ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠵᠡᠷᠭᠡ ᠤᠳᠤᠷᠢᠳᠤᠯᠭ᠎ᠠ ᠨᠠᠷ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019-12-09
    12 ᠰᠠᠷ᠎ᠠ ᠶᠢᠨ 5 ᠤ ᠡᠳᠦᠷ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠭᠥᠭᠡᠬᠤᠳᠠ ᠳᠤ ᠬᠤᠷᠠᠯᠳᠤᠵᠤ᠂ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠳᠠᠷᠤᠭ᠎ᠠ ᠵᠠᠩ ᡁᠢ ᠰᠢᠦ᠋ᠩ ᠪᠤᠯᠤᠨ ᠡᠯ᠎ᠡ ᠰᠤᠮᠤ ᠪᠠᠯᠭᠠᠰᠤᠨ ᠳᠠᠷᠤᠭ᠎ᠠ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠪᠢᠶᠠᠷᠢ ᠬᠤᠷᠠᠯ ᠶᠢᠨ ᠳᠠᠯᠠᠪᠠᠢ ᠳᠤ ᠬᠤᠷᠠᠯ ᠳᠤ ᠣᠷᠣᠯᠴᠠᠵᠠᠶ᠃
    ᠬᠤᠷᠠᠯ ᠠᠴᠠ ᠵᠢᠭᠠᠵᠤ ᠭᠠᠷᠭᠠᠬᠤ ᠳᠤ ᠪᠠᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠪᠣᠯᠤᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠵᠣ ᠬᠠᠤᠯᠢ ᠪᠠᠷ ᠵᠠᠰᠠᠬᠤ ᠵᠠᠰᠠᠭ  ᠤᠨ ᠣᠷᠳᠣᠨ ᠤ ᠪᠠᠶᠢᠭᠤᠯᠤᠯᠲᠠ ᠶᠢ ᠪᠠᠶᠢᠪᠠᠰᠤ ᠵᠣᠬᠢᠬᠤ ᠪᠠᠶᠢᠷᠢᠨ ᠳᠤ ᠲᠠᠯᠪᠢᠬᠤ ᠬᠡᠷᠡᠭᠲᠡᠶ᠃ ᠡᠯ᠎ᠡ ᠱᠠᠲᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠲᠥᠪ ᠬᠤᠷᠢᠶᠠᠨ ᠤ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ ︽ᠳᠥᠷᠪᠡᠨ ᠤᠬᠠᠮᠰᠠᠷ︾ ︽ᠳᠥᠷᠪᠡᠨ ᠢᠲᠡᠭᠡᠯ︾ ︽ᠬᠤᠶᠠᠷ ᠢ ᠬᠠᠮᠠᠭᠠᠯᠠᠬᠤ︾ ᠶᠢ ᠪᠣᠳᠠᠳᠣ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ ︽ᠲᠠᠯᠪᠢᠬᠤ ᠬᠠᠮᠢᠶᠠᠷᠬᠤ ᠥᠢᠯᠠᠴᠢᠯᠠᠭᠦ︾ ᠥᠭᠡᠷᠡᠴᠢᠯᠡᠯᠲᠡ ᠶᠢ ᠭᠥᠨᠵᠠᠭᠡᠶᠢᠷᠠᠭᠦᠯᠤᠨ᠂ ᠵᠠᠰᠠᠭ ᠵᠠᠬᠢᠷᠭᠠᠨ ᠤ ᠡᠷᠬᠡ ᠶᠢᠨ ᠶᠠᠪᠣᠭᠳᠠᠬᠤ ᠶᠠᠪᠤᠴᠠ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠲᠣᠭᠲᠠᠭᠠᠬᠤ ᠪᠠ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠳᠦᠷᠢᠮ︾ ᠢ ᠨᠠᠶᠢᠳᠠᠪᠤᠷᠢᠵᠢᠭᠤᠯᠤᠨ᠂ ᠰᠢᠨᠵᠢᠯᠠᠭᠦ ᠤᠬᠠᠭᠠᠨᠴᠢ ᠠᠷᠠᠳᠴᠢᠯᠠᠯ ᠲᠠᠢ ᠬᠠᠤᠯᠢ ᠶᠣᠰᠣᠭᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ ᠬᠠᠤᠯᠢ ᠪᠠᠶᠢᠭᠠᠳ ᠵᠢᠷᠤᠮᠯᠠᠬᠤ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ᠂ ᠠᠵᠢᠯ ᠬᠢᠬᠦ ᠦᠭᠡᠢ᠂ ᠤᠳᠠᠭᠠᠨ ᠬᠢᠬᠦ ᠵᠡᠷᠭᠡ ᠳᠣᠪᠣᠶᠢᠮ᠎ᠡ ᠠᠰᠠᠭᠤᠳᠠᠯ ᠢ ᠴᠡᠭᠴᠡᠯᠡᠨ ᠵᠠᠰᠠᠬᠤ ᠬᠡᠷᠡᠭᠲᠡᠶ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠨ ᠰᠢᠢᠳᠪᠤᠷᠢᠳᠤ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠥᠢᠯᠠᠴᠢᠯᠠᠭᠦ᠂ ᠦᠷ᠎ᠡ ᠳ᠋ᠦᠩ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ  ᠲᠦᠯᠬᠢᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠲᠦᠷᠦᠭᠦᠯᠡᠨ ᠭᠥᠢᠴᠡᠳᠭᠡᠭᠦ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠪᠠᠷ ᠵᠠᠰᠠᠬᠤ ᠰᠡᠳᠬᠢᠬᠦᠶ᠂ ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ ᠰᠢᠢᠳᠪᠤᠷᠢᠯᠠᠭᠦ ᠴᠢᠳᠠᠪᠤᠷᠢ ᠪᠠᠨ ᠳᠡᠭᠡᠭᠰᠢᠯᠡᠭᠦᠯᠵᠦ᠂ ᠤᠳᠤᠷᠢᠳᠬᠤ ᠺᠠᠳ᠋ᠷᠴᠤᠳ ᠬᠠᠤᠯᠢ ᠶᠢ ᠬᠦᠨᠳᠦᠳᠬᠡᠬᠦ᠂ ᠰᠤᠷᠬᠤ᠂ ᠰᠠᠬᠢᠬᠤ᠂ ᠬᠡᠷᠡᠭᠯᠡᠬᠦ ᠶᠢ ᠲᠦᠷᠦᠭᠦᠯᠡᠨ ᠭᠥᠢᠴᠡᠳᠭᠡᠵᠣ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠡᠢ᠃
     ᠬᠤᠷᠠᠯ ᠠᠴᠠ ᠵᠢᠭᠠᠵᠤ ᠭᠠᠷᠭᠠᠭᠰᠠᠨ ᠨᠢ 2020 ᠣᠨ ᠤ ᠬᠠᠣᠯᠢ ᠪᠠᠷ ᠵᠠᠰᠠᠭᠰᠠᠨ ᠵᠠᠰᠠᠭ ᠤᠨ ᠣᠷᠳᠣᠨ ᠢ ᠦᠨᠳᠦᠰᠦᠨ ᠳᠡᠭᠡᠨ ᠪᠠᠶᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠲᠥᠪ ᠬᠤᠷᠢᠶᠠᠨ ᠤ ᠪᠠᠶᠢᠷᠢᠯᠠᠭᠤᠯᠣᠯᠳᠠ ᠲᠠᠢ ᠬᠢᠨᠠᠮᠠᠭᠠᠶ ᠬᠠᠷᠢᠴᠠᠭᠤᠯᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠥᠷᠤᠯ ᠤᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠵᠢᠱᠢᠶ᠎ᠡ ᠦᠵᠡᠭᠦᠯᠦᠨ ᠬᠦᠳᠥᠯᠥᠨ ᠳᠠᠭᠠᠭᠤᠯᠬᠤ ᠶᠢ ᠴᠢᠩᠭᠠᠳᠬᠠᠨ ᠡᠩᠨᠡᠭᠡᠨ ᠤ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠲᠥᠷᠤᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号