ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠴᠠᠭᠠᠨ ᠰᠠᠷ᠎ᠠ ᠠᠴᠠ ᠡᠮᠤᠨ᠎ᠠ ᠭᠡᠰᠡᠭ ᠰᠤᠮᠤ ᠪᠠᠯᠭᠠᠰᠤ ᠪᠠ ᠠᠵᠤ ᠠᠬᠤᠶᠢᠯᠠᠯ ᠤᠨ ᠬᠢᠨ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2019-02-01
     1 ᠰᠠᠷ᠎ᠠ ᠶᠢᠨ 26 ᠤ ᠡᠳᠦᠷ ᠠᠴᠠ 27 ᠤ ᠡᠳᠦᠷ ᠪᠤᠯᠳᠠᠯ᠎ᠠ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠭᠡᠰᠡᠭ ᠠᠵᠤ ᠠᠬᠤᠶᠢᠯᠠᠯ ᠪᠠ ᠰᠤᠮᠤ ᠪᠠᠯᠭᠠᠰᠤ ᠶᠢᠨ ᠺᠠᠳ᠋ᠷ ᠠᠵᠢᠯᠳᠠᠳ ᠢ ᠪᠤᠯᠭᠤᠭᠠᠨ ᠲᠤᠬᠤᠨᠢᠭᠤᠯᠵᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠡᠨ ᠪᠥᠭᠦ ᠬᠤᠰᠢᠭᠤᠨ ᠤ ᠮᠠᠯᠴᠢᠨ ᠲᠠᠷᠢᠶᠠᠴᠢᠨ ᠤᠯᠠᠨ ᠲᠥᠮᠡᠨ᠂ ᠥᠨᠳᠤᠰᠤᠨ ᠱᠠᠳᠤᠨ ᠤ ᠺᠠᠳ᠋ᠷ᠂ ᠠᠵᠤ ᠠᠬᠤᠶᠢᠯᠠᠯ ᠤᠨ ᠠᠵᠢᠯᠳᠠᠳ ᠲᠤ ᠴᠠᠭᠠᠨ ᠰᠠᠷ᠎ᠠ ᠶᠢᠨ ᠮᠠᠨᠳᠤᠴᠢᠯᠠᠯ ᠲᠡᠪᠰᠢᠭᠦᠯᠥᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠪᠠᠷᠠᠳᠠᠨ ᠲᠤᠬᠤᠨᠢᠭᠤᠯᠪᠠ᠃
     ᠡᠷᠳᠡᠨᠢᠪᠢᠯᠢᠭ ᠨᠠᠷ ᠤᠷᠢᠳ ᠬᠤᠵᠢᠳ ᠵᠥᠩ ᠲᠢᠶᠠᠨ ᠡᠾᠧ ᠴᠤᠸᠠᠩ ᠡᠨᠧᠷᠭᠢ ᠶᠢᠨ ᠭᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠵᠥᠩ ᠮᠸᠢ ᠤᠷᠳᠤᠰ ᠡᠨᠧᠷᠭᠢ ᠭᠢᠮᠢ ᠶᠢᠨ ᠭᠢᠵᠠᠭᠠᠷᠳᠤ ᠺᠤᠮᠫᠠᠨᠢ᠂ ᠶᠠᠨ ᠵᠸᠤ ᠨᠠᠭᠦᠷᠡᠰᠤᠨ ᠥᠢᠯᠡᠰ ᠤᠨ ᠤᠷᠳᠤᠰ ᠡᠨᠧᠷᠭᠢ ᠭᠢᠮᠢ ᠶᠢᠨ ᠭᠢᠵᠠᠭᠠᠷᠳᠤ ᠺᠤᠮᠫᠠᠨᠢ ︵ᠶᠢᠩ ᠫᠠᠨ ᠬᠤᠤ ᠨᠠᠭᠦᠷᠠᠰᠤᠨ ᠠᠭᠤᠷᠬᠠᠢ︶᠂ ᠥᠪᠤᠷ ᠮᠤᠩᠭᠤᠯ ᠤᠨ ᠪᠥᠸᠧ ᠳ᠋ᠠ ᠱᠢ ᠳ᠋ᠢ ᠭᠢᠮᠢ ᠶᠢᠨ ᠭᠢᠵᠠᠭᠠᠷᠳᠤ ᠺᠤᠮᠫᠠᠨᠢ᠂ ᠵᠥᠩ ᠮᠸᠢ ᠶᠤᠸᠠᠨ ᠰᠢᠩ ᠡᠨᠧᠷᠭᠢ ᠭᠢᠮᠢ ᠶᠢᠨ ᠭᠢᠵᠠᠭᠠᠷᠳᠤ ᠺᠤᠮᠫᠠᠨᠢ ᠪᠠᠷ ᠪᠤᠯᠭᠤᠭᠠᠨ ᠲᠤᠭᠤᠨᠢᠭᠤᠯᠵᠤ ᠠᠵᠤ ᠠᠬᠤᠶᠢᠯᠠᠯ ᠤᠨ 2018 ᠤᠨ ᠤ ᠥᠢᠯᠡᠳᠪᠤᠷᠢᠯᠠᠯ ᠡᠵᠡᠩᠨᠠᠯᠳᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠳᠠ ᠪᠠ 2019 ᠤᠨ ᠤ ᠲᠥᠯᠥᠪᠵᠢᠭᠦᠯᠭᠡ ᠵᠡᠷᠭᠡ ᠶᠢᠨ ᠪᠠᠶᠢᠳᠠᠯ ᠢ ᠨᠠᠷᠢᠨ ᠤᠶᠢᠯᠠᠭᠠᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠡᠨ ᠠᠵᠤ ᠠᠬᠤᠶᠢᠯᠠᠯ ᠤᠨ ᠠᠵᠢᠯᠳᠠᠳ ᠲᠤ ᠴᠠᠭᠠᠨ ᠰᠠᠷ᠎ᠠ ᠶᠢᠨ ᠮᠠᠨᠳᠤᠴᠢᠯᠠᠯ ᠲᠡᠪᠰᠢᠭᠦᠯᠥᠭᠰᠠᠨ ᠤ ᠬᠠᠮᠳᠤ ᠲᠤᠬᠤᠨᠢᠭᠤᠯᠭ᠎ᠠ ᠶᠢᠨ ᠵᠠᠭᠢᠳᠠᠯ᠂ ᠲᠤᠬᠤᠨᠢᠭᠤᠯᠭ᠎ᠠ ᠶᠢᠨ ᠪᠤᠳᠠᠰ ᠭᠥᠷᠭᠡᠭᠰᠠᠨ ᠪᠠᠶᠢᠨ᠎ᠠ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠠᠵᠤ ᠠᠬᠤᠶᠢᠯᠠᠯ ᠠᠶᠤᠯᠭᠦᠢ ᠥᠢᠯᠡᠳᠪᠤᠷᠢᠯᠠᠯ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠪᠠᠷᠢᠮᠳᠠᠯᠠᠨ ᠨᠠᠭᠦᠷᠠᠰᠤ  ᠶᠢ ᠠᠶᠤᠯᠭᠦᠢ ᠥᠨᠳᠤᠷ ᠪᠥᠳᠥᠮᠵᠢ ᠲᠠᠢ᠂ ᠪᠤᠭᠢᠷᠳᠤᠯ ᠥᠭᠡᠢ ᠨᠠᠭᠡᠭᠡᠨ ᠠᠰᠢᠭᠯᠠᠬᠤ ᠪᠠ ᠨᠠᠭᠦᠷᠰᠤ ᠭᠢᠮᠢ ᠶᠢᠨ ᠠᠵᠦ ᠥᠢᠯᠡᠳᠪᠤᠷᠢ ᠶᠢᠨ ᠥᠢᠯᠡᠳᠤᠯ ᠴᠢᠳᠠᠪᠭᠢᠳᠤ ᠪᠥᠳᠥᠭᠡᠨ ᠪᠠᠶᠢᠭᠤᠯᠤᠯᠳᠠ ᠶᠢ ᠠᠭᠢᠭᠤᠯᠵᠦ ᠪᠥᠭᠦ ᠬᠤᠰᠢᠭᠤᠨ ᠤ ᠠᠶᠤᠯᠭᠦᠢ ᠥᠢᠯᠡᠳᠪᠤᠷᠢᠯᠠᠯ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠥᠷᠭᠦᠯᠵᠢᠯᠠᠨ ᠲᠤᠭᠳᠠᠭᠤᠨ ᠰᠠᠶᠢᠨ ᠪᠠᠶᠢᠳᠠᠯ ᠢ ᠪᠠᠳᠤᠯᠠᠬᠤ ᠬᠡᠷᠡᠭᠲᠡᠢ᠃ ᠡᠯ᠎ᠠ ᠲᠥᠷᠤᠯ ᠵᠥᠢᠯ ᠤᠨ ᠬᠤᠯᠪᠤᠭᠳᠠᠯ ᠪᠥᠭᠦᠢ ᠭᠠᠷ ᠭᠥᠢᠴᠡᠳᠭᠡᠯ ᠢ ᠲᠥᠷᠭᠡᠨ ᠬᠦᠢᠴᠡᠳᠬᠡᠵᠦ ᠬᠠᠤᠯᠢ ᠶᠤᠰᠤᠭᠠᠷ ᠥᠢᠯᠡᠳᠪᠤᠷᠢᠯᠠᠯ ᠡᠵᠡᠩᠨᠠᠯᠳᠠ ᠭᠢᠭᠦ ᠶᠢ ᠪᠠᠷᠢᠮᠳᠠᠯᠠᠨ ᠲᠥᠷᠥᠯ ᠵᠥᠢᠯ  ᠤᠨ ᠪᠥᠳᠥᠭᠡᠨ ᠪᠠᠶᠢᠭᠤᠯᠤᠯᠳᠠ ᠶᠢ ᠲᠥᠷᠭᠡᠳᠭᠡᠵᠦ ᠨᠠᠭᠦᠷᠠᠰᠤ ᠭᠢᠮᠢ ᠶᠢᠨ ᠠᠵᠤ ᠥᠢᠯᠡᠳᠪᠤᠷᠢ ᠶᠢᠨ ᠲᠥᠷᠤᠯ ᠵᠥᠢᠯ  ᠤᠨ ᠠᠵᠤ ᠥᠢᠯᠡᠰ ᠤᠨ ᠭᠡᠯᠭᠢᠶᠠᠵᠢᠯ ᠢ ᠤᠷᠳᠤᠳᠬᠠᠨ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠭᠡᠷᠡᠭᠳᠠᠢ᠃ ᠨᠠᠮ ᠤᠨ ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠪᠠ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠵᠦ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ᠂ ᠮᠠᠯᠵᠢᠬᠤ ᠲᠠᠷᠢᠶᠠᠯᠠᠬᠤ ᠤᠷᠤᠨ ᠤ ᠭᠥᠭᠵᠢᠯᠳᠠ ᠶᠢ ᠠᠭᠢᠭᠤᠯᠬᠤ ᠭᠡᠷᠡᠭᠳᠠᠢ ᠭᠡᠵᠡᠢ᠃
     ᠭᠠᠯᠠᠭᠤᠳᠤ ᠪᠠᠯᠭᠠᠰᠤ᠂ ᠰᠢᠷᠬᠤᠰᠤᠨ ᠪᠠᠯᠭᠠᠰᠤ᠂ ᠰᠥᠯᠳᠠ ᠰᠤᠮᠤᠨ ᠳᠤ ᠡᠷᠳᠡᠨᠢᠪᠢᠯᠢᠭ ᠨᠠᠷ ᠡᠯ᠎ᠠ ᠰᠤᠮᠤ ᠪᠠᠯᠭᠠᠰᠤ ᠶᠢᠨ ᠺᠠᠳ᠋ᠷ ᠠᠵᠢᠯᠳᠠᠳ ᠲᠠᠢ ᠰᠠᠭᠤᠨ ᠶᠠᠷᠢᠯᠴᠠᠵᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠡᠨ ᠪᠥᠭᠦ ᠬᠤᠰᠢᠭᠤᠨ ᠤ ᠥᠨᠳᠤᠰᠤᠨ ᠱᠠᠳᠤᠨ ᠤ ᠺᠠᠳ᠋ᠷ᠂ ᠮᠠᠯᠴᠢᠨ ᠲᠠᠷᠢᠶᠠᠴᠢᠨ ᠳᠤ ᠪᠠᠶᠠᠷ ᠤᠨ ᠡᠳᠤᠷ  ᠤᠨ ᠮᠠᠨᠳᠤᠴᠢᠯᠠᠯ  ᠲᠡᠪᠰᠢᠭᠦᠯᠪᠡ᠃ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠥᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠰᠠᠶ᠋ᠢᠬᠠᠨ ᠬᠤᠷᠠᠯᠳᠤᠵᠤ ᠠᠵᠢᠯ ᠤᠨ ᠲᠥᠯᠥᠪᠯᠡᠭᠡ ᠶᠢ ᠵᠢᠷᠤᠭᠯᠠᠭᠰᠠᠨ ᠪᠠᠶᠢᠨ᠎ᠠ᠃ ᠪᠥᠭᠦ ᠬᠤᠰᠢᠭᠤ ᠪᠠᠷ ᠢᠶᠠᠨ ᠵᠤᠷᠢᠭᠳᠠᠢ ᠡᠭᠦᠷᠭᠡᠯᠠᠨ ᠭᠥᠴᠢᠷ ᠢ ᠢᠯᠠᠨ ᠲᠠᠪᠠᠵᠤ ︽ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠨᠣᠮᠢᠨ ᠳᠠᠩᠰᠤᠭ ᠬᠦᠭᠵᠢᠨ ᠮᠠᠨᠳᠤᠯᠳᠠ ᠶᠢ ᠪᠡᠶᠡᠯᠡᠬᠦᠯᠬᠦ︾ ᠶᠢᠨ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠭᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠤᠷᠤᠯᠴᠠᠯᠭ᠎ᠠ ᠶᠢᠨ ᠴᠢᠨᠠᠷ ᠲᠠᠢ ᠤᠳᠤᠷᠢᠳᠬᠤ ᠪᠠᠭ ᠪᠤᠯᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠠᠭᠢᠭᠤᠯᠤᠨ ᠰᠢ ᠶᠢᠨ ᠫᠢᠩ ᠶᠠᠷᠤᠩᠭᠡᠢ ᠱᠥᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ  ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ ᠪᠥᠭᠦ ᠰᠠᠳᠭᠢᠯ ᠪᠥᠭᠦ ᠵᠤᠷᠢᠭ ᠢᠶᠠᠷ ᠢᠶᠠᠨ ᠠᠷᠠᠳ ᠲᠥᠮᠠᠨ ᠳᠤ ᠥᠢᠯᠡᠴᠢᠯᠡᠵᠦ  ᠮᠠᠯᠴᠢᠨ ᠲᠠᠷᠢᠶᠠᠴᠢᠨ ᠣᠯᠠᠨ ᠲᠥᠮᠡᠨ ᠢ ᠬᠠᠯᠠᠮᠵᠢᠯᠠᠵᠦ ᠠᠷᠠᠳ ᠤᠨ ᠰᠠᠳᠭᠢᠯ ᠢ ᠤᠶᠢᠯᠠᠭᠠᠨ ᠠᠷᠠᠳ ᠤᠨ ᠰᠨᠨᠠᠭ᠎ᠠ ᠶᠢ ᠨᠢᠭᠡᠳᠭᠡᠬᠦ ᠭᠡᠷᠡᠭᠳᠠᠢ᠃ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠶᠠᠷᠤᠩᠭᠡᠢ ᠱᠠᠭᠠᠷᠳᠠᠯᠭ᠎ᠠ ᠶᠢᠨ ᠲᠤᠭᠤᠷᠢᠨ ᠳᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠲᠥᠯᠥᠪᠵᠢᠭᠦᠯᠭᠡ᠂ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ᠂ ᠴᠢᠳᠠᠪᠤᠷᠢᠳᠠᠨ ᠢ ᠭᠥᠮᠤᠵᠢᠭᠦᠯᠭᠦ᠂ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠠᠨ ᠰᠠᠶᠢᠵᠢᠷᠠᠭᠤᠯᠬᠤ᠂ ᠠᠷᠠᠳ ᠢᠷᠭᠡᠳ  ᠤᠨ ᠭᠤᠤᠯ ᠴᠣᠭᠴᠠ ᠶᠢᠨ ᠥᠢᠯᠡᠳᠤᠯ ᠢ ᠪᠠᠳᠠᠷᠠᠭᠤᠯᠬᠤ ᠵᠡᠷᠭᠡ ᠲᠡᠭᠡᠷ᠎ᠡ ᠭᠥᠴᠤᠯᠠᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠲᠠᠭᠤᠷᠢᠶᠠᠯ ᠴᠡᠭ ᠤᠨ ᠲᠥᠯᠥᠪᠵᠢᠭᠦᠯᠭᠡ ᠪᠥᠳᠥᠭᠡᠨ ᠪᠠᠶᠢᠭᠤᠯᠤᠯᠳᠠ ᠶᠢ ᠨᠢᠭᠡᠳᠤᠯᠳᠠᠢ ᠲᠥᠯᠥᠪᠵᠢᠭᠦᠯᠵᠦ ᠰᠠᠶᠢᠨ ᠭᠢᠭᠦ ᠭᠡᠷᠡᠭᠳᠠᠢ᠃ ᠨᠠᠮ ᠤᠨ ᠪᠠᠶᠢᠭᠤᠯᠤᠯᠳᠠ ᠪᠠᠷ ᠤᠳᠤᠷᠢᠳᠤᠭᠤᠯᠬᠤ ᠶᠢ ᠴᠢᠩᠭᠠᠳᠬᠠᠨ ᠤᠨᠴᠠᠯᠢᠭ ᠪᠠ ᠭᠢᠯᠠᠰ ᠴᠡᠭ ᠢ ᠲᠤᠪᠤᠶᠢᠯᠭᠠᠵᠦ ᠥᠨᠳᠤᠰᠤᠨ ᠱᠠᠳᠤᠨ ᠤ ᠨᠠᠮ ᠤᠨ ᠡᠭᠦᠷ ᠢ ᠭᠥᠴᠤᠷᠭᠡᠭᠵᠢᠭᠦᠯᠤᠨ ᠥᠨᠳᠤᠰᠤᠨ ᠱᠠᠳᠤᠨ ᠤ ᠺᠠᠳ᠋ᠷ ᠢ ᠢᠯᠠᠭᠦᠭᠡᠨ ᠬᠠᠯᠠᠮᠵᠢᠯᠠᠵᠤ ᠥᠷᠭᠡᠨ ᠤᠯᠠᠨ ᠥᠨᠳᠤᠰᠤᠨ ᠱᠠᠳᠤᠨ ᠤ ᠺᠠᠳ᠋ᠷᠴᠤᠳ ᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ ᠠᠵᠢᠯ ᠳᠤ ᠪᠤᠯᠪᠠᠰᠤᠷᠠᠩᠭᠤᠢ ᠪᠤᠯᠭᠠᠬᠤ ᠭᠡᠷᠡᠭᠳᠠᠢ᠃ ᠮᠠᠯᠴᠢᠨ ᠲᠠᠷᠢᠶᠠᠴᠢᠨ ᠤᠯᠠᠨ ᠲᠥᠮᠡᠨ᠂ ᠨᠠᠶᠢᠭᠡᠮ ᠲᠤᠭᠤᠷᠢᠭ ᠤᠨ ᠰᠠᠭᠤᠭᠠᠯᠢ ᠠᠷᠠᠳ ᠢ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ᠂ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯᠯᠠᠭᠠᠨ ᠳᠤ ᠥᠷᠭᠡᠨ ᠢᠶᠠᠷ ᠤᠷᠤᠯᠴᠠᠭᠤᠯᠵᠤ ᠬᠠᠮᠳᠤ ᠪᠠᠷ ᠪᠠᠶᠢᠭᠤᠯᠤᠨ ᠬᠠᠮᠳᠤ ᠪᠠᠷ ᠡᠳ᠋ᠯᠡᠭᠰᠠᠨ ᠭᠥᠨ ᠵᠤᠵᠠᠭᠠᠨ ᠠᠭᠤᠷ ᠠᠮᠢᠰᠬᠤᠯ ᠢ ᠪᠥᠷᠢᠯᠳᠤᠭᠦᠯᠭᠦ ᠭᠡᠷᠡᠭᠳᠠᠢ᠃ ᠴᠠᠭᠠᠨ ᠰᠠᠷ᠎ᠠ ᠭᠥᠷᠴᠤ ᠢᠷᠠᠭᠦ ᠪᠠᠷ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ᠂ ᠡᠳ᠋ ᠪᠠᠷᠠᠭᠠᠨ ᠤ ᠬᠠᠩᠭᠠᠯᠳᠠ  ᠶᠢᠨ ᠪᠠᠳᠤᠯᠠᠭ᠎ᠠ᠂ ᠪᠤᠯᠭᠤᠭᠠᠨ ᠲᠤᠬᠤᠨᠢᠭᠤᠯᠭ᠎ᠠ᠂ ᠲᠤᠭᠳᠠᠭᠤᠨ ᠢ ᠬᠠᠮᠠᠭᠠᠯᠠᠬᠤ ᠵᠡᠷᠭᠡ ᠶᠢᠨ ᠭᠤᠤᠯᠳᠠᠯᠭ᠎ᠠ ᠲᠠᠢ ᠠᠵᠢᠯ ᠢ ᠨᠢᠭᠡᠳᠤᠯᠳᠠᠢ ᠲᠥᠯᠥᠪᠵᠢᠭᠦᠯᠤᠨ ᠰᠠᠶᠢᠨ ᠭᠢᠵᠤ ᠠᠮᠤᠭᠤᠯᠠᠩ ᠰᠠᠶᠢᠬᠠᠨ ᠵᠤᠯ ᠵᠢᠷᠭᠠᠯ ᠲᠠᠢ ᠰᠢᠨ᠎ᠠ ᠵᠢᠯ ᠴᠠᠭᠠᠨ ᠰᠨᠷ᠎ᠠ   ᠪᠠᠨ ᠥᠩᠭᠡᠷᠡᠭᠦᠯᠭᠦ ᠶᠢ ᠪᠠᠳᠤᠯᠠᠬᠤ ᠭᠡᠷᠡᠭᠳᠠᠢ ᠭᠡᠵᠡᠢ᠃
     ᠡᠷᠳᠡᠨᠢᠪᠢᠯᠢᠭ ᠨᠠᠷ ᠪᠠᠰᠠ ᠷᠠᠰᠢᠶᠠᠨ ᠲᠤᠬᠤᠢ ᠲᠤᠰᠬᠤᠨ ᠤ ᠡᠭᠦᠷ ᠤᠨ ᠱᠥᠵᠢ᠂ ᠪᠥᠭᠦ ᠤᠷᠤᠨ ᠤ ᠥᠢᠯᠡᠰ  ᠢᠶᠠᠨ ᠲᠡᠭᠡᠳᠤᠯᠠᠨ ᠬᠤᠪᠢ ᠨᠠᠮᠠᠷᠢ ᠭᠠᠷᠭᠠᠭᠰᠠᠨ ᠶᠤᠰᠤ ᠰᠤᠷᠳᠠᠬᠤᠨ ᠤ ᠵᠢᠱᠢᠶᠠᠴᠢ ᠵᠤ᠋ ᠭᠤᠸᠠᠩ ᠢᠤᠢ ᠶᠢ ᠪᠤᠯᠭᠤᠭᠠᠨ ᠲᠤᠬᠤᠨᠢᠭᠤᠯᠵᠤ ᠡᠭᠦᠷ ᠤᠨ ᠱᠥᠵᠢ ᠶᠢᠨ ᠪᠠᠶ᠎ᠠ ᠶᠢᠨ ᠡᠷᠡᠭᠦᠯ ᠴᠢᠭᠢᠷᠠᠭ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠪᠠ ᠷᠠᠰᠢᠶᠠᠨ ᠲᠤᠬᠤᠢ ᠲᠤᠰᠬᠤᠨ ᠤ ᠰᠢᠨ᠎ᠠ ᠨᠢᠭᠡ ᠵᠢᠯ ᠤᠨ ᠲᠥᠯᠥᠪᠯᠡᠭᠡ ᠶᠢ ᠤᠶᠢᠯᠠᠭᠠᠨ ᠲᠠᠭᠦᠨ ᠢ ᠪᠠᠶ᠎ᠠ  ᠶᠢᠨ ᠡᠷᠡᠭᠦᠯ ᠴᠢᠭᠢᠷᠠᠭ ᠢᠶᠠᠨ ᠢᠯᠠᠭᠦᠭᠡᠨ ᠠᠩᠬᠠᠷᠴᠤ᠂ ᠵᠤᠯ ᠵᠢᠷᠭᠠᠯ ᠲᠠᠢ ᠠᠮᠢᠳᠤᠷᠠᠬᠤ ᠶᠢ ᠵᠦᠩᠨᠡᠵᠡᠢ᠃ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠥᠭᠦ ᠬᠤᠰᠢᠭᠤᠨ ᠤ ᠥᠷᠭᠡᠨ ᠤᠯᠠᠨ ᠥᠨᠳᠤᠰᠤᠨ ᠱᠠᠳᠤᠨ ᠤ ᠺᠠᠳ᠋ᠷᠴᠤᠳ ᠵᠤ᠋ ᠭᠤᠸᠠᠩ ᠢᠤᠢ ᠨᠥᠭᠦᠷ ᠤᠨ ᠥᠢᠯᠡᠰ ᠢᠶᠠᠨ ᠲᠡᠭᠡᠳᠤᠯᠠᠨ ᠬᠤᠪᠢ ᠨᠠᠮᠠᠷᠢ ᠭᠠᠷᠭᠠᠬᠤ ᠵᠤᠷᠢᠭ ᠰᠠᠨᠠᠭ᠎ᠠ  ᠠᠴᠠ ᠲᠠᠭᠠᠨ ᠰᠤᠷᠤᠯᠴᠠᠵᠤ ᠤᠭ ᠰᠠᠨᠠᠭ᠎ᠠ ᠪᠠᠨ ᠥᠯᠤ ᠮᠠᠷᠳᠠᠨ ᠵᠤᠷᠢᠯᠳᠠ ᠪᠠᠨ ᠪᠠᠳᠤ ᠴᠡᠭᠡᠵᠢᠯᠠᠵᠤ ᠮᠠᠯᠴᠢᠨ ᠲᠠᠷᠢᠶᠠᠴᠢᠨ ᠳᠤ ᠵᠤᠯ ᠵᠢᠷᠭᠠᠯ ᠢ ᠡᠷᠢᠯᠬᠢᠯᠡᠨ ᠭᠠᠴᠠᠭ᠎ᠠ ᠲᠤᠰᠬᠤᠨ ᠳᠤ ᠭᠥᠭᠵᠢᠯᠳᠠ ᠶᠢ ᠡᠷᠢᠯᠬᠢᠯᠡᠵᠦ ᠮᠠᠯ ᠲᠠᠷᠢᠶᠠᠯᠠᠩ ᠠᠵᠦ ᠠᠬᠤᠢ ᠭᠥᠴᠥᠷᠭᠡᠭ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ᠂ ᠮᠠᠯᠵᠢᠬᠤ ᠲᠠᠷᠢᠶᠠᠯᠠᠬᠤ ᠤᠷᠤᠨ ᠭᠤᠶᠤ ᠰᠠᠶᠢᠬᠠᠨ ᠪᠠᠶᠢᠬᠤ ᠰᠢᠨ᠎ᠠ ᠬᠠᠭᠤᠳᠠᠰᠤ ᠶᠢ ᠪᠢᠴᠢᠭᠯᠡᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号