ᠪᠠᠶᠠᠨᠲᠣᠯᠤᠭᠠᠢ ᠭᠠᠴᠠᠭ᠎ᠠ ᠬᠠᠮᠳᠤ ᠶᠢᠨ ᠠᠵᠤ ᠠᠬᠤᠢ ᠶᠢ ᠬᠥᠭᠵᠢᠭᠦᠯᠤᠨ ᠶᠠᠳᠠᠭᠤ ᠬᠦᠴᠢᠷᠳᠡᠯᠳᠡᠢ ᠮᠠᠯᠴᠢᠳ  ᠤᠨ ᠤᠷᠤᠯᠭ᠎ᠠ ᠶᠢ ᠨᠡᠮᠡᠭᠳᠡᠭᠦᠯᠵᠣ ᠪᠠᠶᠢᠨ᠎ᠠ
ᠨᠡᠶᠢᠲᠡᠯᠡᠭᠰᠡᠨ ᠴᠠᠭ᠄
2019-12-09
     ᠦᠤᠰᠢᠨᠵᠦᠦ ᠪᠠᠯᠭᠠᠰᠤᠨ ᠤ ᠪᠠᠶᠠᠨᠲᠣᠯᠤᠭᠠᠢ ᠭᠠᠴᠠᠭ᠎ᠠ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠭᠳᠤ ᠠᠵᠤ ᠥᠢᠯᠡᠰ ᠢ ᠬᠥᠭᠵᠢᠭᠦᠯᠤᠨ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠪᠤᠳᠠᠳᠤ ᠬᠥᠴᠤᠨ ᠢ ᠪᠤᠵᠠᠭᠠᠶᠢᠷᠠᠭᠤᠯᠤᠨ ᠬᠦᠭᠵᠢᠬᠦᠯᠵᠣ ᠶᠠᠳᠠᠭᠤ ᠬᠥᠴᠢᠷᠳᠠᠯᠳᠠᠢ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠬᠠᠶᠢᠨ ᠰᠥᠪᠡᠭᠴᠢᠯᠡᠵᠦ ᠪᠠᠶᠢᠨ᠎ᠠ᠃      ᠡᠨ᠋ᠨ ᠵᠢᠯ ᠠᠴᠠ ᠨᠠᠰᠢ ᠪᠠᠶᠠᠨᠳᠣᠯᠣᠭᠠᠢ ᠭᠠᠴᠠᠭ᠎ᠠ ᠨᠢ ᠣᠷᠣᠨ ᠨᠣᠳᠤᠭ ᠤᠨ ᠳᠠᠪᠠᠭᠤᠯᠢᠭ ᠲᠠᠯ᠎ᠠ ᠪᠠᠨ ᠳᠣᠬᠢᠳᠡᠢ ᠠᠰᠢᠭᠯᠠᠬᠤ ᠪᠠᠷ ᠳᠠᠮᠵᠢᠨ ᠬᠠᠮᠳᠤ ᠶᠢᠨ ᠠᠵᠤ ᠠᠬᠤᠢ ᠶᠢ ᠬᠦᠭᠵᠢᠬᠦᠯᠣᠨ ᠭᠠᠴᠠᠭᠠᠨ ᠤ ᠤᠷᠤᠯᠭ᠎ᠠ ᠶᠢ ᠨᠡᠮᠡᠭᠳᠡᠬᠦᠯᠵᠣ ᠮᠠᠯᠴᠢᠳ ᠢᠶᠠᠨ ᠳᠠᠶᠢᠴᠢᠯᠠᠨ ᠬᠠᠮᠳᠤᠪᠡᠷ ᠴᠢᠨᠡᠬᠡᠯᠢᠭᠵᠢᠭᠦ ᠭᠤᠤᠯᠳᠠᠯᠭ᠎ᠠ ᠲᠠᠢ ᠳᠦᠯᠣᠪᠵᠢᠬᠦᠯᠬᠡ ᠶᠢ ᠳᠣᠭᠳᠠᠭᠠᠯ᠎ᠠ᠃ ᠲᠦᠮᠡ ᠭᠠᠷᠣᠢ ᠮᠣ᠋ ᠶᠢᠨ ᠭᠠᠴᠠᠭᠠᠨ ᠤ ᠬᠠᠮᠳᠣ ᠶᠢᠨ ᠪᠡᠯᠴᠢᠭᠡᠷ ᠢ ᠵᠣᠬᠢᠰᠳᠡᠢ ᠠᠰᠢᠭᠯᠠᠬᠤ ᠶᠢᠨ ᠳᠦᠯᠣᠬᠡ ᠣᠯᠠᠭᠠᠨᠴᠡᠪ ᠬᠤᠳᠠ ᠶᠢᠨ ᠵᠢᠨᠢᠩ ᠳᠣᠭᠤᠷᠢᠭ ᠠᠴᠠ 25 ᠰᠢᠮᠧᠨ᠋ᠳᠡᠷ ᠡᠭᠦᠯᠳᠡᠷ ᠤᠨ ᠥᠬᠡᠷ ᠣᠷᠣᠭᠤᠯᠣᠨ ᠠᠪᠴᠢᠷᠠᠵᠣ ᠤᠤᠯ ᠤᠨ ᠳᠠᠩ ᠴᠤᠯᠭᠤᠢ ᠪᠡᠯᠴᠢᠭᠡᠷᠯᠡᠭᠦᠯᠦᠨ ᠮᠠᠯᠵᠢᠬᠤ ᠠᠷᠭ᠎ᠠ ᠪᠠᠨ ᠦᠬᠡᠷᠡᠴᠢᠯᠡᠨ ᠬᠠᠰᠢᠶᠠᠯᠠᠨ ᠳᠠᠵᠢᠬᠡᠬᠦ ᠪᠣᠯᠣᠨ ᠪᠡᠯᠴᠢᠭᠡᠷᠯᠡᠭᠦᠯᠦᠨ ᠮᠠᠯᠵᠢᠬᠤ ᠶᠢ ᠣᠷᠭᠠᠨᠢᠭ ᠣᠶᠠᠯᠳᠣᠭᠤᠯᠬᠤ ᠶᠢᠨ ᠬᠠᠮᠳᠣ ᠦᠬᠡᠷ ᠤᠨ ᠰᠦᠷᠣᠭ᠌  ᠤᠨ ᠡᠭᠦᠯᠳᠡᠷ ᠢ ᠰᠠᠶᠢᠵᠢᠷᠠᠭᠤᠯᠵᠣ ᠦᠬᠡᠷ ᠲᠡᠵᠢᠬᠡᠭᠦ᠂ ᠡᠪᠡᠰᠤ ᠪᠤᠷᠳᠤᠭ᠎ᠠ ᠶᠢᠨ ᠰᠠᠭᠤᠷᠢᠨ ᠭᠠᠵᠠᠷ ᠢ ᠬᠠᠮᠲᠤᠳᠬᠠᠭᠰᠠᠨ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠴᠣᠭᠴᠠ ᠶᠢ ᠪᠦᠷᠢᠯᠳᠣᠬᠦᠯᠣᠭ᠍ᠰᠠᠨ ᠪᠠᠶᠢᠨ᠎ᠠ᠃        ᠪᠠᠶᠠᠨᠳᠣᠯᠣᠭᠠᠢ ᠭᠠᠴᠠᠭ᠎ᠠ ᠨᠢ ᠪᠠᠰᠠ ᠠᠯᠠᠰᠢᠨ ᠦᠬᠡᠷ ᠳᠠᠵᠢᠬᠡᠬᠦ ᠳᠣᠰᠬᠠᠢ ᠬᠤᠷᠰᠢᠶᠠᠵᠢᠯ ᠢ ᠪᠠᠶᠢᠭᠤᠯᠣᠨ ᠭᠠᠴᠠᠭᠠᠨ ᠤ ᠬᠠᠮᠳᠣ ᠶᠢᠨ ᠦᠬᠡᠷ ᠤᠨ ᠰᠦᠷᠣᠭ᠌ ᠢ ᠳᠠᠭᠠᠭᠠᠴᠢᠯᠠᠭᠤᠯᠵᠣ ᠭᠠᠴᠠᠭᠠᠨ ᠤ ᠨᠠᠮ ᠤᠨ ᠡᠬᠦᠷ ᠠᠴᠠ ᠡᠯ᠎ᠡ ᠲᠠᠯ᠎ᠠ ᠶᠢᠨ ᠣᠶᠢᠯᠡᠴᠢᠯᠡᠭᠡ ᠶᠢ ᠬᠠᠨᠭ᠍ᠭᠠᠵᠣ ᠬᠠᠮᠢᠶᠠᠷᠣᠨ ᠵᠢᠯᠤᠭᠤᠳᠴᠦ ᠪᠠᠶᠢᠨ᠎ᠠ᠃        ᠪᠠᠶᠠᠨᠲᠣᠯᠤᠭᠠᠢ ᠭᠠᠴᠠᠭᠠᠨ ᠤ ᠨᠠᠮ ᠤᠨ ᠡᠭᠦᠷ ᠤᠨ ᠱᠦᠵᠢ ᠰᠣᠣᠵᠢ᠄ ︽ᠪᠣᠳᠠᠲᠠᠢ ᠦᠷ᠎ᠡ ᠠᠰᠢᠭ ᠤᠨ ᠲᠠᠯ᠎ᠠ ᠪᠠᠷ ᠮᠠᠨ ᠤ ᠲᠤᠭᠤᠯᠯᠠᠬᠤ ᠨᠠᠰᠤᠨ ᠤ ᠦᠨᠢᠶᠡᠳ ᠳᠠᠷᠠᠭ᠎ᠠ ᠵᠢᠯ ᠤᠨ ᠲᠠᠪᠤᠨ ᠰᠠᠷ᠎ᠠ ᠠᠴᠠ ᠡᠬᠢᠯᠡᠭᠡᠳ ᠪᠦᠷ ᠲᠤᠭᠤᠯᠯᠠᠨ᠎ᠠ᠂  ᠦᠬᠢᠨ ᠲᠤᠭᠤᠯ ᠭᠠᠷᠪᠠᠯ ᠦᠷᠡᠵᠢᠭᠦᠯᠬᠦ᠂ ᠡᠷ᠎ᠡ ᠲᠤᠭᠤᠯ ᠭᠠᠷᠪᠠᠯ ᠡᠭᠦᠯᠳᠡᠷ ᠤᠨ ᠮᠠᠯ ᠢᠶᠠᠷ ᠮᠠᠨ ᠤ ᠭᠠᠴᠠᠭᠠᠨ ᠤ ᠬᠦᠴᠢᠷᠳᠡᠯᠲᠡᠢ ᠡᠷᠦᠬᠡ ᠳᠤ ᠦᠭᠴᠦ ᠪᠤᠢ᠃ ᠪᠢᠳᠠ ᠤᠷᠤᠯᠭ᠎ᠠ ᠶᠢ ᠨᠡᠩ ᠳᠡᠭᠡᠭᠰᠢᠯᠡᠭᠦᠯᠬᠦ ᠶᠢᠨ ᠲᠦᠯᠦᠭᠡ ᠲᠣᠰᠬᠠᠶᠢᠯᠠᠨ ᠨᠤᠲᠤᠭ ᠤᠨ ᠤᠯᠠᠭᠠᠨ ᠦᠬᠡᠷ ᠢ ᠲᠡᠵᠢᠭᠡᠨ ᠦᠷᠡᠵᠢᠭᠦᠯᠵᠦ ᠡᠭᠦᠯᠳᠡᠷ ᠰᠠᠶᠢᠵᠢᠷᠠᠭᠤᠯᠬᠤ ᠪᠠᠷ ᠦᠬᠡᠷ ᠲᠡᠵᠢᠭᠡᠨ ᠲᠠᠷᠭᠤᠯᠠᠭᠤᠯᠬᠤ᠂ ᠡᠭᠦᠯᠳᠡᠷ ᠰᠠᠶᠢᠵᠢᠷᠠᠭᠤᠯᠬᠤ ᠵᠢᠱᠢᠶᠡᠴᠢ ᠡᠷᠦᠬᠡ ᠳᠤ ᠪᠠᠨ ᠦᠷ᠎ᠡ ᠶᠢᠨ ᠮᠠᠯ ᠢ ᠦᠨ᠎ᠡ ᠲᠥᠯᠥᠪᠦᠷᠢ ᠦᠭᠡᠢ ᠪᠠᠷ ᠬᠠᠩᠭᠠᠵᠦ ᠪᠠᠶᠢᠨ᠎ᠠ︾ ᠭᠡᠵᠤ ᠶᠠᠷᠢᠯ᠎ᠠ᠃      ᠪᠠᠶᠠᠨᠲᠣᠯᠤᠭᠠᠢ ᠭᠠᠴᠠᠭ᠎ᠠ ᠳᠠᠪᠠᠭᠤᠯᠢᠭ ᠢᠶᠠᠨ ᠪᠠᠳᠠᠷᠠᠭᠤᠯᠣᠨ ᠪᠣᠳᠡᠳᠣ ᠪᠠᠶᠢᠳᠡᠯ ᠳᠤ ᠪᠠᠨ ᠵᠣᠬᠢᠴᠠᠭᠤᠯᠵᠣ ᠬᠠᠮᠳᠣ ᠶᠢᠨ ᠠᠵᠣ ᠠᠬᠤᠢ ᠶᠢ ᠬᠦᠭᠵᠢᠬᠦᠯᠬᠦ ᠳᠣᠬᠢᠳᠡᠢ ᠠᠷᠭ᠎ᠠ ᠪᠡᠷᠢᠯ ᠢ ᠭᠡᠷᠡᠭᠵᠢᠬᠦᠯᠵᠣ ᠶᠠᠳᠠᠭᠤ ᠠᠴᠠ ᠠᠩᠬᠢᠵᠢᠷᠠᠭᠤᠯᠵᠣ ᠬᠥᠳᠡᠭᠡ ᠲᠤᠰᠬᠤᠨ ᠢ ᠬᠥᠭᠵᠢᠭᠦᠯᠤᠨ ᠮᠠᠨᠳᠣᠭᠤᠯᠵᠣ ᠳᠤ ᠬᠦᠴᠣᠨ ᠨᠡᠮᠡᠷᠢᠯᠡᠵᠣ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号