ᠪᠦᠬᠦ ᠬᠤᠰᠢᠭᠤᠨ ᠤ ᠵᠢᠷᠭᠤᠳᠣᠭᠠᠷ ᠬᠤᠭᠤᠴᠠᠭᠠᠨ ᠤ ᠱᠠᠰᠢᠨᠳᠠᠳ ᠤᠨ ᠬᠠᠣᠯᠢ ᠳᠣᠭᠳᠠᠭᠠᠯ ᠵᠢᠴᠢ ᠡᠬᠡ ᠣᠷᠣᠨᠴᠢ ᠦᠵᠡᠯ ᠤᠨ ᠰᠣᠷᠭᠠᠨ ᠬᠦᠮᠦᠵᠢᠯ ᠤᠨ ᠪᠣᠯᠪᠠᠰᠣᠷᠠᠯ ᠬᠢᠴᠢᠶᠡᠯ ᠡᠬᠢᠯᠡᠪᠠ
ᠨᠡᠶᠢᠲᠡᠯᠡᠭᠰᠡᠨ ᠴᠠᠭ᠄
2019-12-09
     12 ᠰᠠᠷ᠎ᠠ ᠶᠢᠨ 5 ᠤ ᠡᠳᠦᠷ ᠪᠦᠬᠦ ᠬᠤᠰᠢᠭᠤᠨ ᠤ ᠵᠢᠷᠭᠤᠳᠣᠭᠠᠷ ᠬᠤᠭᠤᠴᠠᠭᠠᠨ ᠤ ᠱᠠᠰᠢᠨᠳᠠᠳ ᠤᠨ ᠬᠠᠣᠯᠢ ᠳᠣᠭᠳᠠᠭᠠᠯ ᠵᠢᠴᠢ ᠡᠬᠡ ᠣᠷᠣᠨᠴᠢ ᠦᠵᠡᠯ ᠤᠨ ᠰᠣᠷᠭᠠᠨ ᠬᠦᠮᠦᠵᠢᠯ ᠤᠨ ᠪᠣᠯᠪᠠᠰᠣᠷᠠᠯ ᠬᠢᠴᠢᠶᠡᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠠᠯᠳᠠᠨᠳᠣᠶᠠᠭ᠎ᠠ᠂ ᠬᠤᠰᠢᠭᠤ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠ᠂ ᠨᠠᠮ ᠤᠨ ᠰᠣᠷᠭᠠᠭᠤᠯᠢ᠂ ᠰᠣᠶᠣᠯ ᠤᠨ ᠰᠢᠰᠲ᠋ᠧᠮ ᠤᠨ ᠠᠵᠢᠯᠴᠢᠨ ᠤ ᠡᠪᠯᠡᠯ᠂ ᠭᠠᠯ ᠤᠨᠲᠠᠷᠠᠭᠠᠬᠤ ᠶᠡᠭᠡ ᠠᠩᠬᠢ᠂ ᠪᠣᠳ᠋ᠳ᠋ᠾᠠ ᠶᠢᠨ ᠱᠠᠰᠢᠨ ᠤ ᠨᠡᠶᠢᠬᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠪᠦᠬᠦ ᠬᠤᠰᠢᠭᠤᠨ ᠤ ᠪᠣᠳ᠋ᠳ᠋ᠾᠠ ᠶᠢᠨ ᠱᠠᠰᠢᠨᠲᠠᠳ᠂ ᠪᠣᠮᠪᠦ ᠶᠢᠨ ᠱᠠᠰᠢᠨᠲᠠᠳ ᠵᠢᠴᠢ ᠡᠾᠷᠢᠰᠲ᠋ᠣᠰ ᠤᠨ ᠰᠦᠰᠦᠭᠲᠡᠳ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠪᠠ  ᠃      ᠶᠣᠰᠣᠯᠠᠯ ᠳᠡᠭᠡᠷ᠎ᠡ᠂ ᠠᠯᠳᠠᠨᠳᠣᠶᠠᠭ᠎ᠠ ᠴᠢᠬᠤᠯᠠᠴᠢᠯᠠᠬᠤ ᠳᠠᠭᠠᠨ ᠱᠠᠰᠢᠨ ᠰᠣᠷᠲᠠᠬᠤᠨ ᠤ ᠬᠢᠨ ︽ᠣᠯᠣᠰ  ᠢᠶᠠᠨ ᠬᠠᠶᠢᠷᠠᠯᠠᠬᠤ᠂ ᠱᠠᠰᠢᠨ ᠢᠶᠠᠨ ᠬᠠᠶᠢᠷᠠᠯᠠᠬᠤ᠂ ᠵᠦᠪ ᠰᠢᠳᠤᠯᠭᠡ ᠲᠦᠪ ᠠᠵᠢᠯᠯᠠᠭ᠎ᠠ ᠬᠢᠬᠦ︾ ᠰᠢᠯᠢᠳᠡᠭ ᠣᠯᠠᠮᠵᠢᠯᠠᠯ ᠢᠶᠠᠨ ᠪᠠᠲᠠᠷᠠᠭᠤᠯᠵᠣ ᠱᠠᠰᠢᠨᠲᠠᠳ ᠶᠡᠷᠦᠩᠬᠡᠢ ᠬᠡᠪ ᠴᠢᠨᠠᠷ ᠢᠶᠠᠨ ᠣᠯᠠᠮ ᠨᠢᠭᠡ ᠠᠯᠬᠤᠮ ᠲᠡᠭᠡᠭᠰᠢᠯᠡᠬᠦᠯᠦᠨ ᠰᠢ ᠶᠢᠨ ᠫᠢᠩ ᠶᠡᠷᠥᠩᠭᠡᠢ ᠱᠥᠵᠢ ᠶᠢᠨ ᠲᠣᠷᠠᠳᠣᠭᠰᠠᠨ ︽ᠱᠠᠰᠢᠨ ᠪᠠ ᠱᠠᠰᠢᠨ ᠤ ᠠᠵᠢᠯ ᠤᠨ ᠵᠢᠮ᠎ᠡ ᠶᠣᠰᠣ ᠶᠢ ᠵᠢᠷᠣᠮᠯᠠᠬᠤ︾ ᠱᠠᠭᠠᠷᠳᠠᠯᠭ᠎ᠠ ᠶᠣᠰᠣᠭᠠᠷ ᠱᠠᠰᠢᠨ ᠤ ᠬᠥᠷᠢᠶ᠎ᠡ ᠬᠡᠪᠴᠢᠶᠡᠨ ᠳᠠᠬᠢ ᠡᠯ᠎ᠡ ᠵᠣᠶᠢᠯ ᠤᠨ ᠠᠰᠠᠭᠤᠳᠠᠯ ᠢ ᠬᠥᠨᠵᠡᠬᠡᠢ ᠰᠣᠳᠣᠯᠣᠨ ᠬᠢᠨᠠᠮᠠᠭᠠᠢ ᠰᠢᠢᠳᠪᠦᠷᠢᠯᠡᠵᠤ ᠳᠣᠮᠳᠠᠳᠣ ᠣᠯᠣᠰ ᠤᠨ ᠣᠨᠴᠠᠯᠢᠭ ᠪᠥᠬᠦᠢ ᠱᠠᠰᠢᠨ ᠤ ᠣᠨᠣᠯ ᠢ ᠲᠠᠰᠤᠷᠠᠯᠳᠠ ᠥᠬᠡᠢ ᠪᠠᠶᠠᠯᠢᠭᠵᠢᠭᠤᠯᠣᠨ ᠱᠠᠰᠢᠨ ᠤ ᠠᠵᠢᠯ ᠥᠢᠯᠡᠳᠥᠯᠭᠡ ᠪᠠᠨ ᠣᠯᠠᠮ ᠰᠠᠶᠢᠨ ᠵᠢᠯᠣᠭᠤᠳᠣᠭᠤᠯᠬᠤ ᠬᠡᠷᠡᠭᠲᠠᠢ᠃ ᠱᠠᠰᠢᠨ ᠤ ᠲᠣᠮᠳᠠᠳᠣ ᠣᠯᠣᠰᠴᠢᠯᠠᠬᠤ ᠴᠢᠭᠯᠡᠯ ᠢ ᠪᠠᠷᠢᠮᠳᠠᠯᠠᠵᠣ ᠬᠠᠤᠯᠢ ᠶᠤᠰᠤᠭᠠᠷ ᠱᠠᠰᠢᠨ ᠰᠤᠷᠳᠠᠬᠤᠨ ᠤ ᠬᠡᠷᠡᠭ ᠶᠠᠪᠤᠳᠠᠯ ᠤᠨ ᠬᠠᠮᠢᠶᠠᠷᠣᠯᠲᠠ ᠶᠢ ᠴᠢᠩᠭᠠᠳᠬᠠᠨ ᠰᠢᠨ᠎ᠡ ᠴᠠᠭ ᠦᠶ᠎ᠡ ᠶᠢᠨ ᠱᠠᠰᠢᠨ ᠤ ᠡᠩᠨᠡᠭᠡ  ᠶᠢ ᠪᠦᠲᠦᠬᠡᠨ ᠪᠠᠶᠢᠭᠤᠯᠵᠤ ᠰᠢ ᠶᠢᠨ ᠫᠢᠩ ᠶᠡᠷᠥᠩᠬᠡᠢ ᠱᠥᠵᠢ ᠶᠢᠨ ᠱᠠᠰᠢᠨ ᠤ ᠠᠵᠢᠯ ᠤᠨ ᠲᠣᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠣᠯᠣᠰ᠂ ᠤᠷᠤᠨ᠂ ᠬᠤᠲᠠ ᠶᠢᠨ ᠱᠠᠰᠢᠨ ᠰᠣᠷᠲᠠᠬᠤᠨ ᠤ ᠠᠵᠢᠯ ᠤᠨ ᠬᠤᠷᠠᠯᠳᠣᠭᠠᠨ ᠤ ᠰᠶᠢᠳᠪᠥᠷᠢ ᠪᠠᠶᠢᠷᠢᠯᠠᠭᠤᠯᠣᠯᠲᠠ ᠶᠢᠨ ᠶᠣᠰᠣᠭᠠᠷ ᠥᠵᠡᠯᠲᠡ ᠲᠠᠨᠢᠯᠲᠠ ᠪᠠᠨ ᠳᠡᠭᠡᠭᠰᠢᠯᠡᠭᠦᠯᠣᠨ ᠡᠭᠦᠷᠭᠡ ᠬᠠᠷᠢᠭᠤᠴᠠᠯᠭ᠎ᠠ ᠪᠠᠨ ᠬᠥᠢᠴᠡᠳᠭᠡᠵᠣ ᠵᠣᠷᠢᠭᠲᠠᠢ ᠡᠭᠦᠷᠬᠡᠯᠡᠨ ᠪᠠᠳᠣ ᠪᠠᠬᠢ ᠬᠡᠪ ᠰᠣᠷᠲᠠᠯ ᠪᠠ ᠣᠯᠠᠮ ᠰᠠᠶᠢᠨ ᠠᠵᠢᠯ ᠤᠨ ᠥᠷ᠎ᠡ ᠪᠥᠳᠥᠮᠵᠢ ᠪᠠᠷ ᠪᠥᠬᠦ ᠬᠤᠰᠢᠭᠤᠨ ᠤ ᠠᠵᠣ ᠠᠬᠤᠢ ᠨᠡᠶᠢᠬᠡᠮ ᠤᠨ ᠬᠥᠭᠵᠢᠯᠳᠡ ᠳᠤ ᠰᠢᠨ᠎ᠡ ᠬᠥᠴᠥᠨ ᠡᠷᠬᠦᠰᠦᠬᠡᠢ ᠬᠡᠪᠡ᠃      ᠶᠣᠰᠣᠯᠠᠯ ᠳᠡᠭᠡᠷ᠎ᠡ᠂  ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠮᠠᠨ ᠤ ᠬᠤᠰᠢᠭᠤᠨ ᠤ ᠱᠠᠰᠢᠨ ᠰᠣᠷᠳᠠᠬᠤᠨ  ᠤ ᠠᠵᠢᠯᠯᠠᠭᠠᠨ ᠤ ᠳᠠᠯᠠᠪᠣᠷ ᠤᠨ ᠳᠡᠣᠬᠡᠨ ᠳᠣᠷᠠᠰᠬᠠᠯᠲᠣ ᠵᠦᠢᠯᠡᠰ ᠢ ᠬᠠᠮᠠᠭᠠᠯᠠᠬᠤ ᠬᠤᠯᠪᠣᠭᠳᠠᠯ ᠪᠦᠬᠦᠢ ᠬᠡᠷᠡᠭ ᠶᠠᠪᠣᠳᠠᠯ ᠤᠨ ᠳᠣᠬᠠᠢ ᠴᠢᠬᠤᠯᠠᠴᠢᠯᠠᠪᠠ᠃ ᠪᠣᠯᠪᠠᠰᠣᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠣᠭᠳᠠᠵᠦ ᠭᠠᠯ ᠤᠨᠲᠠᠷᠠᠭᠠᠬᠤ ᠶᠡᠭᠡ ᠠᠩᠬᠢ ᠶᠢᠨ ᠣᠬᠠᠭᠤᠯᠬᠤ ᠬᠡᠰᠢᠬᠦᠨ ᠵᠢᠴᠢ ᠨᠠᠮ ᠤᠨ ᠰᠣᠷᠭᠠᠭᠤᠯᠢ ᠶᠢᠨ ᠪᠠᠭᠰᠢ ᠶᠢ ᠣᠷᠢᠵᠦ ᠭᠠᠯ ᠰᠡᠷᠭᠡᠶᠢᠯᠡᠯᠳᠡ ᠶᠢᠨ ᠬᠠᠮᠢᠶ᠎ᠠ ᠪᠦᠬᠦᠢ ᠮᠡᠳᠡᠯᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠦᠷᠪᠡᠳᠦᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠬᠠᠣᠯᠢ ᠳᠣᠭᠳᠠᠭᠠᠯ  ᠪᠠ ᠡᠬᠡ ᠣᠷᠣᠨᠴᠢ ᠦᠵᠡᠯ ᠤᠨ ᠰᠣᠷᠭᠠᠨ ᠬᠦᠮᠦᠵᠢᠯ ᠤᠨ ᠳᠠᠶᠢᠯᠦᠮᠵᠢ ᠬᠢᠯᠬᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号