ᠣᠶᠢᠷ᠎ᠠ ᠶᠢᠨ ᠵᠢᠯ ᠤᠨ ᠨᠠᠰᠢ᠂ ᠮᠠᠨ ᠤ ᠬᠤᠰᠢᠭᠤᠨ ᠤ ᠣᠢ ᠰᠢᠭᠤᠶ ᠪᠣᠯᠣᠨ ᠨᠤᠲᠤᠭ ᠪᠡᠯᠴᠢᠭᠡᠷ ᠤᠨ | ᠲᠣᠪᠴᠢᠶ᠎ᠠ ᠠᠮᠢ ᠠᠬᠤᠶ ᠪᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠣᠭᠠᠨ ᠤ ᠴᠢᠬᠤᠯᠠ ᠪᠠᠶᠢᠯᠳᠤᠬᠤ ᠪᠣᠳᠣᠯᠭ᠎ᠠ ᠪᠣᠯᠭᠠᠨ ᠪᠠᠶᠢᠷᠢᠯᠠᠭᠤᠯᠵᠣ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ ᠶᠢ ᠣᠢ ᠰᠢᠭᠤᠶ ᠶᠢᠨ ᠠᠵᠤ ᠦᠶᠯᠡᠰ᠂ ᠣᠢ ᠮᠣᠳᠣᠨ ᠤ ᠬᠠᠮᠠᠭᠠᠯᠠᠭᠴᠢ ᠵᠡᠷᠭᠡ ᠠᠵᠢᠯ ᠳᠤ | ᠢᠳᠡᠪᠬᠢᠲᠠᠢ ᠣᠷᠣᠯᠴᠠᠭᠤᠯᠣᠨ ᠠᠮᠢ ᠠᠬᠤᠢ ᠶᠢᠨ ᠬᠠᠮᠠᠭᠠᠯᠠᠯᠳᠠ ᠶᠢᠨ ᠳᠣᠮᠳᠠ ᠠᠴᠠ ᠠᠰᠢᠭ ᠬᠦᠷᠳᠡᠬᠦ ᠶᠢ | ᠪᠠᠳᠣᠯᠠᠯᠠ᠃ | ᠡᠨᠡ ᠵᠢᠯ 57 ᠨᠠᠰᠤᠲᠠᠶ ᠲᠤᠭ ᠪᠠᠯᠭᠠᠰᠤᠨ ᠤ ᠲᠣᠪᠤᠭ ᠭᠠᠴᠠᠭᠠᠨ ᠤ ᠭᠤᠷᠪᠡᠨ ᠪᠣᠯᠠᠭ ᠮᠠᠯᠵᠢᠯ ᠤᠨ | ᠬᠤᠷᠰᠢᠶᠠᠨ ᠤ ᠪᠠᠲᠤ ᠪᠤᠯ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠣᠯᠤᠨ᠎ᠠ᠂ ᠰᠤᠷᠪᠤᠯᠵᠢᠯᠠᠭᠴᠢ | ᠲᠡᠭᠦᠨ ᠲᠠᠢ ᠠᠭᠤᠯᠵᠠᠬᠤ ᠦᠶ᠎ᠡ ᠳᠤ᠂ ᠲᠡᠷᠡ ᠶᠠᠭ ᠰᠠᠶᠢᠬᠠᠨ ᠥᠪᠡᠷ ᠤᠨ ᠬᠠᠷᠢᠭᠤᠴᠠᠨ ᠬᠠᠮᠠᠭᠠᠯᠠᠵᠣ ᠪᠠᠶᠢᠭ᠎ᠠ | ᠲᠦᠮᠡ ᠲᠠᠪᠤᠨ ᠮᠢᠩᠭ᠎ᠠ ᠳᠣᠯᠣᠭᠠᠨ ᠵᠠᠭᠤᠨ ᠮᠦ ᠶᠢᠨ ᠣᠢ ᠮᠣᠳᠣ ᠪᠠᠨ ᠳᠣᠭᠤᠷᠢᠨ ᠪᠠᠶᠢᠴᠠᠭᠠᠵᠣ ᠬᠤᠪᠠᠭ᠋ᠠᠶᠢᠷᠠᠵᠣ | ᠬᠠᠳᠠᠭᠰᠠᠨ ᠮᠣᠳᠣᠣᠨ ᠢᠶᠠᠨ ᠳᠡᠬᠦᠨ ᠴᠣᠭᠯᠠᠭᠤᠯᠵᠣ ᠪᠠᠶᠢᠯ᠎ᠠ᠃ ᠳᠡᠷᠡ ᠭᠡᠳᠣᠨ ᠡᠳᠣᠷ ᠪᠣᠯᠬᠤ ᠪᠣᠯᠭᠠᠨ ᠣᠢ | ᠮᠣᠳᠣᠨ ᠤ ᠦᠨᠳᠣᠰᠣᠨ ᠪᠠᠶᠢᠳᠡᠯ ᠢ ᠨᠠᠷᠢᠨ ᠪᠠᠶᠢᠴᠠᠭᠠᠵᠣ ᠲᠣᠭᠤᠷᠢᠨ ᠬᠠᠮᠠᠭᠠᠯᠠᠬᠤ ᠶᠢᠨ ᠳᠠᠭᠠᠣ ᠳᠤ ᠪᠠᠰᠠ ᠠᠶᠢᠯ | ᠠᠶᠢᠮᠠᠭ ᠳᠤ ᠪᠠᠨ ᠬᠦᠷᠴᠣ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠣᠢ ᠮᠣᠳᠣᠨ ᠤ ᠬᠤᠷᠣᠬᠠᠶ ᠶᠢ | ᠰᠡᠷᠭᠡᠶᠢᠯᠡᠬᠦ ᠵᠡᠷᠭᠡ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠢ ᠬᠦᠷᠭᠡᠳᠡᠭ ᠪᠠᠶᠢᠨ᠎ᠠ᠃ ᠲᠡᠷᠡ | ᠰᠣᠷᠪᠣᠯᠵᠢᠯᠠᠭᠴᠢ ᠳᠤ ᠵᠠᠰᠠᠭ ᠤᠨ ᠣᠷᠳᠣᠨ ᠠᠴᠠ ᠶᠠᠳᠠᠭᠤ ᠬᠦᠴᠢᠷᠳᠡᠯᠲᠡᠶ ᠡᠷᠦᠬᠡ ᠶᠢ ᠣᠢ ᠰᠢᠭᠤᠶ ᠶᠢᠨ | ᠬᠠᠮᠠᠭᠠᠯᠠᠭᠴᠢ ᠪᠣᠯᠭᠠᠨ ᠴᠠᠯᠢᠩ ᠬᠥᠯᠥᠰᠥ ᠣᠯᠭᠤᠵᠣ ᠪᠢᠳᠡᠨ ᠤ ᠠᠮᠢᠳᠤᠷᠠᠯ ᠳᠤ ᠮᠠᠰᠢ ᠶᠡᠭᠡ ᠬᠠᠪᠰᠤᠷᠤᠯᠭ᠎ᠠ | ᠦᠵᠡᠬᠦᠯᠣᠯᠡ ᠭᠡᠵᠣ ᠪᠠᠶᠢᠯ᠎ᠠ᠃ ᠡᠪᠡᠳᠴᠢᠨ ᠡᠮᠬᠡᠭ ᠪᠣᠯᠣᠨ ᠬᠥᠳᠡᠯᠮᠦᠷᠢ ᠬᠦᠴᠦ ᠳᠣᠳᠠᠮᠠᠭ ᠠᠴᠠ ᠪᠣᠯᠵᠣ | ᠶᠠᠳᠠᠭᠤᠷᠠᠭᠰᠠᠨ ᠪᠠᠲᠤ ᠶᠢᠨ ᠬᠢᠨ ᠤ ᠪᠠᠶᠢᠳᠠᠯ ᠢ ᠰᠢᠶᠳᠪᠦᠷᠢᠯᠡᠬᠦ ᠶᠢᠨ ᠲᠥᠯᠥᠭᠡ ᠦᠦᠰᠢᠨ ᠬᠤᠰᠢᠭᠤᠨ ᠤ ᠣᠢ | ᠰᠢᠭᠤᠶ ᠪᠠ ᠨᠤᠲᠤᠭ ᠪᠡᠯᠴᠢᠭᠡᠷ ᠤᠨ ᠲᠤᠪᠴᠢᠶᠠᠨ ᠠᠴᠠ ᠲᠡᠭᠦᠨ ᠢ ᠣᠢ ᠰᠢᠭᠤᠶ ᠶᠢᠨ ᠬᠠᠮᠠᠭᠠᠯᠠᠭᠴᠢ ᠪᠠᠷ ᠤᠷᠢᠨ | ᠭᠡᠷᠡᠭᠯᠡᠭᠰᠡᠨ ᠤ ᠬᠠᠮᠳᠣ ᠪᠠᠰᠠ ᠭᠠᠴᠠᠭᠠᠨ ᠳᠤ ᠰᠠᠭᠤᠭ᠎ᠠ ᠠᠵᠢᠯᠯᠠᠬᠤ ᠳᠣᠭᠤᠶᠢᠯᠠᠩ ᠠᠴᠠ ᠲᠡᠳᠡᠨ ᠤ ᠬᠢ ᠳᠤ | ᠬᠠᠪᠰᠤᠷᠤᠨ ᠲᠠᠷᠢᠵᠤ ᠲᠡᠵᠢᠭᠡᠬᠦ ᠠᠵᠤ ᠦᠶᠯᠡᠰ ᠢ ᠬᠦᠭᠵᠢᠬᠦᠯᠬᠦ ᠳᠦᠷᠣᠯ ᠵᠣᠶᠢᠯ ᠢ ᠣᠷᠣᠭᠤᠯᠣᠭᠰᠠᠨ ᠠᠴᠠ | ᠣᠳᠣᠬᠠᠨ ᠳᠤ 100 ᠭᠠᠷᠤᠶ ᠨᠠᠷᠢᠨ ᠨᠣᠣᠰᠣᠲᠤ ᠬᠤᠨᠢ ᠮᠠᠯᠵᠢᠨ 50 ᠮᠦ ᠡᠷᠳᠡᠨᠢ ᠰᠢᠰᠢ ᠲᠠᠷᠢᠵᠤ ᠣᠢ | ᠰᠢᠭᠤᠶ ᠶᠢᠨ ᠬᠠᠮᠠᠭᠠᠯᠠᠭᠴᠢ ᠶᠢᠨ ᠬᠦᠯᠣᠰᠣ ᠲᠠᠢ ᠬᠠᠮᠳᠣ ᠵᠢᠯ ᠤᠨ ᠣᠷᠣᠯᠭ᠎ᠠ ᠨᠢ ᠪᠠᠷᠤᠭ 10 ᠲᠦᠮᠡᠨ ᠲᠥᠭᠦᠷᠢᠭ | ᠲᠤ ᠬᠦᠷᠣᠭ᠍ᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤ ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠠᠮᠢ | ᠠᠬᠤᠢ ᠶᠢᠨ ᠦᠷ᠎ᠡ ᠠᠰᠢᠭ ᠤᠨ ᠨᠥᠬᠦᠪᠥᠷᠢ ᠶᠢᠨ ᠠᠵᠢᠯ ᠢ ᠨᠠᠷᠢᠨ ᠬᠢᠨᠠᠮᠠᠭᠠᠶ ᠲᠤᠭᠤᠰᠢᠯᠠᠭᠤᠯᠵᠤ ᠶᠠᠳᠠᠭᠤ | ᠬᠦᠴᠢᠷᠳᠡᠯᠲᠡᠶ ᠡᠷᠦᠬᠡ ᠶᠢᠨ ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠨᠥᠬᠦᠪᠦᠷᠢ ᠶᠢ ᠴᠠᠭ ᠲᠤᠬᠠᠢ ᠳᠤ ᠨᠢ | ᠣᠷᠣᠨᠵᠢᠭᠤᠯᠣᠭᠰᠠᠨ ᠪᠠᠶᠢᠨ᠎ᠠ᠃ 2019 ᠣᠨ ᠤ ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠨᠥᠬᠦᠪᠥᠷᠢ | ᠨᠢ 304 ᠡᠷᠦᠬᠡ ᠶᠢᠨ 816 ᠬᠦᠮᠦᠨ ᠤ 67842.46 ᠮᠦ ᠣᠢ ᠮᠣᠳᠣᠨ ᠳᠤ ᠪᠠᠷᠤᠭ 1034749.9 | ᠲᠥᠭᠦᠷᠢᠭ ᠤᠨ ᠨᠥᠬᠦᠪᠥᠷᠢ ᠮᠥᠩᠭᠦ ᠳᠠᠷᠬᠠᠭᠠᠬᠤ ᠪᠠᠷ ᠪᠠᠶᠢᠨ᠎ᠠ᠃ 2019 ᠣᠨ ᠳᠤ 35 ᠳᠠᠩᠰᠠᠯᠠᠭᠤᠯᠣᠭᠰᠠᠨ | ᠪᠠᠳᠣᠳᠬᠠᠵᠣ ᠪᠠᠶᠢᠭ᠎ᠠ ᠶᠠᠳᠠᠭᠤ ᠡᠷᠦᠬᠡ ᠶᠢ ᠰᠣᠩᠭᠤᠨ ᠣᠢ ᠰᠢᠭᠤᠶ ᠶᠢᠨ ᠬᠠᠮᠠᠭᠠᠯᠠᠭᠴᠢ ᠪᠠᠷ ᠣᠷᠢᠨ ᠪᠠᠷᠤᠭ 55. | 3 ᠲᠦᠮᠡᠨ ᠲᠥᠭᠦᠷᠢᠭ ᠤᠨ ᠪᠠᠯᠠ ᠮᠥᠩᠭᠦ ᠳᠠᠷᠬᠠᠭᠠᠬᠤ ᠪᠠᠷ ᠪᠠᠶᠢᠨ᠎ᠠ᠃ |