ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠬᠤ ᠪᠠᠷ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ ᠨᠠᠮ ᠤᠨ ᠭᠠᠳᠠᠨᠠᠬᠢ ᠬᠦᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-09
     12 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ ᠵᠦᠩ ᠨᠠᠨ ᠬᠠᠢ ᠳᠤ ᠨᠠᠮ ᠤᠨ ᠭᠠᠳᠠᠨᠠᠬᠢ ᠬᠦᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠨᠡ ᠵᠢᠯ ᠤᠨ ᠠᠵᠤ ᠠᠬᠤᠢ ᠶᠢᠨ ᠪᠠᠶᠢᠳᠠᠯ ᠪᠤᠯᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠡᠯ᠎ᠠ ᠠᠷᠠᠳᠴᠢᠯᠠᠭᠰᠠᠨ ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ ᠪᠤᠯᠤᠨ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠤᠨᠤᠰᠴᠠᠢ᠃ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠬᠢᠯᠡᠭᠰᠡᠨ ᠪᠦᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠳᠠ ᠡᠭᠦᠷᠭᠡ ᠲᠠᠢ ᠬᠠᠷᠭᠤᠭᠤᠯᠵᠤ᠂ ᠭᠤᠤᠯᠳᠠᠯᠭ᠎ᠠ ᠶᠢ ᠠᠳᠬᠤᠵᠤ᠂ ᠳᠤᠳᠠᠭᠤᠳᠠᠯ ᠢ ᠨᠦᠬᠦᠪᠦᠷᠢᠯᠡᠵᠤ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠠ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠡᠯ᠎ᠠ ᠰᠠᠯᠠᠭ᠎ᠠ ᠮᠦᠴᠢᠷ ᠪᠤᠯᠤᠨ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠬᠠᠮᠵᠢᠯᠴᠠᠭᠤᠯᠤᠨ ᠵᠤᠬᠢᠴᠠᠭᠤᠯᠬᠤ ᠶᠢ ᠴᠢᠩᠭᠠᠳᠬᠠᠬᠤ ᠬᠡᠷᠡᠭᠳᠠᠢ᠃ ᠠᠵᠤ ᠠᠬᠤᠢ ᠶᠢᠨ ᠠᠵᠢᠯ ᠢ ᠤᠳᠤᠷᠢᠳᠬᠤ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠠᠵᠢᠯᠴᠢ ᠠᠷᠪᠢᠴᠢ ᠲᠠᠢ ᠪᠠᠶᠢᠬᠤ ᠶᠢ ᠪᠠᠷᠢᠮᠳᠠᠯᠠᠨ᠂ ᠪᠦᠷᠢᠯᠭᠡᠨ ᠰᠦᠢᠳᠭᠡᠬᠦ ᠶᠢ ᠡᠰᠡᠷᠭᠦᠴᠡᠵᠤ᠂ ᠦᠷᠭᠦᠯᠵᠢᠯᠡᠨ ᠦᠨᠳᠦᠰᠦᠨ ᠱᠠᠳᠤᠨ ᠤ ᠳᠠᠷᠤᠭᠠᠰᠤ ᠶᠢ ᠬᠦᠡᠭᠭᠡᠷᠡᠭᠦᠯᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠰᠡᠷᠭᠦᠴᠡᠵᠤ᠂ ᠡᠬᠢ ᠪᠠᠶᠠᠯᠢᠭ ᠢ ᠦᠨᠡᠨ ᠬᠦ ᠠᠵᠤ ᠠᠬᠤᠢ ᠶᠢ ᠬᠦᠭᠵᠢᠭᠦᠯᠬᠦ ᠪᠤᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠠ ᠬᠡᠷᠡᠭᠯᠡᠬᠦ ᠬᠡᠷᠡᠭᠳᠠᠢ ᠭᠡᠵᠤ ᠴᠢᠬᠤᠯᠠᠴᠢᠯᠠᠵᠠᠢ᠃      ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠬᠠᠨ ᠵᠧᠩ ᠶᠠᠷᠢᠯᠴᠠᠬᠤ ᠬᠤᠷᠠᠯ ᠳᠤ ᠤᠷᠤᠯᠴᠠᠪᠠ᠃ ᠯᠢ ᠺᠧ ᠴᠢᠶᠠᠩ ᠡᠨᠡ ᠵᠢᠯ ᠤᠨ ᠠᠵᠤ ᠠᠬᠤᠢ ᠶᠢᠨ ᠠᠵᠢᠯ ᠤᠨ ᠬᠤᠯᠪᠤᠭᠳᠠᠯ ᠪᠦᠬᠦᠢ ᠪᠠᠶᠢᠳᠠᠯ ᠢ ᠮᠡᠳᠡᠭᠳᠡᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠲᠤᠬᠠᠢ ᠨᠠᠮ ᠤᠨ ᠲᠦᠪ ᠬᠤᠷᠢᠶᠠᠨ ᠤ ᠪᠤᠳᠤᠯᠬᠢᠯᠠᠯ ᠢ ᠲᠠᠨᠢᠯᠴᠠᠭᠤᠯᠵᠠᠢ᠃      ᠶᠠᠷᠢᠯᠴᠠᠬᠤ ᠬᠤᠷᠠᠯ ᠳᠡᠭᠡᠷ᠎ᠠ᠂ ᠭᠤᠮᠢᠨᠳᠠᠩ ᠤᠨ ᠬᠤᠪᠢᠰᠬᠠᠯᠳᠦ ᠬᠤᠷᠢᠶ᠎ᠠ ᠶᠢᠨ ᠲᠦᠪ ᠬᠤᠷᠢᠶᠠᠨ ᠤ ᠲᠡᠷᠢᠭᠦᠯᠡᠭᠴᠢ ᠸᠠᠨ ᠡᠸ᠋ ᠰᠢᠶᠠᠩ᠂ ᠠᠷᠠᠳᠴᠢᠯᠠᠭᠰᠠᠨ ᠬᠤᠯᠪᠤᠭ᠎ᠠ ᠶᠢᠨ ᠲᠦᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠦᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠦᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠦᠪ ᠬᠤᠷᠢᠶᠠᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠸᠧᠢ᠂ ᡁᠭᠦ᠋ᠩᠳᠠᠩ ᠨᠠᠮ ᠤᠨ ᠲᠦᠪ ᠬᠤᠷᠢᠶᠠᠨ ᠤ ᠲᠡᠷᠢᠭᠦᠯᠡᠭᠴᠢ ᠸᠠᠨ ᠭᠠᠩ᠂ ︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠦᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠦᠪᠡᠷᠳᠡᠭᠡᠨ ᠵᠠᠰᠠᠬᠤ ᠬᠤᠯᠪᠤᠭ᠎ᠠ ᠶᠢᠨ ᠲᠦᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ ᠭᠤᠤ ᠬᠤᠩ ᠵᠢᠶᠦ᠋ᠨ ᠤᠷᠢᠳ ᠬᠤᠵᠢᠳ ᠦᠭᠡ ᠬᠡᠯᠡᠵᠠᠢ᠃ ᠲᠡᠳᠡ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠮᠠᠨ ᠤ ᠤᠯᠤᠰ ᠤᠨ ᠤᠳᠤᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠳᠠ ᠪᠤᠯᠤᠨ ᠲᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠪᠤᠳᠤᠯᠬᠢᠯᠠᠯ ᠢ ᠵᠦᠪᠰᠢᠶᠡᠷᠡᠵᠤ᠂ ᠠᠵᠤ ᠠᠬᠤᠢ ᠶᠢᠨ ᠲᠦᠷᠢᠮ ᠪᠤᠯᠤᠨ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠡᠬᠦᠯᠳᠡᠷᠵᠢᠬᠦᠯᠬᠦ᠂ ᠬᠦᠬᠡᠮᠦ᠋ᠷᠡᠨ ᠤ ᠭᠤᠷᠪᠠᠯᠵᠢᠨ ᠬᠤᠶᠢᠬ ᠤᠨ ᠨᠢᠬᠡ ᠴᠤᠬᠴᠠᠵᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢ ᠠᠬᠢᠭᠤᠯᠬᠤ᠂ ᠭᠤᠸᠠᠩᠳᠦ᠋ᠩ ᠰᠢᠶᠠᠩᠭᠠᠩ ᠤᠤᠮᠧᠨ ᠤ ᠶᠡᠭᠡ ᠪᠤᠯᠤᠩ ᠤᠨ ᠤᠷᠤᠨ ᠤ ᠬᠦᠭᠵᠢᠯᠳᠠ ᠶᠢ ᠠᠬᠢᠭᠤᠯᠬᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠪᠠ ᠦᠷ᠎ᠠ ᠪᠦᠳᠦᠭᠡᠯ ᠢ ᠤᠨᠳᠤᠤᠰᠢᠭᠤᠯᠬᠤ ᠶᠢ ᠴᠢᠩᠭᠠᠳᠬᠠᠬᠤ᠂ ᠳᠤᠳᠤᠭᠠᠳᠤ ᠭᠡᠷᠡᠭᠴᠡᠭᠡ ᠶᠢᠨ ᠨᠦᠬᠡᠴᠠ ᠬᠦᠴᠤᠨ ᠢ ᠠᠭᠤᠳᠠᠯᠵᠤ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠰᠠᠶᠢᠵᠢᠷᠠᠭᠤᠯᠬᠤ᠂ ᠤᠨᠢᠨ ᠲᠡᠬᠡᠷ᠎ᠠ ᠨᠢ ᠬᠦᠴᠤᠯᠡᠵᠤ ᠵᠠᠬ᠎ᠠ ᠲᠡᠯᠬᠡᠬᠦᠷ ᠤᠨ ᠭᠤᠤᠯ ᠴᠤᠬᠴᠠ ᠳᠤ ︽ᠬᠦᠴᠤᠨ ᠨᠡᠮᠠᠷᠢᠯᠠᠵᠤ ᠲᠠᠷᠤᠭᠠᠰᠤ ᠶᠢ ᠨᠢ ᠬᠦᠩᠬᠡᠷᠡᠬᠦᠯᠬᠦ︾᠂ ᠮᠦᠩᠬᠦᠨ ᠬᠦᠢᠯᠬᠡᠬᠡᠨ ᠤ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠬᠤ᠂ ᠰᠢᠨ᠎ᠠ ᠶᠢ ᠡᠬᠦᠳᠬᠦ ᠶᠢ ᠵᠤᠷᠢᠬᠵᠢᠭᠤᠯᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠡᠷᠡᠬᠦᠯ ᠮᠡᠨᠳᠦ ᠶᠢᠨ ᠤᠢᠢᠯᠡᠴᠢᠯᠡᠬᠡᠨ ᠤ ᠤᠢᠢᠯᠡᠰ ᠢ ᠬᠦᠭᠵᠢᠬᠦᠯᠬᠦ᠂ ᠮᠦᠩᠬᠦᠨ ᠬᠦᠢᠯᠬᠡᠬᠡᠨ ᠤ ︽ᠨᠢᠬᠡ ᠪᠦᠰᠠ ᠨᠢᠬᠡ ᠵᠠᠮ︾ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠬᠤ ᠤᠢᠢᠯᠡᠳᠤᠯ ᠢ ᠨᠡᠩ ᠰᠠᠶᠢᠨ ᠪᠠᠳᠠᠷᠠᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠨ ᠤ ᠠᠷᠠᠳ ᠤᠨ ᠬᠤᠭᠤᠷᠤᠨᠳᠤᠬᠢ ᠰᠤᠯᠢᠯᠴᠠᠭ᠎ᠠ ᠶᠢ ᠴᠢᠩᠭᠠᠳᠬᠠᠬᠤ ᠵᠡᠷᠬᠡ ᠲᠤᠬᠠᠢ ᠰᠠᠨᠠᠯ ᠰᠠᠨᠠᠭᠤᠯᠭ᠎ᠠ ᠲᠤᠷᠠᠳᠴᠠᠢ᠃     ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠤᠨᠤᠰᠤᠬᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠡᠳᠤᠷ ᠪᠢᠳᠡ ᠡᠨᠡ ᠬᠦ ᠶᠠᠷᠢᠯᠴᠠᠬᠤ ᠬᠤᠷᠠᠯ ᠢ ᠬᠤᠷᠠᠯᠳᠤᠭᠤᠯᠵᠤ ᠪᠠᠶᠢᠭ᠎ᠠ ᠭᠤᠤᠯ ᠵᠤᠷᠢᠯᠭ᠎ᠠ ᠨᠢ ᠲᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠲᠤᠬᠠᠢ ᠡᠯ᠎ᠠ ᠠᠷᠠᠳᠴᠢᠯᠠᠬᠰᠠᠨ ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠤᠢᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ ᠪᠤᠯᠤᠨ ᠨᠠᠮ ᠪᠦᠯᠦᠭ ᠤᠨ ᠪᠤᠰᠤ ᠬᠦᠮᠤᠰ ᠤᠨ ᠲᠦᠯᠤᠬᠡᠯᠡᠭᠴᠢ ᠶᠢᠨ ᠰᠠᠨᠠᠯ ᠰᠠᠨᠠᠭᠤᠯᠭ᠎ᠠ ᠶᠢ ᠰᠤᠨᠤᠰᠬᠤ ᠬᠡᠰᠡᠨ ᠶᠤᠮ᠃ ᠲᠠᠬᠢᠭᠠᠳ ᠬᠤᠶᠠᠷ ᠡᠳᠤᠷ ᠤᠨ ᠲᠠᠷᠠᠭ᠎ᠠ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠢᠨ ᠴᠤ ᠡᠨᠡ ᠬᠦ ᠠᠰᠠᠭᠤᠳᠠᠯ ᠢ ᠶᠠᠷᠢᠯᠴᠠᠨ᠎ᠠ᠂ ᠶᠠᠷᠢᠯᠴᠠᠬᠤ ᠠᠴᠠ ᠡᠮᠤᠨ᠎ᠠ ᠤᠯᠠᠨ ᠤ ᠰᠠᠨᠠᠯ ᠪᠤᠯᠤᠨ ᠰᠠᠨᠠᠭᠤᠯᠭ᠎ᠠ ᠶᠢ ᠰᠤᠨᠤᠰᠬᠤ ᠭᠡᠰᠡᠨ ᠶᠤᠮ ᠬᠡᠵᠤ ᠢᠯᠡᠳᠬᠡᠪᠡ᠃     ᠰᠢ ᠶᠢᠨ ᠫᠢᠩ᠂ ᠡᠨᠡ ᠵᠢᠯ ᠠᠴᠠ ᠨᠠᠭᠠᠰᠢ᠂ ᠤᠯᠤᠰ ᠤᠨ ᠳᠤᠳᠤᠭᠠᠳᠤ ᠭᠠᠳᠠᠭᠠᠳᠤ ᠶᠢᠨ ᠠᠶᠤᠯ ᠲᠦᠭᠰᠢᠬᠦᠷᠢ ᠦᠷᠢᠰᠤᠯᠳᠤᠬᠡᠨ ᠢᠯᠡᠳᠳᠡ ᠰᠢᠷᠤᠬᠦᠰᠴᠤ ᠪᠠᠶᠢᠭ᠎ᠠ ᠪᠤᠳᠤᠯᠢᠶᠠᠨᠳᠠᠢ ᠪᠠᠶᠢᠳᠠᠯ ᠳᠤ᠂ ᠪᠦᠬᠦ ᠨᠠᠮ ᠪᠦᠬᠦ ᠤᠯᠤᠰ ᠢᠶᠠᠷ ᠢᠶᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠲᠤᠭᠤᠰᠢᠯᠠᠭᠤᠯᠵᠤ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠵᠤ᠂ ᠠᠵᠤ ᠠᠬᠤᠢ ᠨᠡᠶᠢᠬᠡᠮ ᠤᠨ ᠦᠷᠬᠦᠯᠵᠢᠯᠠᠨ ᠡᠷᠡᠬᠦᠯ ᠢᠶᠠᠷ ᠬᠦᠭᠵᠢᠬᠦ ᠶᠢ ᠪᠠᠳᠤᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢᠨ ᠭᠤᠤᠯ ᠬᠦᠢᠴᠡᠳᠬᠡᠬᠦ ᠲᠤᠭ᠎ᠠ ᠶᠢᠨ ᠠᠬᠢᠴᠠ ᠵᠢᠱᠢᠭᠰᠡᠨ ᠵᠤᠷᠢᠯᠭ᠎ᠠ ᠲᠠᠢ ᠨᠡᠶᠢᠴᠠᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠵᠢᠯ ᠰᠢᠨ᠎ᠠ ᠴᠢᠬᠤᠯᠠ ᠶᠡᠭᠡ ᠠᠬᠢᠴᠠ ᠲᠠᠢ ᠪᠤᠯᠵᠠᠢ᠃ ᠢᠯᠠᠩᠭᠤᠶ᠎ᠠ ᠪᠢᠳᠡ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠰᠢᠷᠢᠰ ᠠᠵᠢᠯᠯᠠᠭ᠎ᠠ ᠶᠢ ᠠᠮᠵᠢᠯᠳᠡᠳᠡᠢ ᠶᠠᠪᠤᠬᠳᠠᠭᠤᠯᠵᠦ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠪᠤᠯᠤᠨ ᠤᠯᠤᠰ ᠤᠨ ᠳᠤᠳᠤᠭᠠᠳᠤ ᠭᠠᠳᠠᠭᠠᠳᠤ ᠶᠢᠨ ᠳᠤᠮᠳᠠᠳᠤ ᠶᠢᠨ ᠬᠦᠪᠡᠬᠦᠳ ᠦᠬᠢᠳ ᠤᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠬᠡ ᠪᠤᠯᠤᠨ ᠡᠷᠡᠮᠡᠬᠡᠶᠢᠯᠡᠨ ᠳᠠᠪᠰᠢᠬᠤ ᠵᠤᠷᠢᠬ ᠰᠠᠨᠠᠭ᠎ᠠ ᠶᠢ ᠯᠤᠳᠤ ᠶᠡᠭᠡ ᠪᠠᠷ ᠬᠦᠭᠵᠢᠬᠡᠵᠦ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠯᠤᠳᠤ ᠶᠡᠭᠡ ᠬᠦᠭᠵᠢᠯᠳᠡ ᠶᠢᠨ ᠠᠮᠵᠢᠯᠳᠡ ᠪᠦᠳᠦᠮᠵᠢ ᠪᠤᠯᠤᠨ ᠬᠦᠴᠦᠳᠦ ᠶᠡᠭᠡ ᠠᠮᠢᠵᠢᠷᠠᠯ ᠤᠨ ᠬᠦᠴᠦᠨ ᠢ ᠢᠯᠡᠷᠡᠬᠦᠯᠵᠡᠢ ᠬᠡᠵᠦ ᠴᠢᠬᠤᠯᠠᠴᠢᠯᠠᠪᠠ᠃     ᠰᠢ ᠶᠢᠨ ᠫᠢᠩ᠂ ᠡᠨᠡ ᠵᠢᠯ ᠠᠴᠠ ᠨᠠᠭᠠᠰᠢ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠳᠦᠪ ᠬᠤᠷᠢᠶ᠎ᠠ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠬᠢᠬᠡᠳ ᠨᠠᠮ ᠪᠦᠯᠦᠭ ᠤᠨ ᠪᠤᠰᠤ ᠬᠦᠮᠦᠰ ᠨᠠᠮ ᠪᠤᠯᠤᠨ ᠤᠯᠤᠰ ᠤᠨ ᠭᠤᠤᠯᠳᠠᠯᠭ᠎ᠠ ᠲᠠᠢ ᠠᠵᠢᠯ ᠤᠨ ᠳᠤᠭᠤᠷᠢᠨ ᠳᠤ᠂ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠨ ᠴᠢᠨᠠᠷ ᠰᠠᠶᠢᠳᠠᠢ ᠬᠦᠭᠵᠢᠯᠳᠡ ᠶᠢ ᠬᠦᠳᠦᠯᠦᠨ ᠵᠢᠯᠤᠭᠤᠳᠬᠤ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠦᠨ ᠬᠤᠮᠠᠬᠢ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠬᠦ ᠵᠡᠷᠬᠡ ᠠᠵᠦ ᠠᠬᠤᠢ ᠨᠡᠶᠢᠭᠡᠮ ᠤᠨ ᠬᠦᠭᠵᠢᠯᠳᠡ ᠳᠠᠬᠢ ᠴᠢᠬᠤᠯᠠ ᠠᠰᠠᠭᠤᠳᠠᠯ ᠳᠤ ᠠᠩᠬᠠᠷᠤᠯ ᠢᠶᠠᠨ ᠳᠦᠪᠯᠡᠷᠡᠬᠦᠯᠵᠦ᠂ 10 ᠭᠠᠷᠤᠢ ᠮᠤᠵᠢ ︵ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ︶ ᠶᠢᠨ ᠦᠨᠳᠦᠰᠦᠨ ᠱᠠᠳᠤᠨ ᠤ ᠨᠢᠬᠡᠳᠦᠬᠡᠷ ᠹᠷᠤᠨᠲ ᠲᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠦ᠂ ᠠᠯᠢ ᠤᠯᠠᠨ ᠴᠢᠨᠠᠷ ᠰᠠᠶᠢᠳᠠᠢ ᠪᠠᠶᠢᠴᠠᠭᠠᠨ ᠰᠤᠳᠤᠯᠤᠯᠳᠠ ᠶᠢᠨ ᠦᠷ᠎ᠠ ᠪᠦᠳᠦᠬᠡᠯ ᠤᠳ ᠢ ᠪᠦᠷᠢᠯᠳᠦᠬᠦᠯᠵᠦ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠳᠦᠪ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠦ ᠪᠤᠳᠤᠯᠭ᠎ᠠ ᠳᠤᠬᠳᠠᠭᠠᠬᠤ᠂ ᠪᠦᠳᠦᠮᠵᠢᠳᠡᠢ ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ ᠳᠤ ᠴᠢᠬᠤᠯᠠ ᠯᠠᠪᠯᠠᠯᠳᠠ ᠬᠠᠩᠭᠠᠵᠠᠢ᠃ ᠨᠦᠬᠦᠳ ᠨᠠᠷ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠶᠠᠳᠠᠭᠤ ᠶᠢ ᠳᠡᠳᠬᠦᠬᠦ ᠵᠡᠷᠬᠡ ᠠᠵᠢᠯ ᠢ ᠯᠠᠪᠳᠠᠭᠤᠨ ᠪᠠᠳᠤᠳᠠᠢ ᠠᠬᠢᠭᠤᠯᠵᠦ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠳᠦᠪ ᠬᠤᠷᠢᠶᠠᠨ ᠤ ᠭᠤᠤᠯ ᠬᠠᠷᠢᠭᠤᠴᠠᠯᠭᠠᠳᠠᠨ ᠨᠦᠬᠦᠳ ᠪᠠᠶ᠎ᠠ ᠪᠠᠷ ᠢᠶᠠᠨ ᠠᠩᠬᠢ ᠳᠠᠭᠠᠭᠤᠯᠤᠨ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠢᠶᠠᠷ ᠬᠦᠨᠵᠡᠬᠡᠶᠢᠷᠡᠨ᠂ ᠳᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ᠂ ᠪᠡᠯᠡ ᠮᠦᠩᠬᠦᠨ ᠤ ᠬᠡᠷᠡᠭᠯᠡᠯᠳᠡ᠂ ᠶᠠᠳᠠᠭᠤ ᠶᠢ ᠳᠡᠳᠬᠦᠭᠰᠡᠨ ᠦᠷ᠎ᠠ ᠪᠦᠳᠦᠮᠵᠢ᠂ ᠤᠯᠠᠨ ᠳᠦᠮᠡᠨ ᠤ ᠮᠠᠳᠡᠷᠡᠮᠵᠢ᠂ ᠠᠵᠢᠯ ᠤᠨ ᠬᠡᠪ ᠰᠤᠷᠳᠠᠯ ᠵᠡᠷᠬᠡ ᠳᠠᠯ᠎ᠠ ᠪᠠᠷ ᠠᠷᠠᠳᠴᠢᠯᠡᠬᠰᠠᠨ ᠬᠢᠨᠡᠯᠳᠡ ᠳᠠᠯᠪᠢᠬᠤ ᠠᠵᠢᠯᠯᠠᠭ᠎ᠠ ᠶᠢ ᠦᠷᠨᠢᠬᠦᠯᠵᠡᠢ᠃ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠦᠷᠬᠡᠨ ᠤᠯᠠᠨ ᠠᠷᠠᠳ ᠤᠨ ᠡᠵᠡᠩᠨᠡᠯᠳᠡ ᠶᠢᠨ ᠠᠵᠦ ᠠᠬᠤᠢᠢᠯᠠᠯᠳᠠᠨ ᠢ ᠵᠤᠷᠢᠬᠵᠢᠭᠤᠯᠤᠨ ᠳᠡᠮᠵᠢᠬᠡᠳ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠳᠡᠢ ᠡᠬᠦᠷᠬᠡᠯᠡᠬᠦᠯᠵᠦ᠂ ᠶᠠᠳᠠᠭᠤ ᠶᠢ ᠳᠡᠳᠬᠦᠬᠦ ᠠᠵᠢᠯᠯᠠᠭ᠎ᠠ ᠪᠤᠯᠤᠨ ᠨᠡᠶᠢᠳᠡ ᠶᠢᠨ ᠠᠰᠠᠷᠠᠮᠵᠢ ᠨᠢᠬᠦᠯᠡᠰᠦᠩᠬᠦᠢ ᠶᠢᠨ ᠦᠢᠯᠡᠰ ᠲᠤ ᠢᠳᠡᠪᠬᠢᠳᠡᠢ ᠤᠷᠤᠯᠴᠠᠭᠤᠯᠵᠠᠢ ᠬᠡᠵᠦ ᠵᠢᠭᠠᠵᠦ ᠭᠠᠷᠭᠠᠪᠠ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠳᠦ ᠨᠠᠮ ᠤᠨ ᠳᠦᠪ ᠬᠤᠷᠢᠶᠠᠨ ᠤ ᠡᠮᠤᠨ᠎ᠠ ᠠᠴᠠ ᠤᠯᠠᠨ ᠳᠤ ᠴᠢᠩ ᠰᠡᠳᠬᠢᠯ ᠠᠴᠠ ᠪᠠᠨ ᠳᠠᠯᠠᠷᠬᠠᠵᠦ ᠪᠠᠶᠢᠬᠤ ᠪᠠᠨ ᠢᠯᠡᠳᠬᠡᠪᠡ᠃      ᠰᠢ ᠶᠢᠨ ᠫᠢᠩ᠂ ᠲᠦᠷᠦᠭᠦᠬᠡᠨ ᠬᠤᠷᠠᠯᠳᠤᠭᠤᠯᠤᠬᠰᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠬᠦᠳᠡ ᠬᠤᠷᠠᠯ ᠠᠴᠠ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠳᠤ ᠪᠤᠳᠠᠲᠤ ᠪᠠᠶᠢᠷᠢᠯᠠᠭᠤᠯᠤᠯᠲᠠ ᠬᠢᠪᠠ᠂ ᠡᠨᠡ ᠨᠢ ᠨᠢᠭᠡᠲᠦᠮᠡᠯ ᠹᠷᠤᠨᠲ ᠤᠨ ᠬᠢᠨ ᠨᠡᠩ ᠢᠯᠡᠭᠦᠦ ᠦᠷᠭᠡᠨ ᠳᠡᠯᠭᠡᠷ ᠢᠶᠠᠷ ᠬᠦᠮᠦᠨ ᠤ ᠰᠡᠳᠭᠢᠯ ᠢ ᠨᠢᠬᠲᠠᠷᠠᠭᠤᠯᠵᠤ᠂ ᠤᠶᠤᠨ ᠤᠬᠠᠭᠠᠨ ᠢ ᠨᠢᠬᠲᠠᠷᠠᠭᠤᠯᠵᠤ᠂ ᠬᠦᠴᠦᠨ ᠴᠢᠳᠠᠯ ᠢ ᠨᠢᠬᠲᠠᠷᠠᠭᠤᠯᠬᠤ ᠳᠤ ᠨᠡᠩ ᠦᠨᠳᠦᠷ ᠱᠠᠭᠠᠷᠳᠠᠯᠭ᠎ᠠ ᠳᠤᠷᠠᠳᠪᠠ᠃ ᠤᠯᠠᠨ ᠢᠶᠠᠷ ᠢᠶᠠᠨ ᠢᠲᠡᠭᠡᠯ ᠢᠶᠠᠨ ᠪᠠᠲᠤᠳᠬᠠᠨ᠂ ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠤᠳᠤᠬᠠᠨ ᠤ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠭᠡᠵᠤ᠂ ᠬᠦᠴᠢᠷ ᠪᠡᠷᠬᠡ ᠶᠢ ᠢᠯᠠᠨ ᠳᠠᠪᠠᠵᠤ᠂ ᠦᠷᠢᠰᠦᠯᠳᠦᠭᠡᠨ ᠢ ᠠᠷᠭᠠᠴᠠᠭᠠᠬᠤ ᠢᠲᠡᠭᠡᠯ ᠵᠤᠷᠢᠭ ᠪᠠ ᠡᠷᠴᠢ ᠬᠦᠴᠦ ᠪᠠᠨ ᠪᠠᠲᠤᠳᠬᠠᠵᠤ᠂ ᠢᠳᠡᠪᠬᠢᠲᠡᠢ ᠪᠠᠷ ᠦᠭᠡᠷᠡᠴᠢᠯᠡᠯᠲᠡ ᠳᠤ ᠠᠷᠭ᠎ᠠ ᠤᠬᠠᠭᠠᠨ ᠪᠠ ᠬᠦᠴᠦᠨ ᠴᠢᠲᠠᠯ ᠢᠶᠠᠨ ᠡᠷᠭᠦᠵᠤ᠂ ᠦᠭᠡᠷᠡᠴᠢᠯᠡᠯᠲᠡ ᠶᠢ ᠳᠡᠮᠵᠢᠵᠦ᠂ ᠦᠭᠡᠷᠡᠴᠢᠯᠡᠯᠲᠡ ᠳᠤ ᠤᠷᠤᠯᠴᠠᠵᠤ᠂ ᠮᠠᠨ ᠤ ᠤᠯᠤᠰ ᠤᠨ ᠠᠵᠤ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠳᠤ ᠰᠢᠨ᠎ᠠ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠲᠠ ᠤᠯᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠬᠦᠴᠦᠨ ᠡᠷᠭᠦᠵᠦ᠂ ᠪᠤᠳᠠᠲᠤ ᠪᠠᠶᠢᠳᠠᠯ ᠢ ᠤᠢᠢᠯᠠᠭᠠᠵᠤ᠂ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠤᠳᠤᠯᠭ᠎ᠠ ᠳᠡᠪᠰᠢᠭᠦᠯᠬᠦ ᠶᠢ ᠬᠦᠰᠡᠵᠦ ᠪᠠᠶᠢᠨ᠎ᠠ᠃ ᠲᠠ ᠤᠯᠠᠨ ᠤ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠰᠠᠶᠢᠨ ᠰᠠᠶᠢᠬᠠᠨ ᠤᠷᠴᠢᠨ ᠠᠬᠤᠢ ᠶᠢ ᠡᠭᠦᠳᠴᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠬᠠᠮᠤᠭ ᠤᠨ ᠶᠡᠭᠡ ᠬᠡᠮᠵᠢᠶ᠎ᠠ ᠪᠠᠷ ᠨᠢᠬᠲᠠᠷᠠᠭᠤᠯᠵᠤ᠂ ᠨᠠᠮ ᠪᠤᠯᠤᠨ ᠵᠠᠰᠠᠭ ᠤᠨ ᠤᠷᠳᠤᠨ ᠳᠤ ᠬᠠᠮᠵᠢᠯᠴᠠᠵᠤ ᠬᠠᠷᠢᠴᠠᠭ᠎ᠠ ᠶᠢ ᠵᠤᠬᠢᠴᠠᠭᠤᠯᠬᠤ᠂ ᠵᠦᠷᠢᠴᠡᠯ ᠢ ᠠᠷᠢᠯᠭᠠᠬᠤ ᠠᠵᠢᠯ ᠢ ᠰᠠᠶᠢᠲᠤᠷ ᠬᠢᠵᠦ᠂ ᠦᠭᠡᠷᠡᠴᠢᠯᠡᠯᠲᠡ ᠶᠢ ᠭᠦᠨᠵᠭᠡᠶᠢᠷᠡᠭᠦᠯᠬᠦ ᠳᠤ ᠬᠠᠷᠰᠢᠯᠠᠯ ᠢ ᠪᠠᠭᠠᠰᠬᠠᠵᠤ᠂ ᠲᠤᠰᠠᠯᠠᠬᠤ ᠬᠦᠴᠦᠨ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃     ᠳ᠋ᠢᠩ ᠰᠢᠤᠸᠠᠢ ᠰᠢᠶᠠᠩ᠂ ᠯᠢᠦ ᠾᠧ᠂ ᠬᠤ᠋ ᠴᠦᠨ ᠬᠤᠸᠠ᠂ ᠶᠸᠦ ᠴᠢᠤᠸᠠᠨ᠂ ᠸᠠᠩ ᠶᠦᠩ᠂ ᠰᠢᠶᠤᠤ ᠵᠢᠶᠧ᠂ ᠾᠧ ᠯᠢ ᠹᠧᠩ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠤᠷᠤᠯᠴᠠᠪᠠ᠃     ᠶᠠᠷᠢᠯᠴᠠᠬᠤ ᠬᠤᠷᠠᠯ ᠳᠤ ᠤᠷᠤᠯᠴᠠᠬᠰᠠᠨ ᠨᠠᠮ ᠤᠨ ᠭᠠᠳᠠᠨᠠᠬᠢ ᠬᠦᠮᠦᠰ ᠲᠤ ᠪᠠᠰᠠ ᠴᠧᠨ ᠰᠢᠶᠤᠤ ᠭᠤᠸᠠᠩ᠂ ᠵᠧᠩ ᠵᠢᠶᠠᠨ ᠪᠠᠩ᠂ ᠭᠦ᠋ ᠱᠧᠩ ᠽᠦ᠂ ᠱᠤᠤ ᠬᠤᠩ ᠪᠤᠯᠤᠨ ᠵᠢᠶᠠᠩ ᠽᠦᠸᠧ ᠵᠢᠶᠦ᠋ᠨ᠂ ᠯᠢ ᠶᠤᠸᠠᠢ ᠹᠧᠩ᠂ ᠵᠠᠩ ᠪᠦᠸᠧ ᠵᠢᠶᠦ᠋ᠨ᠂ ᠵᠠᠩ ᠳ᠋ᠤᠤ ᠬᠤᠩ᠂ ᠯᠢ ᠱᠢ ᠵᠢᠶᠧ᠂ ᠵᠦ ᠶᠦᠩ ᠰᠢᠨ᠂ ᠶᠠᠩ ᠵᠧᠨ᠂ ᠼᠤᠤ ᠬᠤᠩ ᠮᠢᠩ᠂ ᠯᠠᠢ ᠮᠢᠩ᠂ ᠬᠤᠸᠠᠩ ᠷᠦᠩ᠂ ᠱᠦ ᠬᠤᠩ ᠪᠢᠩ ᠨᠠᠷ ᠪᠤᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号