ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠤᠯᠠᠨ ᠲᠥᠮᠡᠨ ᠤ ᠭᠡᠨᠡᠳᠳᠡ ᠶᠢᠨ ᠴᠢᠨᠠᠷᠲᠠᠢ᠂ ᠪᠠᠴᠢᠮ | ᠴᠢᠨᠠᠷᠲᠠᠢ᠂ ᠲᠥᠷ ᠴᠠᠭ ᠤᠨ ᠴᠢᠨᠠᠷᠲᠠᠢ ᠠᠮᠢᠳᠤᠷᠠᠯ ᠤᠨ ᠬᠥᠴᠢᠷᠲᠡᠯ ᠳᠤ ᠴᠠᠭ ᠲᠤᠬᠠᠢ ᠳᠤᠨᠢ ᠠᠪᠤᠷᠠᠨ ᠲᠤᠰᠠᠯᠠᠮᠵᠢ | ᠤᠯᠭᠤᠬᠤ ᠶᠢ ᠪᠠᠲᠤᠯᠠᠬᠤ ᠶᠢᠨ ᠲᠦᠯᠦᠭᠡ ᠤᠢᠢᠷ᠎ᠠ ᠶᠢᠨ ᠡᠳᠥᠷ ᠥᠤᠰᠢᠨ ᠬᠤᠰᠢᠭᠤ ᠬᠤᠶᠠᠷ ᠪᠥᠯᠥᠭ ᠬᠤᠪᠢᠶᠠᠵᠤ᠂ | ᠡᠯ᠎ᠡ ᠰᠤᠮᠤ ᠪᠠᠯᠭᠠᠰᠤᠨ ᠳᠤ ᠲᠥᠷ ᠴᠠᠭ ᠤᠨ ᠠᠪᠤᠷᠠᠨ ᠲᠤᠰᠠᠯᠠᠬᠤ ᠪᠡᠯᠡ ᠮᠥᠡᠭᠬᠦ ᠶᠢ ᠨᠡᠶᠢᠲᠡ 219 ᠲᠥᠮᠡᠨ | ᠲᠥᠭᠦᠷᠢᠭ ᠲᠠᠷᠬᠠᠭᠠᠪᠠ᠃ | ᠲᠤᠰ ᠪᠡᠯᠡ ᠮᠥᠡᠭᠬᠦ ᠶᠢ ᠭᠤᠤᠯᠳᠠᠭᠤ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠭᠳᠡᠯ ᠵᠡᠷᠭᠡ | ᠭᠡᠨᠡᠳᠳᠡ ᠶᠢᠨ ᠶᠠᠪᠤᠳᠠᠯ᠂ ᠭᠡᠨᠡᠳᠲᠡ ᠶᠢᠨ ᠬᠥᠨᠳᠥ ᠡᠪᠡᠳᠴᠢᠨ᠂ ᠪᠤᠰᠤᠳ ᠲᠥᠷ ᠴᠠᠭ ᠤᠨ ᠴᠢᠨᠠᠷᠲᠠᠢ ᠤᠨᠴᠠᠭᠠᠢ | ᠰᠢᠯᠳᠠᠭᠠᠨ ᠠᠴᠠ ᠪᠤᠯᠵᠤ ᠥᠨᠳᠥᠰᠥᠨ ᠠᠮᠢᠳᠤᠷᠠᠯ ᠢᠶᠠᠨ ᠦᠷᠭᠦᠯᠵᠢᠯᠡᠭᠦᠯᠭᠦ ᠠᠷᠭ᠎ᠠ ᠥᠭᠡᠢ ᠭᠡᠷ ᠪᠥᠯᠢ ᠪᠠ ᠬᠤᠪᠢ | ᠬᠥᠮᠥᠨ ᠳᠤ ᠬᠡᠷᠡᠭᠯᠡᠬᠦᠯᠬᠦ ᠪᠠᠷ ᠪᠠᠶᠢᠨ᠎ᠠ᠃ ᠬᠥᠴᠢᠷᠲᠠᠯᠲᠠᠢ ᠤᠯᠠᠨ ᠲᠥᠮᠡᠨ ᠪᠤᠲᠠᠲᠤ ᠪᠠᠶᠢᠳᠠᠯ ᠢᠶᠠᠨ ᠥᠨᠳᠥᠰᠥᠯᠡᠵᠥ᠂ | ᠰᠤᠮᠤ ᠪᠠᠯᠭᠠᠰᠤᠨ ᠤ ᠨᠡᠶᠢᠬᠡᠮ ᠤᠨ ᠠᠪᠤᠷᠠᠨ ᠲᠤᠰᠠᠯᠠᠬᠤ ᠲᠢᠩᠬᠢᠮ ᠳᠤ ᠲᠥᠷ ᠴᠠᠭ ᠤᠨ ᠠᠪᠤᠷᠠᠨ ᠲᠤᠰᠠᠯᠠᠬᠤ | ᠭᠤᠶᠤᠴᠢᠯᠠᠯ ᠵᠢᠴᠢ ᠬᠠᠮᠢᠶ᠎ᠠ ᠪᠥᠬᠦᠢ ᠬᠥᠴᠢᠷᠳᠠᠯ ᠤᠨ ᠭᠡᠷᠡᠴᠢ ᠮᠠᠲ᠋ᠧᠷᠢᠶᠠᠯ ᠢ ᠲᠤᠰᠢᠶᠠᠵᠤ᠂ ᠰᠤᠮᠤ | ᠪᠠᠯᠭᠠᠰᠤᠨ ᠤ ᠬᠢᠨ ᠬᠤᠯᠪᠤᠭᠳᠠᠯ ᠪᠥᠬᠦᠢ ᠠᠵᠢᠯᠲᠠᠨ ᠢ ᠵᠤᠬᠢᠶᠠᠨ ᠪᠠᠶᠢᠭᠤᠯᠤᠨ ᠡᠷᠥᠬᠡ ᠳᠤ ᠬᠥᠷᠴᠤ ᠬᠢᠨᠠᠨ | ᠬᠠᠷᠭᠤᠭᠤᠯᠵᠤ᠂ ᠬᠡᠷᠪᠡ ᠪᠠᠶᠢᠳᠠᠯ ᠨᠢ ᠥᠨᠡᠨ ᠪᠤᠲᠠᠲᠠᠢ ᠪᠠᠶᠢᠪᠠᠯ ᠠᠪᠤᠷᠠᠨ ᠲᠤᠰᠠᠯᠠᠯᠲᠠ ᠬᠢᠨ᠎ᠡ᠃ ᠡᠭᠦᠨ ᠤ ᠬᠠᠮᠳᠤ | ᠡᠯ᠎ᠡ ᠰᠤᠮᠤ ᠪᠠᠯᠭᠠᠰᠤ ᠪᠡᠯᠡ ᠮᠥᠡᠭᠬᠦ ᠶᠢᠨ ᠬᠢᠨᠠᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠢ ᠵᠤᠭᠤᠰ ᠢ | ᠲᠤᠰᠬᠠᠢ ᠬᠡᠷᠡᠭᠯᠡᠭᠡᠨ ᠳᠤᠨᠢ ᠬᠡᠷᠡᠭᠯᠡᠬᠦ ᠶᠢ ᠪᠠᠲᠤᠯᠠᠵᠤ᠂ ᠪᠡᠯᠡ ᠮᠥᠡᠭᠬᠦ ᠶᠢᠨ ᠬᠡᠷᠡᠭᠯᠡᠯᠲᠡ ᠶᠢᠨ ᠪᠥᠲᠥᠮᠵᠢ ᠶᠢ ᠥᠨᠡᠨ | ᠬᠦ ᠲᠡᠭᠡᠭᠰᠢᠯᠡᠬᠦᠯᠵᠥ ᠪᠠᠶᠢᠨ᠎ᠠ᠃ | |