ᠮᠠᠨ ᠤ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠰᠢᠨ᠎ᠡ ᠤᠨ ᠢᠶᠠᠨ ᠤᠭᠲᠤᠬᠤ ᠣᠷᠠᠨ ᠰᠠᠶᠢᠬᠠᠨ ᠤ ᠳᠣᠭᠯᠠᠯᠳᠠ ᠶᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2019-12-31
     ᠰᠢᠨ᠎ᠠ ᠵᠢᠯ ᠬᠦᠷᠴᠣ ᠢᠷᠡᠬᠦ ᠪᠠᠷ ᠮᠠᠨ ᠤ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠤᠨ ᠰᠣᠷᠣᠭᠴᠢᠳ ᠡᠯᠪᠡᠭ  ᠪᠠᠶᠠᠯᠢᠭ ᠠᠭᠤᠯᠭ᠎ᠠ ᠲᠠᠢ ᠣᠷᠠᠨ ᠰᠠᠶᠢᠬᠠᠨ ᠤ ᠳᠣᠭᠯᠠᠯᠳᠠ ᠭᠠᠷᠭᠠᠨ ᠤᠷ᠎ᠠ ᠠᠪᠢᠶᠠᠰ ᠢᠶᠠᠨ ᠭᠠᠶᠢᠬᠠᠭᠤᠯᠤᠯ᠎ᠠ᠃      ᠳᠣᠰ ᠣᠳᠠᠭᠠᠨ ᠤ ᠰᠢᠨ᠎ᠠ ᠵᠢᠯ ᠢ ᠣᠭᠳᠣᠬᠤ ᠤᠷᠠᠨ ᠰᠠᠶᠢᠬᠠᠨ ᠤ ᠬᠠᠷᠢᠭᠤ ᠮᠡᠳᠡᠭᠦᠯᠣᠯᠳᠡ ᠶᠢᠨ ᠲᠤᠭᠯᠠᠯᠲᠠ ᠳᠤ ᠨᠠᠰᠤᠲᠠᠶᠢᠴᠤᠳ ᠠᠴᠠ ᠲᠠᠭᠤᠤ ᠪᠦᠵᠢᠭ᠂ ᠬᠤᠭᠤᠷ᠂ ᠬᠦᠭᠵᠢᠮ ᠵᠡᠷᠭᠡ ᠭᠤᠴᠤ ᠰᠠᠶᠢᠬᠠᠨ ᠲᠤᠭᠯᠠᠯᠲᠠ ᠪᠠᠷ ᠡᠬᠡ ᠤᠯᠤᠰ᠂ ᠨᠠᠮ ᠢᠶᠠᠨ ᠮᠠᠭᠲᠠᠨ ᠳᠠᠭᠤᠯᠠᠭᠰᠠᠨ ᠤ ᠬᠠᠮᠳᠣ ᠪᠠᠰᠠ ᠨᠠᠰᠤᠲᠠᠶᠢᠴᠤᠳ ᠤᠨ ᠶᠡᠭᠡ ᠰᠤᠷᠭᠠᠭᠤᠯᠢ ᠠᠴᠠ ᠦᠡᠭᠭᠡᠷᠡᠭᠰᠡᠨ ᠨᠢᠭᠡ ᠰᠤᠷᠤᠯᠭ᠎ᠠ ᠶᠢᠨ ᠬᠤᠭᠤᠴᠠᠭᠠᠨ ᠳᠤ ᠰᠢᠯᠢᠳᠡᠭ ᠦᠷ᠎ᠠ ᠪᠦᠳᠤᠮᠵᠢ ᠤᠯᠤᠬᠰᠠᠨ ᠰᠢᠯᠢᠳᠡᠭ ᠠᠩᠬᠢ᠂ ᠰᠢᠯᠢᠳᠡᠭ ᠰᠤᠷᠤᠯᠭᠠᠳᠠᠨ᠂ ᠪᠤᠯᠪᠠᠰᠤᠨ ᠠᠩᠬᠢ᠂ ᠪᠤᠯᠪᠠᠰᠤᠨ ᠰᠤᠷᠤᠯᠭᠠᠳᠠᠨ᠂ ᠰᠢᠯᠢᠳᠡᠭ ᠪᠠᠭᠰᠢ᠂ ᠰᠢᠯᠢᠳᠡᠭ ᠠᠩᠬᠢ ᠶᠢᠨ ᠡᠷᠬᠢᠯᠡᠭᠴᠢ ᠪᠠᠨ ᠱᠠᠩᠨᠠᠨ ᠭᠦᠬᠢᠭᠦᠯᠦᠭᠰᠡᠨ ᠪᠠᠶᠢᠨ᠎ᠠ᠃      ᠮᠠᠨ ᠤ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠨᠢ 2011 ᠤᠨ ᠳᠤ ᠪᠠᠶᠢᠭᠤᠯᠣᠭᠳᠠᠨ 2016 ᠤᠨ ᠠᠴᠠ ᠵᠢᠩᠬᠢᠨᠢ ᠪᠠᠷ ᠰᠤᠷᠤᠭᠴᠢ ᠡᠯᠰᠠᠵᠣ ᠣᠳᠣᠬᠠᠨ ᠪᠣᠯᠳᠠᠯ᠎ᠠ ᠯᠢᠩᠪᠦ᠂ ᠱᠠᠨᠵᠠ᠂ ᠲᠦᠷᠪᠡᠨ ᠤᠲᠠᠰᠤᠲᠤ ᠬᠤᠭᠤᠷ᠂ ᠶᠠᠩᠴᠢᠨ᠂ ᠳ᠋ᠠᠴᠠᠩ ᠵᠡᠷᠭᠡ ᠬᠦᠭᠵᠢᠮ ᠪᠠ ᠭᠠᠷ ᠤᠷᠠᠯᠠᠯ ᠵᠡᠷᠭᠡ ᠠᠷᠪᠠᠨ ᠲᠦᠷᠦᠯ ᠤᠨ ᠠᠩᠭᠢ ᠶᠢ ᠰᠦᠢᠳᠬᠡᠯ ᠬᠤᠷᠢᠶᠠᠬᠤ ᠦᠬᠡᠢ ᠪᠠᠷ ᠡᠷᠬᠢᠯᠡᠵᠤ ᠨᠠᠰᠤᠲᠠᠶᠢᠴᠤᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠣᠨ ᠦᠲᠡᠯᠦᠬᠡ ᠨᠠᠰᠣ ᠪᠠᠨ ᠵᠤᠯ ᠵᠢᠷᠭᠠᠯ ᠲᠠᠢ ᠦᠡᠭᠬᠡᠷᠡᠭᠦᠯᠭᠦ ᠳᠤ ᠣᠶᠢᠯᠡᠴᠢᠯᠠᠵᠣ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号