ᠡᠭᠡ ᠤᠷᠤᠨᠴᠢ ᠬᠦᠮᠦᠵᠢᠯ ᠤᠨ ᠰᠠᠭᠤᠷᠢᠨ
ᠨᠡᠶᠢᠲᠡᠯᠡᠭᠰᠡᠨ ᠴᠠᠭ᠄
2019-12-09
      11 ᠰᠠᠷ᠎ᠠ ᠶᠢᠨ 28 ᠤ ᠦᠳᠡ ᠶᠢᠨ ᠬᠤᠶᠢᠨ᠎ᠠ᠂ ᠮᠠᠨ ᠤ ᠰᠤᠷᠪᠤᠯᠵᠢᠯᠠᠬᠤ ᠲᠤᠭᠤᠢᠢᠯᠠᠩ ᠤᠨ ᠬᠢᠨ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠳᠤ ᠪᠠᠶᠢᠭ᠎ᠠ ︽ᠰᠢᠨᠠᠯᠠᠮ᠎ᠠ ᠶᠢᠨ ᠬᠤᠪᠢᠰᠬᠠᠯ ᠤᠨ ᠲᠡᠦᠭᠡ ᠰᠤᠶᠤᠯ ᠤᠨ ᠲᠤᠷᠠᠰᠬᠠᠯ ᠤᠨ ᠬᠦᠷᠢᠶᠠᠯᠠᠩ︾ ᠳᠤ ᠬᠦᠷᠴᠤ᠂ ᠦᠨᠳᠦᠰᠦᠳᠡᠨ ᠤ ᠠᠷᠠᠳᠴᠢᠯᠠᠭᠰᠠᠨ ᠬᠤᠪᠢᠰᠬᠠᠯᠴᠢ ᠰᠢᠨᠠᠯᠠᠮ᠎ᠠ ᠶᠢᠨ ᠠᠮᠢᠳᠤ ᠰᠠᠷᠡᠭᠦᠨ ᠪᠠᠶᠢᠬᠤ ᠳᠠᠭᠠᠨ ᠡᠳ᠋ᠯᠠᠵᠦ ᠬᠡᠷᠡᠭᠯᠡᠵᠦ ᠪᠠᠶᠢᠭᠰᠠᠨ ᠲᠤᠷᠠᠰᠬᠠᠯᠳᠤ ᠵᠦᠢᠯᠡᠰ ᠢ ᠦᠵᠡᠵᠦ᠂ ᠲᠣᠬᠠᠢ ᠶᠢᠨ ᠦᠶ᠎ᠡ ᠶᠢᠨ ᠲᠡᠥᠬᠡ ᠶᠢᠨ ᠤᠯᠠ ᠮᠦᠷ ᠢ ᠤᠢᠢᠯᠠᠭᠠᠭᠰᠠᠨ ᠶᠤᠮ᠃         ︽ᠰᠢᠨᠠᠯᠠᠮ᠎ᠠ ᠬᠢᠭᠡᠳ ᠲᠡᠭᠦᠨ ᠤ ᠤᠳᠤᠷᠢᠳᠤᠭᠰᠠᠨ ᠲᠤᠭᠤᠢᠢᠯᠠᠩ ᠤᠨ ᠬᠦᠳᠡᠯᠭᠡᠭᠡᠨ ᠤ ᠲᠡᠯᠭᠡᠨ ᠦᠵᠡᠬᠦᠯᠭᠡ ᠶᠢᠨ ᠲᠢᠩᠭᠢᠮ︾᠂ ︽ᠲᠤᠭᠤᠢᠢᠯᠠᠩ ᠤᠨ ᠬᠦᠳᠡᠯᠭᠡᠭᠡᠨ ᠤ ᠬᠠᠭᠤᠴᠢ ᠪᠠᠭᠤᠷᠢ︾᠂ ︽ᠰᠢᠨᠠᠯᠠᠮ᠎ᠠ ᠶᠢᠨ ᠲᠤᠷᠠᠰᠬᠠᠯ ᠤᠨ ᠤᠷᠳᠤᠨ︾ ᠪᠤᠯᠤᠨ ᠰᠢᠨᠠᠯᠠᠮ᠎ᠠ ᠶᠢ ᠲᠠᠮᠤᠯᠠᠨ ᠡᠷᠡᠭᠦᠳᠡᠵᠦ ᠪᠠᠶᠢᠬᠰᠠᠨ ᠦᠨᠳᠦᠷ ᠬᠠᠶᠢᠯᠠᠰᠤ ᠵᠡᠷᠭᠡ ᠪᠠᠷ ᠪᠦᠷᠢᠯᠳᠦᠭᠰᠡᠨ ᠡᠨᠡ ᠬᠦ ᠬᠦᠷᠢᠶᠡᠯᠡᠩ ᠢᠶᠠᠷ ᠲᠤᠭᠤᠷᠢᠬᠤ ᠳᠠᠭᠠᠨ ᠰᠢᠨᠠᠯᠠᠮ᠎ᠠ ᠶᠢᠨ ᠦᠢᠯᠡ ᠠᠵᠢᠯᠯᠠᠭ᠎ᠠ ᠳᠤ ᠨᠡᠩ ᠬᠦᠨᠵᠡᠬᠡᠢ ᠤᠢᠢᠯᠠᠭᠠᠯᠳᠠ ᠲᠠᠢ ᠪᠤᠯᠵᠤ᠂ ᠵᠤᠷᠢᠭ ᠰᠠᠨᠠᠭ᠎ᠠ ᠶᠢ ᠨᠢ ᠪᠢᠰᠢᠷᠠᠨ ᠲᠠᠭᠠᠳᠬᠠᠵᠤ ᠶᠠᠪᠤᠯ᠎ᠠ᠃ ︽ᠲᠤᠰ ᠬᠦᠷᠢᠶᠠᠯᠡᠩ ᠨᠢ 2016 ᠤᠨ ᠳᠤ ᠤᠷᠤᠨ ᠤ ᠲᠠᠰ ᠤᠨ ᠡᠭᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠪᠤᠯᠤᠭᠰᠠᠨ ᠶᠤᠮ᠃ ᠡᠭᠦᠨ ᠳᠤ ︿ᠲᠤᠭᠤᠢᠢᠯᠠᠩ ᠤᠨ ᠬᠦᠳᠡᠯᠭᠡᠭᠡᠨ ᠤ ᠬᠠᠭᠤᠴᠢ ᠪᠠᠭᠤᠷᠢ﹀ ᠨᠢ 2006 ᠤᠨ ᠳᠤ ︿ᠪᠦᠬᠦ ᠤᠯᠤᠰ ᠤᠨ ᠭᠤᠤᠯᠳᠠᠯᠭ᠎ᠠ ᠲᠠᠢ ᠲᠡᠦᠭᠡᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠨᠢᠭᠡᠴᠢ﹀ ᠳᠤ ᠤᠷᠤᠭᠰᠠᠨ᠃ ᠡᠨᠡ ᠵᠢᠯ ᠤᠨ ᠡᠬᠢᠨ ᠠᠴᠠ ᠨᠠᠭᠠᠰᠢ ᠤᠳᠤᠬᠠᠨ ᠪᠤᠯᠳᠠᠯ᠎ᠠ᠂ ᠮᠠᠨ ᠤ ᠬᠦᠷᠢᠶᠠᠯᠠᠩ ᠢᠶᠠᠷ ᠲᠤᠭᠤᠷᠢᠨ ᠦᠵᠡᠭᠰᠡᠨ ᠬᠦᠮᠦᠨ ᠤ ᠲᠤᠭ᠎ᠠ ᠲᠦᠮᠠ ᠰᠢᠬᠠᠯ᠎ᠠ︾ ᠬᠡᠵᠦ ᠬᠦᠷᠢᠶᠠᠯᠠᠩ ᠤᠨ ᠬᠠᠷᠢᠭᠤᠴᠠᠯᠭᠠᠳᠠᠨ ᠡᠷᠳᠡᠨᠢ ᠰᠤᠷᠪᠤᠯᠵᠢᠯᠠᠭᠴᠢ ᠳᠤ ᠶᠠᠷᠢᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号