12 ᠰᠠᠷ᠎ᠠ ᠶᠢᠨ 5 ᠤ ᠡᠳᠦᠷ᠂ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠠᠷᠠᠮᠵᠢᠯᠡᠬᠦᠯᠬᠦ | ᠬᠦᠮᠦᠵᠢᠯ ᠤᠨ ᠶᠡᠭᠡ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ | ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ | ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤ | ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠵᠢᠴᠢ ᠭᠡᠷ ᠲᠡᠭᠡᠨ ᠪᠠᠶᠢᠭ᠎ᠠ ᠰᠢᠶᠠᠨ ᠤ ᠲᠠᠰ ᠤᠨ | ᠪᠦᠬᠦ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | ᠬᠤᠷᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ ᠠᠷᠪᠠ ᠶᠢᠰᠣᠳᠣᠬᠡᠷ ᠶᠡᠭᠡ | ᠬᠤᠷᠠᠯ ᠠᠴᠠ ᠨᠠᠭᠠᠰᠢᠬᠢ ᠪᠠ 2019 ᠣᠨ ᠤ ᠪᠦᠬᠦ ᠬᠤᠰᠢᠭᠤᠨ ᠤ ᠢᠯᠵᠢᠷᠡᠯ ᠢ ᠡᠰᠡᠷᠬᠦᠴᠡᠬᠦ ᠳᠠᠮᠠᠴᠠᠯ ᠤᠨ | ᠪᠠᠶᠢᠳᠠᠯ ᠢ ᠨᠠᠶᠢᠳᠠᠯᠠᠵᠣ ᠮᠠᠨ ᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠨ | ᠰᠢᠢᠳᠪᠣᠷᠢᠯᠡᠭᠰᠡᠨ ᠬᠡᠰᠡᠭ ᠨᠡᠶᠢᠳᠡᠯᠢᠭ ᠬᠡᠷᠡᠭ ᠤᠨ ᠵᠢᠱᠢᠶ᠎ᠠ ᠶᠢ ᠵᠠᠳᠠᠯᠪᠠ᠃ | ᠡᠷᠳᠡᠨᠢᠪᠢᠯᠢᠭ ᠴᠢᠬᠤᠯᠠᠴᠢᠯᠠᠭᠰᠠᠨ ᠨᠢ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠤᠯᠤᠰ ᠲᠥᠷᠦ ᠶᠢ ᠪᠠᠲᠤ | ᠴᠢᠩᠭ᠎ᠠ ᠰᠠᠭᠢᠬᠤ ᠶᠢᠨ ︽ᠮᠡᠷᠭᠡᠨ ᠬᠥᠮᠦᠨ︾ ᠪᠣᠯᠬᠤ ᠬᠡᠷᠡᠭᠲᠡᠶ᠃ ᠴᠢᠬᠡᠴᠢ ᠵᠢᠷᠤᠮ ᠢ ᠰᠠᠬᠢᠵᠤ᠂ ᠳᠦᠷᠢᠮ | ᠲᠣᠭᠲᠠᠭᠠᠯ ᠢ ᠵᠢᠷᠤᠮᠯᠠᠨ ︽ᠶᠣᠰᠣ ᠳᠦᠷᠢᠮ ᠲᠠᠢ ᠬᠥᠮᠦᠨ︾ ᠪᠣᠯᠬᠤ ᠬᠡᠷᠡᠭᠲᠡᠶ᠃ ᠠᠷᠠᠳ ᠲᠦᠮᠡᠨ ᠤ ᠲᠥᠯᠥᠭᠡ | ᠠᠵᠢᠯᠴᠢ ᠬᠢᠴᠢᠶᠡᠩᠭᠦᠶ ᠵᠢᠳᠭᠦᠵᠤ᠂ ᠠᠷᠠᠳ ᠣᠯᠠᠨ ᠤ ︽ᠳᠣᠲᠣᠨᠣ ᠬᠥᠮᠦᠨ︾ ᠪᠣᠯᠬᠤ ᠬᠡᠷᠡᠭᠲᠡᠶ ᠃ | ᠪᠣᠳᠠᠲᠠᠶ ᠶᠢ ᠡᠷᠬᠢᠮᠯᠡᠨ ᠤᠷᠤᠭᠰᠢᠯᠠᠨ ᠳᠠᠪᠰᠢᠬᠤ ᠰᠡᠳᠬᠢᠯ ᠢᠶᠠᠨ ᠪᠠᠲᠤ ᠰᠠᠬᠢᠵᠤ᠂ ᠠᠵᠢᠯ ᠥᠢᠯᠡᠰ ᠪᠣᠰᠬᠠᠬᠤ ᠶᠢᠨ | ︽ᠳᠠᠭᠠᠭᠤᠯᠤᠭᠴᠢ︾ ᠪᠣᠯᠬᠤ ᠬᠡᠷᠡᠭᠲᠡᠶ᠃ ᠨᠠᠮ ᠢᠶᠠᠨ ᠬᠠᠶᠢᠷᠠᠯᠠᠬᠤ ᠰᠡᠳᠬᠢᠯᠭᠡ ᠪᠠᠨ ᠪᠠᠲᠤ ᠰᠠᠬᠢᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠶᠢᠨ ︽ᠬᠠᠷᠢᠭᠤᠴᠠᠯᠭᠠᠲᠠᠨ︾ ᠪᠣᠯᠬᠤ ᠬᠡᠷᠡᠭᠲᠡᠶ᠃ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠠᠨ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ | ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠪᠠᠷ | ᠬᠠᠷᠢᠭᠤᠴᠠᠯᠭ᠎ᠠ ᠡᠭᠦᠷᠭᠡᠯᠡᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠥᠨ ᠠᠬᠢᠭᠤᠯᠵᠤ᠂ | ᠮᠠᠨ ᠤ ᠬᠤᠰᠢᠭᠤᠨ ᠤ ︽ᠴᠢᠨᠠᠷ ᠰᠠᠶᠢᠲᠠᠶ ᠬᠥᠭᠵᠢᠯᠲᠡ ᠶᠢ ᠠᠭᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠡᠶᠡᠯᠡᠭᠦᠯᠬᠦ︾ ᠳᠤ ᠤᠪᠤᠷ ᠲᠥᠪ ᠰᠤᠷᠳᠠᠯ ᠴᠢᠭᠡᠴᠢ ᠤᠯᠤᠰ ᠲᠥᠷᠦ ᠶᠢᠨ ᠠᠮᠢ ᠠᠬᠤᠶ ᠶᠢ ᠪᠣᠶ ᠪᠣᠯᠭᠠᠬᠤ ᠬᠡᠷᠡᠭᠲᠡᠶ | ᠭᠡᠵᠡᠢ᠃ | | | ᠵᠤᠤ ᠹᠧᠶ ᠯᠦ ᠳ᠋ᠥᠩᠨᠠᠯᠳᠠ ᠶᠢᠨ ᠶᠠᠷᠢᠶᠠᠨ ᠳᠠᠭᠠᠨ ᠴᠢᠬᠤᠯᠠᠴᠢᠯᠠᠬᠤ ᠳᠤ ᠪᠠᠨ ᠡᠯ᠎ᠡ ᠱᠠᠲᠤᠨ ᠤ ᠨᠠᠮ ᠤᠨ | ᠭᠡᠰᠢᠭᠦᠨ ᠤᠳᠤᠷᠢᠳᠬᠤ ᠺᠠᠳ᠋ᠷᠴᠤᠳ᠂ ᠴᠢᠬᠡᠴᠢ ᠵᠠᠰᠠᠭ ᠤᠨ ᠬᠥᠮᠦᠵᠢᠯ ᠢ ᠬᠦᠯᠢᠶᠡᠨ ᠨᠠᠮ ᠤᠨ ᠳᠦᠷᠢᠮ ᠤᠨ | ᠤᠬᠠᠮᠰᠠᠷ ᠪᠣᠯᠤᠨ ᠨᠠᠮ ᠤᠨ ᠭᠡᠰᠢᠭᠦᠨ ᠤ ᠤᠬᠠᠮᠰᠠᠷ ᠢᠶᠠᠨ ᠴᠢᠩᠭᠠᠳᠬᠠᠵᠤ ᠨᠠᠮ ᠤᠨ ᠳᠣᠲᠣᠭᠠᠳᠤ ᠶᠢᠨ ᠬᠢᠨᠠᠯᠲᠠ᠂ | ᠣᠯᠠᠨ ᠲᠦᠮᠡᠨ ᠤ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠳᠠᠳᠬᠠᠯ ᠲᠠᠢ ᠪᠣᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠣᠯᠳᠠ ᠪᠣᠯᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠤᠳᠤᠭᠡᠷ | ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠳᠣᠭᠤᠰᠢᠯᠠᠭᠤᠯᠵᠣ᠂ ︽ᠳᠥᠷᠪᠡᠨ ᠤᠬᠠᠮᠰᠠᠷ︾ ᠢ ᠪᠠᠲᠤ ᠪᠣᠶ ᠪᠤᠯᠭᠠᠨ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠥᠢᠯᠡᠳᠤᠯᠭᠡᠵᠢᠭᠦᠯᠤᠨ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠢ | ᠰᠠᠶᠢᠨ ᠭᠢᠵᠤ᠂ ᠪᠦᠬᠦ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠣᠯᠳᠠ ᠪᠣᠯᠤᠨ ᠢᠯᠵᠢᠷᠡᠯ ᠢ | ᠡᠰᠡᠷᠭᠦᠴᠡᠬᠦ ᠲᠡᠮᠡᠴᠡᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ | ᠭᠡᠵᠡᠢ᠃ | ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠰᠠᠷᠠᠮᠵᠢᠯᠡᠬᠦᠯᠬᠦ ᠬᠦᠮᠦᠵᠢᠯ ᠤᠨ ᠺᠢᠨᠣ᠋ ᠶᠢ ᠰᠣᠨᠢᠷᠬᠠᠭᠰᠠᠨ ᠤ | ᠬᠠᠮᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢᠶᠠᠷ ᠲᠣᠭᠤᠷᠢᠨ | ᠦᠵᠡᠵᠦ᠂ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠰᠠᠷᠠᠮᠵᠢᠯᠡᠬᠦᠯᠬᠦ ᠬᠦᠮᠦᠵᠢᠯ ᠤᠨ ᠰᠠᠭᠤᠷᠢᠨ | ᠭᠠᠵᠠᠷ ᠲᠤ ᠬᠥᠮᠦᠵᠢᠯ ᠭᠥᠷᠳᠡᠭᠰᠠᠨ ᠪᠠᠶᠢᠨ᠎ᠠ᠃ | |