ᠪᠦᠬᠦ ᠬᠤᠰᠢᠭᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠢᠨ᠎ᠠ ᠤᠨ ᠢᠶᠠᠨ ᠤᠭᠲᠤᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-31
     ᠰᠢᠨ᠎ᠡ ᠵᠢᠯ ᠭᠥᠷᠴᠤ ᠢᠷᠠᠭᠦ ᠪᠠᠷ 12 ᠰᠠᠷ᠎ᠠ ᠶᠢᠨ 27 ᠤ ᠡᠳᠦᠷ᠂ ᠪᠥᠬᠦ ᠬᠤᠰᠢᠭᠤᠨ ᠤ ᠠᠵᠢᠯ ᠠᠴᠠ ᠪᠠᠨ  ᠠᠮᠠᠷᠠᠭᠰᠠᠨ ᠺᠠᠳ᠋ᠷᠴᠤᠳ ᠤᠨ ᠰᠢᠨ᠎ᠡ ᠵᠢᠯ ᠴᠠᠭᠠᠨ ᠰᠠᠷ᠎ᠠ ᠪᠠᠨ ᠤᠭᠳᠤᠬᠤ ᠰᠠᠭᠤᠳᠠᠯ ᠤᠨ ᠬᠤᠷᠠᠯ ᠢ ᠬᠤᠷᠠᠯᠳᠤᠭᠤᠯᠵᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠬᠡᠰᠡᠭ ᠠᠬᠠᠮᠠᠳ ᠺᠠᠳ᠋ᠷ᠂ ᠠᠬᠠᠮᠠᠳ ᠤᠳᠤᠷᠢᠳᠤᠯᠭ᠎ᠠ ᠲᠠᠢ ᠬᠠᠮᠳᠤᠪᠠᠷ ᠰᠢᠨ᠎ᠡ ᠵᠢᠯ ᠪᠠ ᠴᠠᠭᠠᠨ ᠰᠠᠷ᠎ᠠ ᠶᠢᠨ ᠪᠠᠶᠠᠷ ᠢ ᠤᠭᠲᠤᠬᠤ ᠶᠢᠨ ᠬᠠᠮᠲᠤ ᠠᠬᠠᠮᠠᠳ ᠺᠠᠳ᠋ᠷ᠂ ᠠᠬᠠᠮᠠᠳ ᠤᠳᠤᠷᠢᠳᠤᠯᠭ᠎ᠠ ᠨᠠᠷ ᠲᠤ ᠡᠷᠬᠢᠮ ᠲᠡᠭᠡᠳᠤ ᠬᠦᠨᠳᠦᠳᠬᠡᠯ ᠵᠥᠩᠨᠡᠯ ᠳᠡᠪᠰᠢᠭᠦᠯᠵᠦ ᠲᠡᠳᠡᠨ ᠤ ᠪᠡᠶ᠎ᠡ ᠮᠠᠬᠠᠪᠣᠳ ᠢᠶᠠᠨ  ᠠᠩᠬᠠᠷᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠬᠦᠰᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ  ᠤ ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠪᠣᠯᠤᠨ ᠬᠡᠰᠡᠭ ᠠᠬᠠᠮᠠᠳ ᠤᠳᠤᠷᠢᠳᠤᠯᠭ᠎ᠠ ᠵᠢᠴᠢ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠵᠠᠩ ᡁᠢ ᠰᠢᠦ᠋ᠩ 2019 ᠣᠨ ᠪᠦᠬᠦ ᠬᠤᠰᠢᠭᠤᠨ ᠤ ᠠᠵᠤ ᠠᠬᠤᠶ ᠨᠡᠶᠢᠬᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ ᠠᠬᠠᠮᠠᠳ ᠺᠠᠳ᠋ᠷᠴᠤᠳ ᠤᠨ ᠲᠥᠯᠥᠭᠡᠯᠡᠭᠴᠢ ᠶᠠᠷᠢᠶ᠎ᠠ ᠲᠠᠯᠪᠢᠵᠤ ᠥᠩᠭᠡᠷᠡᠭᠰᠡᠨ ᠨᠢᠭᠡ ᠵᠢᠯ ᠤᠨ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠭᠥᠭᠵᠢᠯᠳᠠ᠂ ᠣᠯᠤᠭᠰᠠᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠠᠵᠢᠯ᠂ ᠠᠵᠤ ᠥᠢᠯᠡᠳᠪᠤᠷᠢ ᠶᠢᠨ ᠠᠵᠤ ᠠᠬᠤᠢ ᠶᠢᠨ ᠬᠥᠭᠵᠢᠯᠲᠡ᠂ ᠰᠣᠶᠣᠯ ᠵᠢᠭᠤᠯᠴᠢᠯᠠᠯ ᠵᠡᠷᠭᠡ ᠡᠯ᠎ᠡ ᠲᠥᠷᠥᠯ ᠤᠨ ᠦᠢᠯᠡᠰ ᠤᠨ ᠬᠥᠭᠵᠢᠯᠲᠡ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠶ᠃      ᠵᠤᠤ ᠹᠧᠶ ᠯᠦ ᠶᠠᠷᠢᠶ᠎ᠠ ᠲᠠᠯᠪᠢᠵᠤ ᠢᠯᠠᠷᠭᠡᠶᠢᠯᠠᠭᠦ ᠳᠤ ᠪᠠᠨ᠂ ᠥᠩᠭᠡᠷᠡᠭᠰᠡᠨ ᠨᠢᠭᠡ ᠵᠢᠯ ᠳᠤ ᠮᠠᠨ ᠤ ᠬᠤᠰᠢᠭᠤ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠺᠠᠳ᠋ᠷ ᠣᠯᠠᠨ ᠲᠦᠮᠡᠨ ᠢᠲᠡᠭᠡᠯ ᠵᠣᠷᠢᠭ ᠢᠶᠠᠨ ᠪᠠᠲᠤᠳᠬᠠᠵᠤ ᠭᠥᠭᠵᠢᠯᠳᠠ  ᠶᠢ ᠡᠷᠢᠯᠬᠢᠯᠡᠵᠤ ᠭᠡᠷ ᠣᠷᠣᠨ ᠢᠶᠠᠨ ᠪᠦᠲᠦᠭᠡᠨ ᠪᠠᠶᠢᠭᠤᠯᠵᠤ ᠪᠦᠬᠦ ᠬᠤᠰᠢᠭᠤᠨ ᠤ ᠠᠵᠤ ᠠᠬᠤᠶ ᠲᠣᠭᠲᠠᠭᠤᠨ ᠤ ᠳᠤᠮᠳᠠ ᠠᠭᠢᠵᠤ ᠠᠭᠢᠬᠤ ᠳᠤᠮᠳᠠ ᠰᠠᠶᠢᠵᠢᠷᠠᠯᠳᠠ ᠲᠠᠢ ᠪᠤᠯᠵᠠᠢ᠃ 2020 ᠣᠨ ᠪᠣᠯ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ ᠃ ᠪᠢᠳᠡ ᠠᠵᠤ ᠠᠬᠤᠢ ᠶᠢᠨ ᠲᠣᠭᠲᠠᠭᠤᠨ᠂ ᠲᠥᠷᠥᠯ ᠵᠦᠢᠯ ᠤᠨ ᠦᠷᠭᠦᠯᠵᠢᠯᠡᠯ ᠢ ᠪᠠᠲᠤᠯᠠᠬᠤ ᠪᠠᠷ ᠪᠠᠷᠠᠬᠤ ᠦᠭᠡᠢ ᠪᠠᠰᠠ ᠶᠠᠳᠠᠭᠤ ᠬᠦᠴᠢᠷᠳᠡᠯ ᠤᠨ ᠦᠨᠳᠦᠰᠦ ᠶᠢ ᠲᠦᠢᠯᠪᠤᠷᠢᠲᠠᠶ ᠲᠠᠰᠤᠯᠵᠤ ᠶᠠᠳᠠᠭᠤ ᠬᠦᠴᠢᠷᠳᠡᠯ ᠢ ᠠᠷᠢᠯᠭᠠᠬᠤ ᠬᠡᠷᠡᠭᠲᠡᠶ︔ ᠪᠦᠬᠦ ᠤᠯᠤᠰ ᠤᠨ ᠬᠤᠰᠢᠭᠤ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠥᠷᠭᠡᠨ ᠣᠯᠠᠨ ᠲᠦᠮᠡᠨ ᠤ ᠴᠢᠨᠠᠷ ᠰᠠᠶᠢᠲᠠᠶ ᠠᠮᠢᠳᠤᠷᠠᠯ ᠤᠨ ᠲᠤᠬᠠᠶ ᠰᠠᠶᠢᠨ ᠰᠠᠶᠢᠬᠠᠨ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠶ᠃ ᠬᠡᠳᠦᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠥᠷᠭᠡᠨ ᠣᠯᠠᠨ ᠰᠤᠷᠬᠤ ᠨᠠᠰᠤᠨ ᠤ ᠬᠡᠤᠭᠡᠳ ᠢ ᠴᠥᠮ  ᠰᠤᠷᠭᠠᠭᠤᠯᠢ ᠳᠤ ᠣᠷᠣᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠤᠶᠢᠪᠢᠰᠢ ᠦᠭᠡᠢ ᠠᠬᠢᠭᠤᠯᠵᠤ ᠮᠠᠯ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ ᠮᠠᠯᠴᠢᠨ ᠲᠠᠷᠢᠶᠠᠴᠢᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠪᠠᠶᠠᠵᠢᠨ ᠴᠢᠨᠠᠭᠡᠯᠢᠭᠵᠢᠭᠦᠯᠭᠦ ᠭᠡᠷᠡᠭᠳᠠᠢ᠃ ᠪᠢᠳᠡ ᠵᠠᠮ᠂ ᠴᠠᠬᠢᠯᠭᠠᠨ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠠᠷᠠᠳ ᠣᠯᠠᠨ ᠪᠣᠯᠤᠨ ᠠᠵᠤ ᠠᠬᠤᠶᠢᠯᠠᠯ ᠳᠤ ᠨᠠᠩ ᠳᠥᠭᠦᠮ ᠢ ᠠᠪᠴᠢᠷᠠᠨ ᠨᠡᠶᠢᠬᠡᠮ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠥᠨᠳᠥᠷ ᠪᠦᠲᠦᠮᠵᠢᠲᠡᠶ ᠪᠣᠯᠭᠠᠬᠤ ᠬᠡᠷᠡᠭᠲᠡᠶ᠃ ᠥᠥᠰᠢᠨ ᠤ ᠬᠥᠭᠵᠢᠯᠲᠡ ᠶᠢᠨ ᠶᠠᠪᠤᠳᠠᠯ᠂ ᠠᠷᠠᠳ ᠣᠯᠠᠨ ᠤ ᠠᠰᠢᠭ ᠲᠤᠰᠠ ᠳᠤ ᠬᠤᠯᠪᠣᠭᠳᠠᠭᠰᠠᠨ ᠶᠠᠪᠤᠳᠠᠯ ᠢ ᠬᠠᠯᠠᠮᠵᠢᠯᠠᠨ ᠬᠥᠭᠵᠢᠯᠲᠡ ᠶᠢᠨ ᠠᠵᠠ ᠲᠣᠬᠢᠶᠠᠯ ᠢ ᠡᠵᠠᠮᠳᠠᠨ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠬᠤ ᠭᠡᠷᠡᠭᠳᠠᠢ ᠭᠡᠵᠡᠢ᠃      ᠵᠤᠤ ᠹᠧᠶ ᠯᠦ ᠴᠢᠬᠤᠯᠠᠴᠢᠯᠠᠭᠰᠠᠨ ᠨᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ ᠺᠠᠳ᠋ᠷᠴᠤᠳ ᠤᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ ᠠᠬᠠᠮᠠᠳ ᠨᠥᠬᠦᠳ ᠤᠨ ᠰᠠᠨᠠᠯ ᠰᠠᠨᠠᠭᠤᠯᠭ᠎ᠠ ᠶᠢ ᠢᠯᠠᠭᠦᠭᠡᠨ ᠰᠤᠨᠤᠰᠤᠨ ᠠᠬᠠᠮᠠᠳ ᠨᠥᠬᠦᠳ ᠤᠯᠠᠮᠵᠢᠯᠠᠬᠤ ᠬᠠᠪᠰᠤᠷᠬᠤ ᠳᠠᠭᠠᠭᠤᠯᠬᠤ ᠥᠢᠯᠠᠳᠤᠯ ᠢᠶᠠᠨ ᠦᠷᠭᠦᠯᠵᠢᠯᠡᠨ ᠪᠠᠳᠠᠷᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠥᠥᠰᠢᠨ ᠤ ︽ᠨᠤᠮᠢᠨ ᠲᠠᠩᠰᠤᠭ ᠭᠥᠭᠵᠢᠨ ᠮᠠᠨᠳᠤᠯᠳᠠ︾ ᠶᠢ ᠡᠷᠲᠡᠬᠡᠨ ᠪᠠᠶᠠᠯᠠᠭᠦᠯᠭᠦ ᠳᠤ ᠭᠡᠷᠡᠯ ᠭᠢᠯᠪᠠᠭ᠎ᠠ ᠪᠠᠨ ᠦᠷᠭᠦᠯᠵᠢᠯᠡᠨ ᠰᠠᠴᠤᠷᠠᠭᠤᠯᠬᠤ ᠬᠡᠷᠡᠭᠲᠡᠶ ᠭᠡᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号