ ᠬᠥᠭᠵᠢᠯᠲᠡ ᠴᠢᠩᠭ᠎ᠠ᠂ ᠬᠠᠮᠲᠤ ᠪᠠᠷ ᠪᠠᠶᠠᠵᠢᠭᠰᠠᠨ︾ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠰᠡᠳᠬᠢᠴᠡ ᠶᠣᠰᠣᠭᠠᠷ ᠡᠯ᠎ᠡ ᠭᠠᠴᠠᠭ᠎ᠠ ᠲᠣᠰᠬᠤᠨ ᠤ ᠬᠠᠭᠤᠴᠢᠨ ᠬᠦᠭᠵᠢᠯᠲᠡ ᠶᠢᠨ ᠰᠡᠳᠬᠢᠬᠦᠶ ᠶᠢ ᠡᠪᠳᠡᠵᠦ ︽ᠬᠠᠮᠲᠤ ᠶᠢᠨ ᠠᠵᠤ ᠠᠬᠤᠶ︾ ᠶᠢᠨ ᠠᠵᠢᠯ ᠤᠨ ᠵᠠᠭᠪᠤᠷ ᠢ ᠰᠦᠪᠡᠭᠴᠢᠯᠡᠨ ᠪᠠᠶᠢᠭᠤᠯᠪᠠ᠃ ᠲᠤᠰ ᠵᠢᠯ ᠤᠨ 11 ᠰᠠᠷ᠎ᠠ ᠶᠢᠨ ᠡᠬᠢ ᠪᠠᠷ ᠪᠠᠶᠠᠨᠭᠤᠣᠯ ᠭᠠᠴᠠᠭᠠᠨ ᠤ ᠪᠤᠯᠠᠭ ᠤᠨ ᠤᠰᠤᠨ ᠤ ᠦᠶ᠋ᠯᠡᠳᠪᠦᠷᠢ ᠵᠢᠩᠬᠢᠨᠢ ᠪᠠᠷ ᠠᠰᠢᠭᠯᠠᠯᠲᠠ ᠳᠤ ᠤᠷᠤᠵᠤ᠂ ᠡᠨᠡ ᠨᠢ ᠢᠷᠡᠬᠦ ᠵᠢᠯ ᠤᠨ 11 ᠰᠠᠷ᠎ᠠ ᠶᠢᠨ ᠡᠬᠢ ᠪᠣᠯᠬᠤ ᠳᠤ ᠲᠣᠰᠬᠤᠨ ᠤ ᠬᠠᠮᠲᠤ ᠨᠡᠶᠢᠲᠡ ᠳᠤ 150 ᠲᠦᠮᠡᠨ ᠲᠥᠭᠦᠷᠢᠭ ᠤᠨ ᠣᠷᠣᠯᠭ᠎ᠠ ᠠᠪᠴᠢᠷᠠᠬᠤ ᠪᠣᠯᠤᠨ᠎ᠠ᠃ ᠢᠡᠭᠭᠢᠬᠦ ᠳᠤ ᠡᠨᠡ ᠬᠦ ᠠᠰᠢᠭ ᠣᠷᠣᠯᠭ᠎ᠠ ᠪᠠᠨ ᠬᠡᠷᠭᠢᠨ ᠬᠤᠪᠢᠶᠠᠷᠢᠯᠠᠬᠤ ᠪᠤᠢ︖ ᠲᠦᠷᠦᠯ ᠵᠦᠢᠯ ᠨᠢ ᠪᠠᠶᠢᠭ᠎ᠠ ᠲᠤᠬᠠᠢ ᠶᠢᠨ ᠭᠠᠵᠠᠷ ᠤᠨ ᠭᠠᠴᠠᠭ᠎ᠠ ᠲᠤᠰᠬᠤᠨ 60% ᠶᠢᠨ ᠠᠰᠢᠭ ᠢ ᠬᠦᠷᠲᠡᠵᠤ᠂ 40% ᠶᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠠᠮᠲᠤ ᠶᠢᠨ ᠠᠵᠤ ᠠᠬᠤᠢ ᠪᠠᠭᠤᠷᠠᠶ ᠡᠯ᠎ᠡ ᠭᠠᠴᠠᠭ᠎ᠠ ᠲᠣᠰᠬᠤᠨ ᠳᠤ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠨ᠎ᠠ᠃ ᠢᠡᠭᠭᠢᠬᠡᠳ ᠡᠬᠢ ᠪᠠᠶᠠᠯᠢᠭ᠂ ᠪᠡᠯᠡ ᠮᠥᠩᠭᠦ᠂ ᠲᠥᠷᠥᠯ ᠵᠦᠶ᠋ᠯ ᠳᠤᠲᠠᠭᠳᠠᠵᠤ ᠪᠠᠢᠶ᠋ᠭ᠎ᠠ ᠭᠠᠴᠠᠭ᠎ᠠ ᠲᠣᠰᠬᠤᠨ ᠴᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ᠂ ᠳᠠᠶᠢᠴᠢᠯᠠᠬᠤ ᠬᠦᠴᠦᠨ ᠢ ᠴᠢᠩᠭᠠᠳᠬᠠᠬᠤ ᠪᠠᠲᠤ ᠪᠠᠬᠢ ᠰᠠᠭᠤᠷᠢ ᠪᠤᠯᠬᠤ ᠶᠤᠮ ᠪᠠᠶᠢᠨ᠎ᠠ᠃      ︽ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ︾ ᠨᠢ ︽ᠬᠤᠸᠠᠩ ᠰᠢᠶᠠᠩ︾ ᠭᠠᠭ᠋ᠠᠶ ᠲᠡᠵᠢᠭᠡᠨ ᠦᠷᠡᠵᠢᠭᠦᠯᠬᠦ ᠡᠷᠦᠬᠡ ᠶᠢᠨ ᠤᠷᠤᠯᠭ᠎ᠠ ᠶᠢ ᠨᠡᠮᠡᠭᠳᠡᠬᠦᠯᠵᠤ ᠪᠠᠶᠢᠭ᠎ᠠ ᠰᠤᠷᠠᠭ ᠢᠶᠠᠷ ᠪᠢᠳᠠ ᠲᠡᠨᠳᠡ ᠬᠦᠷᠬᠦ ᠳᠤ ᠲᠤᠰ ᠬᠤᠷᠰᠢᠶᠠᠵᠢᠯ ᠤᠨ ᠬᠢᠨ ᠡᠪᠤᠯ ᠤᠨ ᠰᠡᠯᠡᠬᠦᠦ ᠴᠠᠭ ᠲᠤ ᠴᠤ ᠡᠨᠡ ᠲᠡᠷᠡ ᠰᠤᠷᠤᠯᠴᠠᠯᠭ᠎ᠠ ᠬᠡᠮᠡᠨ ᠶᠠᠭᠠᠷᠠᠵᠤ ᠪᠠᠶᠢᠯ᠎ᠠ᠃ ᠨᠠᠮ ᠤᠨ ᠭᠡᠰᠢᠭᠦᠨ ᠭᠤᠤ ᠬᠠᠢ ᠺᠤᠸᠠᠨ ᠪᠣᠯ ᠳᠠᠷᠤᠶ ᠲᠡᠵᠢᠭᠡᠨ ᠦᠷᠡᠵᠢᠭᠦᠯᠬᠦ ᠡᠷᠦᠬᠡ ᠶᠢᠨ ᠳᠠᠪᠲᠠᠨ ᠪᠣᠯᠪᠠᠰᠤᠷᠠᠭᠤᠯᠤᠭᠴᠢ ᠮᠥᠨ᠃ ᠲᠡᠷᠡ ᠪᠤᠯ ᠲᠤᠰ ᠭᠠᠵᠠᠷ ᠤᠨ ᠬᠠᠮᠤᠭ ᠡᠷᠲᠡ ᠭᠠᠭ᠋ᠠᠢ ᠲᠡᠵᠢᠭᠡᠭᠰᠡᠨ ᠬᠦᠮᠦᠨ ᠪᠤᠯᠬᠤᠷ ᠤᠯᠠᠨ ᠵᠢᠯ ᠤᠨ ᠭᠠᠭ᠋ᠠᠢ ᠲᠡᠵᠢᠭᠡᠭᠰᠡᠨ ᠲᠤᠷᠰᠢᠯᠭ᠎ᠠ ᠳᠠᠭᠠᠨ ᠰᠠᠭᠤᠷᠢᠯᠠᠨ ᠬᠡᠷᠬᠢᠨ ᠪᠠᠶᠠᠵᠢᠨ ᠴᠢᠨᠡᠬᠡᠯᠢᠭᠵᠢᠬᠦ ᠶᠢ ᠤᠯᠠᠨ ᠳᠤ ᠲᠠᠶᠢᠯᠪᠤᠷᠢᠯᠠᠬᠤ ᠰᠢᠨ᠎ᠡ ᠡᠬᠦᠷᠭᠡ ᠲᠠᠢ ᠪᠤᠯᠤᠭᠰᠠᠨ ᠠᠵᠢ᠃ ᠬᠡᠪᠡᠴᠤ ᠲᠡᠭᠦᠨ ᠤ ᠡᠨᠡ ᠬᠦ ᠡᠬᠦᠷᠭᠡ ᠶᠢ ᠪᠠᠯᠭᠠᠰᠤᠨ ᠠᠴᠠ ᠲᠤᠭᠲᠠᠭᠠᠵᠤ ᠦᠭᠭᠦᠭᠰᠡᠨ ᠨᠢ ᠪᠠᠰᠠ ᠤᠴᠢᠷᠲᠠᠢ᠃ ᠡᠨᠡ ᠵᠢᠯ ᠤᠨ 3 ᠰᠠᠷ᠎ᠠ ᠳᠤ ᠤᠯᠠᠭᠠᠨᠲᠣᠯᠣᠭᠠᠶ ᠪᠠᠯᠭᠠᠰᠤ ︽ᠵᠢᠵᠢᠭ ᠡᠭᠦᠷ᠂ ᠶᠡᠭᠡ ᠨᠠᠮ ᠤᠨ ᠬᠤᠷᠢᠶ᠎ᠠ︾ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠷ ᠰᠢᠨ᠎ᠡ ᠶᠢ ᠡᠭᠦᠳᠴᠦ᠂ ᠡ᠊ᠩ ᠲᠡᠷᠢᠭᠦᠨ ᠳᠤ ︽ᠬᠤᠸᠠᠩ ᠰᠢᠶᠠᠩ︾ ᠭᠠᠭ᠋ᠠᠶ ᠲᠡᠵᠢᠭᠡᠬᠦ ᠠᠵᠤ ᠦᠶ᠋ᠯᠡᠰᠵᠢᠯᠲᠡ ᠶᠢᠨ ᠨᠠᠮ ᠤᠨ ᠬᠤᠷᠢᠶ᠎ᠠ ᠶᠢ ᠪᠠᠶᠢᠭᠤᠯᠵᠤ᠂ ᠭᠠᠴᠠᠭ᠎ᠠ ᠲᠣᠰᠬᠤᠨ ᠤ ᠨᠠᠮ ᠤᠨ ᠡᠭᠦᠷ ᠪᠣᠯᠤᠨ ᠠᠵᠤ ᠠᠬᠤᠢᠢᠯᠠᠯ ᠤᠨ ᠨᠠᠮ ᠤᠨ ᠡᠭᠦᠷ ᠲᠠᠢ ᠬᠤᠯᠪᠣᠭᠠᠯᠠᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠭᠰᠡᠨ ᠪᠠᠶᠢᠨ᠎ᠠ᠃ ᠲᠡᠵᠢᠭᠡᠨ ᠦᠷᠡᠵᠢᠭᠦᠯᠬᠦ ᠲᠣᠮᠣ ᠡᠷᠦᠬᠡ᠂ ᠮᠡᠷᠭᠡᠵᠢᠯ ᠤᠨ ᠠᠵᠢᠯᠲᠠᠨ ᠪᠣᠯᠤᠨ ᠠᠵᠤ ᠠᠬᠤᠢᠢᠯᠠᠯ ᠬᠠᠮᠲᠤ ᠪᠠᠷ ᠳᠠᠭᠠᠭᠤᠯᠬᠤ ᠶᠢᠨ ᠬᠠᠮᠲᠤ ᠠᠵᠤ ᠦᠢᠯᠡᠰ ᠤᠨ ᠰᠠᠭᠤᠷᠢᠨ ᠭᠠᠵᠠᠷ᠂ ᠮᠡᠷᠭᠡᠵᠢᠯ ᠤᠨ ᠦᠶ᠋ᠯᠡᠴᠢᠯᠡᠭᠡ᠂ ᠦᠶ᠋ᠯᠡᠳᠬᠦᠨ ᠤ ᠡᠵᠡᠩᠨᠡᠯᠲᠡ ᠪᠣᠷᠣᠯᠠᠭᠤᠯᠤᠯᠲᠠ ᠵᠡᠷᠭᠡ 3 ᠨᠠᠮ ᠤᠨ ᠡᠭᠦᠷ ᠪᠣᠯᠤᠨ 6 ᠨᠠᠮ ᠤᠨ ᠳᠤᠭᠤᠢᠢᠯᠠᠩ ᠢ ᠪᠠᠶᠢᠭᠤᠯᠵᠤ᠂ ︽ᠨᠠᠮ ᠤᠨ ᠪᠠᠶᠢᠭᠤᠯᠤᠯᠲᠠ + ᠠᠵᠤ ᠦᠢᠯᠡᠰᠵᠢᠯᠲᠡ︾ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠠᠵᠤ ᠦᠢᠯᠡᠰ ᠤᠨ ᠬᠥᠭᠵᠢᠯᠲᠡ ᠳᠠᠬᠢ ᠦᠶ᠋ᠯᠡᠳᠦᠯ ᠢ ᠪᠦᠲᠦᠮᠵᠢᠲᠡᠶ ᠪᠠᠳᠠᠷᠠᠭᠤᠯᠤᠭᠰᠠᠨ ᠪᠠᠶᠢᠨ᠎ᠠ᠃      ᠲᠡᠵᠢᠭᠡᠨ ᠦᠷᠡᠵᠢᠭᠦᠯᠬᠦ ᠡᠷᠦᠬᠡ ᠵᠠᠩ ᠵᠦᠩ ᠬᠤ᠋ ᠤᠢᠢᠷ᠎ᠠ ᠳᠤ 200 ᠭᠠᠷᠤᠶ ᠭᠠᠭ᠋ᠠᠶ ᠬᠤᠳᠠᠯᠳᠤᠵᠤ᠂ 20 ᠭᠠᠷᠤᠶ ᠲᠦᠮᠡᠨ ᠲᠥᠭᠦᠷᠢᠭ ᠤᠨ ᠣᠷᠣᠯᠭ᠎ᠠ ᠣᠯᠵᠠᠶ᠃ ︽ᠡᠨᠡ ᠵᠢᠯ ᠵᠣᠬᠢᠬᠤ ᠬᠡᠮᠵᠢᠶᠡᠨ ᠤ ᠠᠶᠤᠯ ᠲᠦᠭᠰᠢᠭᠦᠷᠢ ᠲᠠᠢ᠂ ᠵᠣᠯ ᠢᠶᠠᠷ ᠪᠢ ᠠᠯᠢ ᠡᠷᠲᠡ ᠠᠵᠤ ᠦᠶ᠋ᠯᠡᠰᠵᠢᠬᠦᠯᠥᠭᠰᠡᠨ ᠪᠤᠯᠬᠤᠷ ᠮᠡᠷᠭᠡᠵᠢᠯ᠂ ᠪᠣᠷᠣᠯᠠᠭᠤᠯᠭ᠎ᠠ ᠵᠡᠷᠭᠡ ᠨᠢ ᠪᠦᠷ ᠪᠠᠲᠤᠯᠠᠭ᠎ᠠ ᠲᠠᠢ︾ ᠬᠡᠮᠡᠨ ᠲᠡᠷᠡ ᠪᠠᠶᠠᠷᠲᠠᠶᠢᠬᠠᠨ ᠶᠠᠷᠢᠵᠤ ᠪᠠᠶᠢᠯ᠎ᠠ᠃ ︽ᠨᠠᠮ ᠤᠨ ᠪᠠᠶᠢᠭᠤᠯᠤᠯᠲᠠ + ᠠᠵᠤ ᠦᠢᠯᠡᠰᠵᠢᠯᠲᠡ︾ ᠶᠢᠨ ᠬᠥᠭᠵᠢᠯᠲᠡ ᠶᠢᠨ ᠵᠠᠭᠪᠤᠷ ᠤᠨ ᠪᠣᠯᠪᠠᠰᠤᠷᠠᠩᠭᠤᠶ ᠪᠣᠯᠬᠤ ᠶᠢ ᠳᠠᠭᠠᠯᠳᠤᠨ᠂ ᠠᠯᠢ ᠣᠯᠠᠨ ᠲᠡᠵᠢᠭᠡᠨ ᠦᠷᠡᠵᠢᠭᠦᠯᠬᠦ ᠡᠷᠦᠬᠡ ᠴᠦ ᠵᠠᠩ ᠵᠥᠩ ᠬᠤ᠋ ᠲᠠᠢ ᠠᠳᠠᠯᠢ ᠰᠠᠨᠠᠭᠠᠴᠢᠯᠠᠭ᠎ᠠ ᠠᠴᠠ ᠪᠠᠨ ᠠᠵᠤ ᠦᠢᠯᠡᠰᠵᠢᠬᠦᠯᠥᠭᠰᠡᠨ ᠬᠠᠮᠲᠤ ᠶᠢᠨ ᠴᠤᠭᠴᠠ ᠳᠤ ᠣᠷᠣᠬᠤ ᠪᠠᠷ ᠭᠤᠶᠤᠴᠢᠯᠠᠵᠤ᠂ ᠨᠠᠮ ᠤᠨ ᠪᠠᠶᠢᠭᠤᠯᠤᠯᠲᠠ ᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠦᠶ᠋ᠯᠡᠳᠦᠯ ᠡᠳᠦᠷ ᠢᠷᠡᠬᠦᠶ᠎ᠡ ᠲᠣᠪᠤᠶᠢᠮ᠎ᠠ ᠪᠣᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠠᠵᠤ ᠦᠢᠯᠡᠰ ᠤᠨ ᠬᠡᠯᠬᠢᠶ᠎ᠡ ᠳᠤ ᠪᠠᠶᠢᠭᠤᠯᠵᠤ᠂ ᠨᠠᠮ ᠤᠨ ᠭᠡᠰᠢᠭᠦᠳ ᠢ ᠠᠵᠤ ᠦᠢᠯᠡᠰ ᠤᠨ ᠬᠡᠯᠬᠢᠶ᠎ᠡ ᠳᠤ ᠴᠤᠭᠯᠠᠷᠠᠭᠤᠯᠵᠤ᠂ ᠣᠯᠠᠨ ᠲᠦᠮᠡᠨ ᠢ ᠠᠵᠤ ᠦᠢᠯᠡᠰ ᠤᠨ ᠬᠡᠯᠬᠢᠶ᠎ᠡ ᠳᠤ ᠪᠠᠶᠠᠵᠢᠭᠤᠯᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃      ᠰᠤᠷᠤᠯᠴᠠᠯᠭ᠎ᠠ ᠪᠠᠷ ᠳᠠᠮᠵᠢᠨ ᠰᠤᠳᠤᠨ ᠵᠦᠢᠯᠡᠰ ᠢ ᠪᠦᠲᠦᠬᠡᠨ ᠪᠠᠶᠢᠭᠤᠯᠪᠠ          ︽ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ ᠪᠢᠳᠡ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠶᠢᠯᠠᠭᠠᠪᠠ᠃ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠬᠤᠵᠢᠮ ᠪᠢ ᠥᠪᠡᠷ ᠤᠨ ᠪᠠᠶ᠎ᠠ ᠪᠠᠨ ᠰᠠᠶᠢᠲᠤᠷ ᠬᠠᠮᠢᠶᠠᠷᠬᠤ ᠪᠠᠷ ᠪᠠᠷᠠᠬᠤ ᠦᠭᠡᠢ ᠦᠭᠡᠷ᠎ᠡ ᠪᠤᠰᠤᠳ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠣᠯᠵᠤ ᠦᠵᠡᠭᠰᠡᠨ ᠴᠦ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠤᠷᠢᠶ᠎ᠠ ᠪᠢᠰᠢ ᠪᠤᠲᠠᠲᠠᠢ ᠪᠤᠯᠭᠠᠨ ᠎ᠠ︾ ᠬᠡᠮᠡᠨ ᠮᠠᠯᠴᠢᠨ ᠬᠤᠷᠴᠠ ᠬᠡᠯᠡᠨ᠎ᠡ᠃ ᠡᠨᠡ ᠨᠢ ᠲᠡᠭᠦᠨ ᠤ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ︾ ᠭᠡᠬᠦ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠶᠢᠨ ᠬᠢᠨ ᠤ ᠤᠬᠠᠭᠤᠯᠤᠨ ᠲᠠᠶᠢᠯᠪᠤᠷᠢᠯᠠᠭᠰᠠᠨ ᠤ ᠳᠠᠷᠠᠭ᠎ᠠ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠲᠤᠬᠠᠢ ᠲᠠᠨᠢᠯᠲᠠ︕ ᠨᠢᠳᠤᠨᠤᠨ ᠦᠤᠰᠢᠨ ᠬᠤᠰᠢᠭᠤ ᠪᠦᠬᠦ ᠤᠯᠤᠰ ᠤᠨ ᠰᠢᠶᠠᠨ ᠤ ᠲᠡᠰ ᠤᠨ 10 ᠪᠣᠯᠪᠠᠰᠤᠨ ᠬᠤᠲᠠ ᠶᠢᠨ ᠨᠡᠷ᠎ᠡ ᠳᠤ ᠵᠢᠬᠰᠠᠭᠠᠭᠳᠠᠵᠣ᠂ ᠨᠡᠷ᠎ᠡ ᠳᠤᠷᠠᠳᠤᠭᠰᠠᠨ ᠬᠤᠲᠠ ᠲᠤᠳᠤᠷ᠎ᠠ ᠪᠠᠨ ᠨᠢᠭᠡᠳᠦᠭᠡᠷ ᠲᠡᠰ ᠤᠨ ᠰᠠᠶᠢᠨ ᠦᠷ᠎ᠡ ᠪᠦᠲᠦᠮᠵᠢ ᠣᠯᠪᠠ᠃ ᠦᠢᠷ᠎ᠡ ᠳᠤ ᠲᠥᠪ ᠤᠨ ᠣᠶᠤᠨ ᠤ ᠪᠣᠯᠪᠠᠰᠤᠨ ᠤ ᠠᠯᠪᠠᠨ ᠭᠡᠷ ᠤᠨ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠪᠦᠬᠦ ᠤᠯᠤᠰ ᠤᠨ ᠰᠢᠶᠠᠨ ᠤ ᠲᠡᠰ ᠤᠨ 10 ᠨᠡᠷ᠎ᠡ ᠳᠤᠷᠠᠳᠤᠭᠰᠠᠨ ᠬᠤᠲᠠ ᠳᠤ ᠦᠨᠡᠯᠡᠯᠲᠡ ᠬᠢᠵᠡᠶ᠃ ᠪᠠᠶᠠᠨᠭᠤᠤᠯ ᠭᠠᠴᠠᠭᠠᠨ ᠳᠤ ᠮᠠᠯᠴᠢᠨ ᠨᠠᠮ ᠤᠨ ᠭᠡᠰᠢᠭᠦᠨ ᠪᠣᠷᠣᠴᠢᠯᠠᠭᠤ ᠪᠣᠯᠤᠨ ᠬᠤᠷᠴᠠ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠣᠶᠢᠯᠠᠭᠠᠵᠤ᠂ ᠮᠠᠯᠴᠢᠨ ᠲᠠᠷᠢᠶᠠᠴᠢᠳ ᠢ ᠨᠠᠩ ᠭᠦᠨᠵᠡᠭᠡᠶ ᠣᠷᠣᠯᠴᠠᠭᠤᠯᠬᠤ ᠶᠢᠨ ᠲᠥᠯᠥᠭᠡ ︽ᠵᠠᠬᠢᠶᠠᠯᠠᠭ᠎ᠠ ᠶᠢᠨ ᠬᠠᠭᠤᠳᠠᠰᠤ︾ ᠶᠢᠨ ᠬᠡᠯᠪᠡᠷᠢ ᠪᠠᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠪᠠᠭ᠎ᠠ ᠠᠩᠭᠢ ᠶᠢᠨ ᠬᠢᠨ ᠢ ᠤᠷᠢᠵᠤ ᠨᠢᠭᠡ ᠤᠳᠠᠭ᠎ᠠ ᠶᠢᠨ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠲᠥᠷᠦ ᠶᠢᠨ ᠪᠣᠳᠣᠯᠭ᠎ᠠ ᠶᠢᠨ ᠲᠤᠰᠬᠠᠶ ᠰᠡᠳᠦᠪᠲᠦ ᠬᠢᠴᠢᠶᠡᠯ ᠤᠷᠤᠭᠤᠯᠤᠭᠰᠠᠨ ᠪᠠᠶᠢᠨ᠎ᠠ᠃ ᠲᠣᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠨ ᠮᠠᠯᠴᠢᠨ ᠲᠠᠷᠢᠶᠠᠴᠢᠳ ᠨᠡᠩ ᠤᠯᠠᠨ ᠢ ᠲᠠᠨᠢᠵᠤ ᠮᠡᠳᠡᠭᠰᠡᠨ ᠪᠠᠶᠢᠨ᠎ᠠ᠃      ᠡᠶᠢᠮᠦᠷᠬᠦᠦ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠪᠣᠯ ᠤᠯᠠᠭᠠᠨᠲᠣᠯᠣᠭᠠᠶ ᠪᠠᠯᠭᠠᠰᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠢ ᠡᠭᠦᠳᠦᠭᠰᠡᠨ ᠠᠵᠢᠯᠯᠠᠭ᠎ᠠ ᠪᠣᠯᠤᠨ᠎ᠠ᠃ ᠤᠯᠠᠭᠠᠨᠲᠣᠯᠣᠭᠠᠶ ᠪᠠᠯᠭᠠᠰᠤ ᠨᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠠᠷ ᠲᠦᠷᠦᠭᠦᠯᠡᠭᠦᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠡᠯ᠎ᠡ ᠭᠠᠴᠠᠭ᠎ᠠ ᠲᠣᠰᠬᠤᠨ ᠤ ᠨᠢᠭᠡᠳᠦᠭᠡᠷ ᠱᠦᠵᠢ ᠪᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ ︽ᠬᠠᠮᠢᠭ᠎ᠠ ᠳᠠᠭᠤᠳᠠᠪᠠᠯ ᠲᠡᠨᠳᠡ ᠨᠢ ᠬᠦᠷᠴᠤ ᠬᠢᠴᠢᠶᠡᠯ ᠤᠷᠤᠬᠤ︾ ᠬᠡᠯᠪᠡᠷᠢ ᠪᠠᠷ ᠨᠠᠮ ᠤᠨ ᠬᠢᠴᠢᠶᠡᠯ ᠢ ᠲᠠᠯ᠎ᠠ ᠨᠤᠲᠤᠭ ᠤᠨ ᠮᠠᠯᠵᠢᠯ ᠤᠨ ᠲᠠᠯᠠᠪᠠᠢ᠂ ᠲᠠᠷᠢᠶᠠᠨ ᠭᠠᠵᠠᠷ᠂ ᠠᠷᠠᠳ ᠤᠨ ᠭᠡᠷ ᠲᠤ ᠠᠮᠢᠳᠤᠯᠢᠭ ᠢᠶᠠᠷ ᠬᠦᠷᠭᠡᠵᠡᠶ᠃      ᠡᠨᠡ ᠬᠡᠳᠦᠨ ᠡᠳᠦᠷ ᠤᠯᠠᠭᠠᠨᠲᠤᠯᠤᠭᠠᠢ ᠪᠠᠯᠭᠠᠰᠤᠨ ᠤ ᠮᠠᠯᠴᠢᠨ ᠲᠠᠷᠢᠶᠠᠴᠢᠳ ᠤᠨ ᠰᠤᠨᠤᠷ ᠲᠤ ᠷᠠᠳᠢᠣ᠋ ᠪᠠᠷ ᠳᠠᠮᠵᠢᠨ ︽ᠮᠠᠨ ᠤ ᠡᠪ ᠬᠠᠮᠲᠤ ᠨᠠᠮ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠠᠴᠠ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ︾ ᠬᠡᠮᠡᠨ ᠰᠤᠨᠤᠰᠳᠠᠬᠤ ᠪᠤᠯᠵᠠᠢ᠃ ᠡᠨᠡ ᠪᠣᠯ ᠤᠯᠠᠭᠠᠨᠲᠣᠯᠣᠭᠠᠶ ᠪᠠᠯᠭᠠᠰᠤ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠳᠤᠮᠳᠠ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ᠂ ᠰᠣᠶᠣᠯ ᠤᠨ ᠬᠢᠷᠢ ᠬᠡᠮᠵᠢᠶ᠎ᠡ ᠳᠣᠤᠷ᠎ᠠ ᠵᠡᠷᠭᠡ ︽ᠰᠤᠷᠤᠯᠴᠠᠬᠤ ᠳᠤ ᠬᠦᠴᠢᠷ︾ ᠨᠠᠮ ᠤᠨ ᠭᠡᠰᠢᠭᠦᠨ ᠳᠤ ᠬᠦᠷᠭᠡᠵᠤ ᠪᠠᠶᠢᠭ᠎ᠠ ᠦᠢᠯᠡᠴᠢᠯᠡᠭᠡ ᠪᠤᠯᠤᠨ᠎ᠠ᠃ ᠡᠨᠡ ᠨᠢ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠬᠢᠴᠢᠶᠡᠯ ᠢ ᠰᠠᠶᠢᠲᠤᠷ ᠶᠠᠷᠢᠵᠤ᠂ ︽ᠨᠡᠭᠦᠳᠡᠯ ᠬᠢᠴᠢᠶᠡᠯ ᠤᠨ ᠲᠠᠩᠬᠢᠮ︾ ᠢ ᠰᠠᠶᠢᠲᠤᠷ ᠡᠷᠬᠢᠯᠡᠵᠦ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠪᠦᠷᠢᠨ ᠪᠦᠷᠬᠦᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ︽ᠥᠩᠭᠡᠷᠡᠭᠰᠡᠨ ᠢᠶᠠᠨ ᠶᠠᠷᠢᠵᠤ᠂ ᠤᠭ ᠰᠠᠨᠠᠭ᠎ᠠ ᠪᠠᠨ ᠶᠠᠷᠢᠵᠤ᠂ ᠣᠷᠳᠣᠰ ᠤᠨ ᠦᠯᠢᠭᠡᠷ ᠢ ᠰᠠᠶᠢᠲᠤᠷ ᠶᠠᠷᠢᠵᠤ᠂ ᠦᠤᠰᠢᠨ ᠤ ᠦᠯᠢᠭᠡᠷ ᠢ ᠰᠠᠶᠢᠲᠤᠷ ᠶᠠᠷᠢᠵᠤ᠂ ᠲᠣᠰ ᠨᠤᠲᠤᠭ ᠤᠨ ᠢᠶᠠᠨ ᠦᠯᠢᠭᠡᠷ ᠢ ᠰᠠᠶᠢᠲᠤᠷ ᠶᠠᠷᠢᠵᠤ᠂ ᠵᠣᠪᠠᠭᠤᠷᠢ ᠵᠦᠳᠡᠭᠦᠷᠢ ᠶᠢ ᠡᠷᠭᠢᠴᠡᠭᠦᠯᠬᠦ ᠳᠡᠭᠡᠨ ᠵᠣᠯ ᠵᠢᠷᠭᠠᠯ ᠢ ᠪᠣᠳᠣᠵᠤ᠂ ᠭᠠᠶᠢᠬᠠᠮᠰᠢᠭᠲᠤ ᠤᠨ ᠰᠠᠷ᠎ᠠ ᠶᠢ ᠮᠡᠳᠡᠷᠡᠵᠦ᠂ ᠠᠵᠢᠯ ᠬᠢᠬᠦ ᠤᠭ ᠰᠠᠨᠠᠭ᠎ᠠ ᠪᠠᠨ ᠰᠠᠷᠠᠭᠤᠯᠵᠢᠭᠤᠯᠤᠨ ᠎ᠠ︾᠃ ᠡᠨᠡ ᠪᠣᠯ ᠠᠬᠠᠮᠠᠳ ᠲᠣᠰᠬᠤᠨ ᠤ ᠳᠠᠷᠤᠭ᠎ᠠ ᠸᠠᠩ ᠸᠧᠨ ᠰᠢᠦ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯᠤᠨ᠎ᠠ᠂ ᠤᠯᠠᠭᠠᠨᠲᠣᠯᠣᠭᠠᠶ ᠪᠠᠯᠭᠠᠰᠤ ᠨᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠪᠦᠬᠦ ᠲᠠᠯ᠎ᠠ ᠪᠠᠷ ᠦᠷᠨᠢᠬᠦᠯᠥᠭᠰᠡᠨ ᠠᠴᠠ ᠡᠨᠡ ᠨᠤᠲᠤᠭ ᠲᠤ ᠨᠡᠩ ᠤᠯᠠᠨ ᠬᠦᠮᠦᠨ ᠰᠤᠷᠤᠯᠴᠠᠯᠭ᠎ᠠ ᠶᠢ ᠡᠷᠬᠢᠮᠯᠡᠬᠦ ᠪᠤᠯᠵᠠᠢ᠃      ᠡᠬᠦᠨ ᠤ ᠬᠠᠮᠲᠤ ᠪᠠᠶᠠᠨᠭᠤᠣᠯ᠂ ᠪᠠᠶᠠᠨᠰᠢᠯᠢ᠂ ᠢᠯᠠᠯᠲᠠ᠂ ᠤᠷᠤᠭᠰᠢᠯᠠᠯᠲᠠ ᠵᠡᠷᠭᠡ ᠨᠢᠭᠡ ᠪᠦᠯᠦᠭ ᠲᠠᠭᠤᠷᠢᠶᠠᠯ ᠦᠵᠡᠭᠦᠯᠬᠦ ᠦᠢᠯᠡᠳᠦᠯ ᠲᠠᠢ ᠭᠠᠴᠠᠭ᠎ᠠ ᠲᠣᠰᠬᠤᠨ ᠢ ᠭᠤᠣᠯᠳᠠᠯᠭ᠎ᠠ ᠲᠠᠢ ᠴᠣᠭᠴᠠᠯᠠᠨ ᠪᠠᠶᠢᠭᠤᠯᠵᠤ᠂ ᠪᠦᠬᠦ ᠪᠠᠯᠭᠠᠰᠤᠨ ᠤ ᠰᠠᠶᠢᠨ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠩᠭᠤᠢ᠂ ᠠᠶᠢᠯ ᠲᠣᠰᠬᠤᠨ ᠤ ᠦᠵᠡᠮᠵᠢ ᠬᠢᠭᠡᠳ ᠪᠠᠶᠢᠭᠠᠯᠢ ᠶᠢᠨ ᠦᠵᠡᠮᠵᠢ ᠠᠭᠤᠰᠤᠯᠴᠠᠭᠰᠠᠨ ᠬᠥᠳᠡᠭᠡ ᠲᠣᠰᠬᠤᠨ ᠤ ᠰᠢᠨ᠎ᠡ ᠬᠡᠯᠪᠡᠷᠢ ᠪᠠᠶᠢᠳᠠᠯ ᠢ ᠪᠣᠢ ᠪᠣᠯᠭᠠᠬᠤ ᠶᠢ ᠠᠬᠢᠭᠤᠯᠤᠭᠰᠠᠨ ᠪᠠᠶᠢᠨ᠎ᠠ᠃      ᠢᠷᠡᠭᠡᠳᠦᠢ ᠳᠤ ︽ᠨᠠᠮ ᠤᠨ ᠪᠠᠶᠢᠭᠤᠯᠤᠯᠲᠠ ᠵᠠᠮᠴᠢᠯᠠᠵᠤ᠂ ᠪᠣᠬᠢᠷᠲᠤᠯ ᠦᠭᠡᠢ ᠪᠠᠷ ᠬᠥᠭᠵᠢᠨ ᠮᠠᠨᠳᠤᠭᠰᠠᠨ᠂ ᠪᠤᠯᠪᠠᠰᠤᠨ ᠰᠤᠷᠲᠠᠯ ᠲᠠᠢ᠂ ᠪᠠᠶᠠᠨ ᠴᠢᠨᠡᠭᠡᠯᠢᠭ ᠠᠮᠢᠳᠤᠷᠠᠯ ᠲᠠᠢ︾ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠢᠯᠡᠷᠡᠬᠦ ᠪᠣᠯᠤᠨ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号