ᠦᠦᠰᠢᠨᠵᠣᠣ ᠪᠠᠯᠭᠠᠰᠤᠨ ᠤ ᠵᠦᠩᠨᠠᠢ ᠲᠣᠰᠬᠤᠨ ᠤ 2000 ᠮᠦ ᠶᠢᠨ ᠬᠤᠨᠴᠢᠷ ᠡᠯᠪᠡᠭ ᠬᠤᠷᠢᠶᠠᠯᠲᠠ ᠣᠯᠣᠯ᠎ᠠ
ᠨᠡᠶᠢᠲᠡᠯᠡᠭᠰᠡᠨ ᠴᠠᠭ᠄
2019-12-09
     ᠦᠦᠰᠢᠨᠵᠣᠣ ᠪᠠᠯᠭᠠᠰᠤᠨ ᠤ ᠵᠦᠩᠨᠠᠢ ᠲᠣᠰᠬᠤᠨ ᠲᠣᠰ ᠭᠠᠵᠠᠷ ᠤᠨ ᠠᠭᠤᠷ ᠠᠮᠢᠰᠬᠤᠯ ᠤᠨ ᠤᠨᠴᠠᠯᠢᠭ ᠪᠣᠯᠤᠨ ᠤᠰᠤ ᠰᠢᠷᠣᠶ ᠭᠡᠷᠡᠯ ᠢᠯᠴᠢ ᠶᠢᠨ ᠡᠬᠢ ᠪᠠᠶᠠᠯᠢᠭ ᠲᠤ ᠲᠦᠰᠢᠭᠯᠡᠨ ᠠᠵᠤ ᠠᠬᠤᠶᠢᠯᠠᠯ ᠢ ᠤᠷᠢᠨ ᠣᠷᠣᠭᠤᠯᠵᠤ 2000 ᠮᠦ ᠬᠤᠨᠴᠢᠷ ᠲᠠᠷᠢᠭᠠᠳ ᠮᠦ ᠪᠦᠷᠢ ᠶᠢᠨ ᠤᠨᠠᠯᠲᠠ ᠨᠢ 600 ᠺᠢᠯᠣᠭ᠍ᠷᠠᠮ ᠳᠤ ᠬᠦᠷᠴᠦ ᠡᠯᠪᠡᠭ ᠬᠤᠷᠢᠶᠠᠯᠲᠠ ᠣᠯᠣᠯ᠎ᠠ᠃      ᠡᠨᠡ ᠬᠡᠳᠦᠨ ᠡᠳᠦᠷ ᠥᠥᠰᠢᠨᠵᠤᠤ ᠪᠠᠯᠭᠠᠰᠤᠨ ᠤ ᠵᠦᠩᠨᠠᠢ ᠲᠣᠰᠬᠤᠨ ᠳᠤ ᠰᠠᠭᠤᠷᠢᠰᠢᠭ᠎ᠠ ᠣᠷᠳᠣᠰ ᠬᠤᠲᠠ  ᠶᠢᠨ ᠮᠥᠸᠧ ᠬᠠᠢ ᠬᠢᠲᠠᠳ ᠡᠪᠡᠰᠦᠨ ᠡᠮ ᠲᠠᠷᠢᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠠᠷᠢᠭᠰᠠᠨ 2000 ᠮᠦ ᠬᠢᠲᠠᠳ ᠡᠮ ᠤᠨ ᠮᠠᠲ᠋ᠧᠷᠢᠶᠠᠯ ᠪᠣᠯᠬᠤ ᠬᠤᠨᠴᠢᠷ ᠤᠨ ᠬᠤᠷᠢᠶᠠᠯᠲᠠ ᠨᠢ ᠰᠢᠪᠲᠤᠷᠭᠠᠨ ᠳᠠᠭᠠᠨ ᠣᠷᠣᠵᠤ 10 ᠲᠣᠨ ᠰᠢᠬᠠᠮ ᠬᠤᠨᠴᠢᠷ ᠢ ᠨᠢᠭᠡ ᠯᠠ ᠦᠳᠡ ᠶᠢᠨ ᠡᠮᠦᠨ᠎ᠡ ᠶᠢᠨ ᠴᠠᠭ ᠲᠤ ᠲᠡᠷᠭᠡᠨ ᠳᠤ ᠠᠴᠢᠬᠤ ᠶᠢ ᠪᠠᠶᠠᠯᠠᠭᠦᠯᠭᠦ ᠪᠠᠷ ᠠᠵᠢᠯᠴᠢᠳ ᠶᠠᠭᠠᠷᠠᠯᠲᠠᠢ ᠮᠥᠷᠲᠡᠭᠡᠨ ᠡᠷᠴᠢᠮᠲᠡᠢ ᠠᠵᠢᠯᠯᠠᠵᠤ ᠪᠠᠶᠢᠯ᠎ᠠ᠃ ᠲᠡᠷᠭᠡᠨ ᠳᠤ ᠠᠴᠢᠭᠰᠠᠨ ᠡᠳᠡᠭᠡᠷ ᠬᠤᠨᠴᠢᠷ ᠨᠢ ᠺᠣᠮᠫᠠᠨᠢ ᠶᠢᠨ ᠬᠥᠮᠥᠷᠭᠡ ᠳᠤ ᠬᠦᠷᠭᠡᠭᠳᠡᠨ ᠬᠡᠷᠴᠢᠯᠲᠡ ᠶᠢᠨ ᠱᠠᠲᠤᠨ ᠳᠤ ᠣᠷᠣᠬᠤ ᠪᠣᠯᠣᠨ᠎ᠠ᠃      ᠣᠶᠢᠯᠠᠭᠠᠭᠰᠠᠨ ᠢᠶᠠᠷ᠂ ᠬᠤᠨᠴᠢᠷ ᠤᠨ ᠬᠠᠮᠤᠭ ᠤᠨ ᠭᠤᠤᠯ ᠪᠣᠯᠬᠤ ᠦᠢᠯᠡᠳᠦᠯ ᠨᠢ ᠳᠠᠷᠤᠶ ᠲᠠᠮᠢᠷ ᠨᠥᠬᠦᠬᠦ ᠪᠣᠯᠤᠨ᠎ᠠ᠂ ᠬᠤᠨᠴᠢᠷ ᠢ ᠬᠡᠷᠡᠭᠯᠡᠭᠰᠡᠨ ᠤ ᠳᠠᠷᠠᠭ᠎ᠠ ᠲᠠᠮᠢᠷ ᠮᠠᠭᠤᠳᠠᠬᠤ ᠶᠢ ᠵᠠᠰᠠᠵᠤ ᠳᠡᠶᠢᠯᠬᠦ ᠪᠠᠷ ᠪᠠᠷᠠᠬᠤ ᠥᠬᠡᠶ ᠪᠠᠰᠠ ᠬᠢᠮᠤᠷᠠᠭ᠎ᠠ ᠶᠢ ᠰᠡᠷᠭᠡᠶᠢᠯᠡᠬᠦ ᠵᠢᠴᠢ ᠬᠠᠴᠠᠷ ᠢ ᠰᠢᠮᠡᠵᠢᠭᠦᠯᠬᠦ ᠵᠡᠷᠭᠡ ᠦᠢᠯᠡᠳᠦᠯ ᠲᠠᠢ ᠪᠠᠶᠢᠵᠤ ᠣᠯᠠᠨ ᠤ ᠬᠦᠷᠢᠶᠡᠯᠡᠯ ᠢ ᠣᠯᠣᠭᠰᠠᠨ ᠲᠡᠵᠢᠭᠡᠯᠲᠦ ᠡᠮ ᠤᠨ ᠮᠠᠲ᠋ᠧᠷᠢᠶᠠᠯ ᠪᠣᠯᠵᠤ ᠥᠷᠭᠡᠨ ᠠᠭᠤᠳᠠᠮ ᠵᠠᠬ᠎ᠠ ᠳᠡᠯᠭᠡᠭᠦᠷ ᠤᠨ ᠢᠷᠡᠭᠡᠳᠦᠶ ᠲᠠᠢ ᠪᠠᠶᠢᠳᠠᠭ᠃      ᠵᠦᠩᠨᠠᠢ ᠲᠣᠰᠬᠤᠨ ᠤ ᠡᠯᠡᠰᠦᠷᠬᠡᠭ ᠭᠠᠵᠠᠷ ᠤᠨ ᠬᠥᠷᠥᠰᠥ ᠰᠢᠷᠣᠶ ᠶᠢᠨ ᠡᠬᠢ ᠪᠠᠶᠠᠯᠢᠭ ᠡᠯᠪᠡᠭ ᠪᠠᠶᠠᠯᠢᠭ ᠪᠥᠭᠡᠳ ᠨᠡᠷᠡᠨ ᠤ ᠲᠤᠰᠤᠯᠲᠠ ᠲᠣᠬᠢᠷᠠᠮᠵᠢᠲᠠᠶ᠂ ᠡᠯᠡᠰᠦᠷᠬᠡᠭ ᠬᠥᠷᠥᠰᠥᠨ ᠳᠤ ᠵᠣᠬᠢᠴᠠᠬᠤ ᠬᠢᠲᠠᠳ ᠡᠪᠡᠰᠦᠨ ᠡᠮ ᠲᠠᠷᠢᠬᠤ ᠳᠤ ᠲᠣᠬᠢᠷᠠᠮᠵᠢᠲᠠᠶ᠃ ᠨᠢᠳᠤᠨᠤᠨ ᠤ ᠳᠣᠤᠷ᠎ᠠ ᠬᠠᠭᠠᠰ ᠵᠢᠯ ᠳᠤ ᠵᠦᠩᠨᠠᠢ ᠲᠣᠰᠬᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ  ᠠᠵᠤ ᠠᠬᠤᠶᠢᠯᠠᠯ ᠢ ᠤᠷᠢᠨ ᠠᠪᠴᠢᠷᠠᠵᠤ 2000 ᠮᠦ ᠬᠤᠨᠴᠢᠷ ᠲᠠᠷᠢᠵᠠᠢ᠃ ᠣᠷᠳᠣᠰ ᠬᠤᠲᠠ ᠶᠢᠨ ᠮᠥᠸᠧ ᠬᠠᠢ ᠬᠢᠲᠠᠳ ᠡᠪᠡᠰᠦᠨ ᠡᠮ ᠲᠠᠷᠢᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠲᠠᠨ ᠹᠧᠩ ᠪᠥᠸᠧ ᠤᠨ ᠬᠡᠯᠡᠭᠰᠡᠨ ᠢᠶᠠᠷ᠂ ᠡᠨᠡ ᠵᠢᠯ ᠤᠨ ᠬᠤᠨᠴᠢᠷ ᠤᠨ ᠤᠷᠭᠤᠴᠠ ᠰᠠᠶᠢᠨ᠂ ᠮᠦ ᠪᠦᠷᠢ ᠶᠢᠨ ᠤᠨᠠᠯᠲᠠ 600 ᠺᠢᠯᠣᠭ᠍ᠷᠠᠮ ᠣᠷᠴᠢᠮ᠂ ᠺᠢᠯᠣᠭ᠍ᠷᠠᠮ ᠪᠦᠷᠢ ᠶᠢᠨ ᠵᠠᠬ᠎ᠠ ᠳᠡᠯᠭᠡᠭᠦᠷ ᠤᠨ ᠦᠨ᠎ᠡ ᠨᠢ ᠬᠠᠮᠤᠭ ᠪᠠᠭ᠎ᠠ  ᠳᠠᠭᠠᠨ 7 — 8 ᠲᠥᠭᠦᠷᠢᠭ ᠣᠷᠴᠢᠮ  ᠂ ᠮᠦ ᠪᠦᠷᠢ ᠶᠢᠨ ᠳᠤᠮᠳᠠᠴᠢ ᠣᠷᠣᠯᠭ᠎ᠠ ᠨᠢ 4000 ᠲᠥᠭᠦᠷᠢᠭ ᠣᠷᠴᠢᠮ ᠪᠠᠶᠢᠵᠤ᠂ ᠠᠵᠤ ᠠᠬᠤᠢ ᠶᠢᠨ ᠦᠷ᠎ᠡ ᠠᠰᠢᠭ ᠨᠢ ᠡᠷᠳᠡᠨᠢ ᠰᠢᠰᠢ ᠵᠡᠷᠭᠡ ᠤᠯᠠᠮᠵᠢᠯᠠᠯᠲᠤ ᠲᠠᠷᠢᠮᠠᠯ ᠠᠴᠠ ᠢᠯᠡᠳᠲᠡ ᠥᠨᠳᠥᠷ ᠪᠠᠶᠢᠨ᠎ᠠ ᠭᠡᠵᠦ ᠪᠠᠶᠢᠯ᠎ᠠ᠃      ᠦᠦᠰᠢᠨᠵᠣᠣ ᠪᠠᠯᠭᠠᠰᠤᠨ ᠤ ᠵᠦᠩᠨᠠᠢ ᠲᠣᠰᠬᠤᠨ ᠤ ᠨᠠᠮ ᠤᠨ ᠡᠭᠦᠷ ᠤᠨ ᠱᠦᠵᠢ ᠴᠢᠶᠣᠤ ᠶᠢᠨ ᠬᠦᠶ᠄ ︽ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠠᠪᠤᠴᠠ ᠳᠤ ᠪᠢᠳᠡ ᠭᠠᠵᠠᠷ ᠰᠢᠷᠣᠶ ᠶᠢᠨ ᠬᠠᠮᠠᠭᠠᠯᠠᠯᠲᠠ ᠶᠢ ᠴᠢᠬᠤᠯᠠᠴᠢᠯᠠᠵᠤ ᠴᠢᠳᠠᠬᠤ ᠶᠢᠨ ᠳᠣᠲᠣᠷ᠎ᠠ ᠲᠠᠷᠢᠶᠠᠨ ᠡᠮ ᠣᠷᠣᠭᠤᠯᠬᠤ ᠦᠭᠡᠢ᠂ ᠬᠢᠮᠢ ᠶᠢᠨ ᠪᠣᠷᠳᠣᠭᠤᠷ ᠣᠷᠣᠭᠤᠯᠬᠤ ᠦᠭᠡᠢ᠂ ᠡᠨᠡ ᠬᠦ ᠭᠠᠵᠠᠷ ᠰᠢᠷᠣᠶ ᠶᠢᠨ ᠬᠦᠨᠳᠦ ᠲᠡᠮᠦᠷᠯᠢᠭ ᠤᠨ ᠠᠭᠤᠯᠤᠭᠳᠠᠴᠠ ᠶᠢ ᠪᠠᠭᠠᠰᠬᠠᠵᠠᠶ᠂ ᠪᠢᠳᠡ 2016 ᠣᠨ ᠠᠴᠠ ᠡᠬᠢᠯᠡᠨ ᠤᠯᠠᠭᠠᠨ ᠰᠣᠩᠭᠢᠨ᠎ᠠ ᠲᠠᠷᠢᠵᠠᠢ᠂ ᠰᠡᠭᠦᠯᠡᠷ  ᠨᠢ ᠵᠠᠯᠭᠠᠭᠠᠳ ᠲᠠᠷᠢᠮᠠᠯ ᠢᠶᠠᠨ ᠰᠣᠯᠢᠬᠤ ᠦᠶ᠎ᠡ ᠳᠤ ᠠᠮᠤ ᠪᠣᠯᠤᠨ ᠨᠡᠷᠡᠨ ᠬᠤᠸᠠᠷ᠂ ᠬᠢᠲᠠᠳ ᠡᠮ ᠤᠨ ᠮᠠᠲ᠋ᠧᠷᠢᠶᠠᠯ ᠲᠠᠷᠢᠵᠠᠢ᠃ ᠡᠳᠡᠭᠡᠷ ᠨᠢ ᠴᠥᠮ ᠤᠰᠤ ᠪᠣᠷᠳᠣᠭᠤᠷ ᠤᠨ ᠨᠥᠬᠦᠴᠡᠯ ᠳᠤ ᠱᠠᠭᠠᠷᠳᠠᠯᠭ᠎ᠠ ᠦᠨᠳᠦᠷ ᠦᠭᠡᠢ ᠮᠥᠷᠲᠡᠭᠡᠨ ᠲᠠᠷᠢᠶᠠᠨ ᠡᠮ ᠬᠡᠷᠡᠭᠰᠡᠬᠦ ᠦᠭᠡᠢ ᠶᠤᠮ᠂ ᠡᠶᠢᠮᠦ ᠠᠴᠠ ᠣᠳᠣᠬᠠᠨ ᠳᠤ ᠮᠠᠨ ᠤ ᠡᠨᠡ ᠬᠦ ᠠᠮᠤ ᠪᠣᠯᠤᠨ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠢ ᠨᠢᠭᠡᠨᠲᠡ ᠪᠦᠬᠦ ᠲᠠᠷᠢᠮᠠᠯ ᠤᠨ ᠭᠠᠵᠠᠷ ᠤᠨ 50 % ᠠᠴᠠ ᠳᠡᠭᠡᠭᠰᠢᠬᠢ ᠶᠢ ᠡᠵᠡᠯᠡᠵᠦ ᠦᠨᠡᠨ ᠬᠦ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠭᠰᠡᠨ ᠪᠠᠶᠢᠨ᠎ᠠ︾ ᠭᠡᠵᠤ ᠶᠠᠷᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号