ᠤᠭ ᠰᠠᠨᠠᠭ᠎ᠠ ᠪᠠᠨ ᠦᠯᠤ ᠮᠠᠷᠳᠠᠵᠤ ᠡᠭᠦᠷᠭᠡ ᠬᠠᠷᠢᠭᠤᠴᠠᠯᠠᠭ᠎ᠠ ᠪᠠᠨ ᠪᠠᠳᠤ ᠴᠡᠭᠡᠵᠢᠯᠡᠬᠦ ᠠᠵᠢᠯ ᠤᠨ ᠠᠬᠢᠴᠨ ᠶᠢ ᠦᠵᠡᠰᠦᠭᠡᠢ
ᠨᠡᠶᠢᠲᠡᠯᠡᠭᠰᠡᠨ ᠴᠠᠭ᠄
2019/12/30
     ᠦᠤᠰᠢᠨ ᠬᠤᠰᠢᠭᠤᠨ ᠤ ᠳᠤᠭ ᠪᠠᠯᠭᠠᠰᠤ ᠶᠢᠨ ᠵᠠᠷᠢᠮ ᠳᠤᠰᠬᠤᠨ ᠤ ᠠᠷᠠᠳ ᠬᠤᠵᠢᠷᠳᠤ ᠶᠢᠨ ᠴᠤᠬᠯᠠᠭ᠎ᠠ ᠮᠠᠶᠢᠮᠠᠢ ᠶᠢᠨ ᠡᠷᠬᠢᠨ ᠳᠤᠭᠤᠷᠢᠨ ᠳᠤ ᠬᠢᠨᠠᠨ ᠡᠵᠡᠮᠳᠡᠬᠦᠷ ᠴᠦᠭᠡᠨ ᠪᠠᠶᠢᠵᠤ᠂ ᠤᠳᠤ ᠪᠠᠶᠢᠭ᠎ᠠ ᠬᠢᠨᠠᠨ ᠡᠵᠡᠮᠳᠡᠬᠦᠷ ᠢ ᠭᠡᠷᠡᠭᠯᠡᠬᠦ ᠨᠤᠷᠮ᠎ᠠ ᠨᠢ ᠴᠤ ᠳᠤᠤᠷ᠎ᠠ ᠪᠤᠯᠬᠤᠷ ᠴᠤᠬᠯᠠᠭ᠎ᠠ ᠮᠠᠶᠢᠮᠠᠢ ᠶᠢᠨ ᠦᠶᠡᠰ ᠬᠤᠯᠠᠭᠠᠢᠢᠴᠢ ᠶᠢᠨ ᠭᠡᠷᠡᠭ ᠭᠠᠷᠴᠤ ᠪᠠᠶᠢᠨ᠎ᠠ ᠭᠡᠵᠤ ᠳᠤᠰᠬᠠᠬᠰᠠᠨ ᠪᠠᠶᠢᠨ᠎ᠠ᠃      ᠦᠤᠰᠢᠨ ᠬᠤᠰᠢᠭᠤᠨ ᠤ ᠳᠤᠭ ᠪᠠᠯᠭᠠᠰᠤᠨ ᠳᠠᠬᠢ ᠳᠤᠮᠢᠯᠠᠬᠰᠠᠨ ᠭᠠᠵᠠᠷ ᠡᠨᠡ ᠬᠦ ᠪᠠᠶᠢᠳᠠᠯ ᠢ ᠤᠢᠢᠯᠠᠭᠠᠵᠤ ᠮᠡᠳᠡᠭᠰᠡᠨ ᠤ ᠳᠠᠷᠠᠭ᠎ᠠ᠂ ᠴᠤᠬᠯᠠᠭ᠎ᠠ ᠮᠠᠶᠢᠮᠠᠢ ᠶᠢᠨ ᠡᠷᠬᠢᠨ ᠳᠤᠭᠤᠷᠢᠨ ᠳᠤ ᠴᠠᠭ ᠳᠠᠷᠤᠢ ᠳᠤᠨᠢ ᠬᠢᠨᠠᠨ ᠡᠵᠡᠮᠳᠡᠬᠦᠷ ᠭᠠᠷᠭᠠᠵᠤ᠂ ᠤᠷᠬᠢᠬᠳᠠᠵᠤ ᠭᠡᠭᠡᠭᠳᠡᠭᠰᠡᠨ ᠭᠠᠵᠠᠷ ᠲᠤᠨᠢ ᠨᠦᠬᠦᠨ ᠤᠬᠰᠠᠷᠠᠵᠤ᠂ ᠬᠤᠵᠢᠷᠳᠤ ᠶᠢᠨ ᠴᠤᠬᠯᠠᠭ᠎ᠠ ᠮᠠᠶᠢᠮᠠᠢ ᠶᠢᠨ ᠡᠷᠬᠢᠨ ᠳᠤᠭᠤᠷᠢᠨ ᠳᠤ ᠰᠢᠨ᠎ᠠ ᠪᠠᠷ 5 ᠬᠢᠨᠠᠨ ᠡᠵᠡᠮᠳᠡᠬᠦᠷ ᠤᠬᠰᠠᠷᠠᠨ᠂ 3 ᠬᠢᠨᠠᠨ ᠡᠵᠡᠮᠳᠡᠬᠦᠷ ᠢ ᠰᠡᠯᠪᠢᠨ ᠵᠠᠰᠠᠵᠤ᠂ ᠳᠡᠷᠡᠴᠢᠯᠡᠨ 11 ᠰᠠᠷ᠎ᠠ ᠶᠢᠨ 11 ᠤ ᠡᠳᠤᠷ ᠪᠦᠬᠦᠨ ᠢ ᠳᠤᠷᠰᠢᠵᠤ ᠦᠵᠡᠭᠡᠳ᠂ ᠠᠷᠠᠳ ᠤᠯᠠᠨ ᠳᠤ ᠤᠬᠢ ᠰᠠᠶᠢᠨ ᠨᠡᠶᠢᠭᠡᠮ ᠤᠨ ᠡᠮᠬᠢ ᠳᠢᠭᠯᠢᠮ ᠢ ᠪᠦᠷᠢᠯᠳᠦᠬᠦᠯᠤᠨ ᠦᠭᠴᠤ᠂ ᠠᠮᠤᠭᠤᠯᠠᠩ ᠡᠶ᠎ᠡ ᠵᠤᠬᠢᠴᠠᠯ ᠲᠠᠢ ᠦᠤᠰᠢᠨ ᠬᠤᠰᠢᠭᠤ ᠶᠢ ᠪᠦᠳᠤᠭᠡᠨ ᠪᠠᠶᠢᠭᠤᠯᠬᠤ ᠳᠤ ᠪᠠᠳᠤ ᠰᠠᠭᠤᠷᠢ ᠳᠠᠯᠪᠢᠵᠤ ᠦᠭᠴᠡᠢ᠃ ︵ᠦᠤᠰᠢᠨ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠤᠪᠳᠤ ᠬᠦᠮᠤᠵᠢᠯ ᠤᠨ ᠤᠳᠤᠷᠢᠳᠬᠤ ᠳᠤᠭᠤᠢᠢᠯᠠᠩ ᠤᠨ ᠠᠯᠪᠠᠨ ᠭᠡᠷ︶
ᠢᠷᠡᠯᠲᠡ᠄ ᠤᠷᠳᠤᠰ ᠮᠤᠩᠭᠤᠯ ᠰᠥᠯᠵᠢᠶ᠎ᠡ