ᠪᠤᠭᠤᠷᠤᠯ ᠵᠢᠯ ᠪᠢᠳᠠᠨ ᠠᠴᠠ ᠠᠶᠠᠷᠬᠠᠨ ᠬᠤᠯᠠᠳᠠᠵᠤ ᠪᠤᠶᠠᠨᠲᠤ ᠵᠢᠯ ᠬᠠᠭᠠᠯᠭ᠎ᠠ ᠲᠤᠭᠰᠢᠨ ᠢᠷᠠᠵᠤ ᠪᠠᠶᠢᠭ᠎ᠠ | ᠡᠨᠡᠬᠦ ᠬᠦᠷ ᠨᠡᠷᠬᠢᠶᠠᠨᠳᠤ ᠴᠠᠭ ᠮᠦᠴᠡ ᠪᠠᠷ ᠭᠠᠯᠠᠭᠤᠲᠤ ᠪᠠᠯᠭᠠᠰᠤᠨ ᠤ ᠨᠠᠨᠳᠢᠨ ᠨᠡᠶᠢᠭᠡᠮ ᠲᠣᠭᠤᠷᠢᠭ ᠠᠴᠠ ᠪᠦᠬᠦ | ᠮᠠᠯᠴᠢᠨ ᠲᠦᠮᠡᠨ ᠤ ᠬᠠᠮᠳᠤ ᠶᠢᠨ ᠤᠷᠤᠯᠴᠠᠯᠭ᠎ᠠ ᠲᠠᠢ ︽ᠦᠵᠡᠰᠬᠦᠯᠡᠩᠲᠦ ᠨᠠᠨᠳᠢᠨ︾ ᠴᠠᠭᠠᠨ ᠰᠠᠷ᠎ᠠ ᠶᠢᠨ ᠤᠷᠠᠨ | ᠰᠠᠶᠢᠬᠠᠨ ᠤ ᠦᠳᠡᠰᠢᠯᠡᠭᠡ ᠡᠷᠬᠢᠯᠡᠵᠦ ᠨᠠᠮ᠂ ᠠᠷᠠᠳ ᠲᠦᠮᠡᠨ ᠳᠡᠭᠡᠨ ᠴᠠᠭᠠᠨ ᠰᠠᠷ᠎ᠠ ᠶᠢᠨ ᠪᠡᠯᠡᠭ ᠪᠤᠯᠭᠠᠨ ᠪᠠᠷᠢᠵᠤ | ᠪᠠᠶᠠᠰᠤᠯᠳᠤ ᠴᠠᠭᠠᠨ ᠰᠠᠷ᠎ᠠ ᠪᠠᠨ ᠤᠭᠳᠤᠯ᠎ᠠ᠃ | ᠦᠳᠡᠰᠢᠯᠡᠭᠡ ᠳᠤ ᠨᠠᠮ ᠤᠨ ᠲᠥᠷᠥ ᠶᠢᠨ ᠪᠤᠳᠤᠯᠭ᠎ᠠ ᠶᠢᠨ ᠰᠠᠶᠢᠨ ᠰᠠᠶᠢᠬᠠᠨ᠂ ᠮᠠᠯᠴᠢᠳ ᠤᠨ ᠠᠮᠢᠳᠤᠷᠠᠯ ᠤᠨ | ᠵᠤᠯ ᠵᠢᠷᠭᠠᠯ᠂ ᠨᠡᠶᠢᠭᠡᠮ ᠲᠣᠭᠤᠷᠢᠭ ᠤᠨ ᠠᠵᠢᠯ ᠤᠨ ᠬᠡᠷᠡᠯ ᠰᠠᠴᠤᠷᠠᠩᠭᠤᠢ ᠠᠮᠵᠢᠯᠳᠠ ᠶᠢ ᠮᠠᠭᠲᠠᠨ ᠳᠠᠭᠤᠯᠠᠭᠰᠠᠨ | 22 ᠲᠤᠭᠯᠠᠯᠲᠠ ᠶᠢ ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠨᠠᠢᠮᠠᠨ ᠨᠠᠰᠤᠲᠠᠢ ᠪᠠᠯᠴᠢᠷ ᠠᠴᠠ ᠨᠠᠶᠠᠨ ᠨᠠᠰᠤᠲᠠᠢ | ᠪᠤᠭᠤᠷᠤᠯ ᠬᠦᠷᠳᠡᠯ᠎ᠡ ᠪᠦᠷ ᠲᠤᠭᠯᠠᠯᠳᠠ ᠳᠤ ᠢᠳᠡᠪᠬᠢᠲᠡᠢ ᠣᠷᠣᠯᠴᠠᠵᠤ᠂ ᠲᠤᠭᠯᠠᠭᠴᠢ ᠨᠢᠬᠡᠪᠤᠷᠢ ᠶᠢᠨ ᠦᠪᠡᠷ ᠦᠪᠡᠷ | ᠤᠨ ᠬᠢᠨᠢ ᠠᠪᠢᠶᠠᠰ ᠪᠢᠯᠢᠭ ᠨᠢ ᠵᠤᠯ ᠵᠢᠷᠭᠠᠯᠳᠤ ᠴᠠᠭ ᠮᠦᠴᠡ ᠳᠤ ᠲᠠᠩᠰᠤᠭ ᠠᠮᠢᠳᠤᠷᠠᠯ ᠢ ᠡᠳ᠋ᠯᠡᠵᠦ ᠪᠠᠶᠢᠭ᠎ᠠ | ᠪᠠᠶᠠᠰᠤᠩᠭᠤᠢ ᠰᠡᠳᠬᠢᠯᠬᠡᠨ ᠤ ᠬᠢᠨᠢ ᠪᠦᠷᠢᠨ ᠵᠢᠷᠤᠭᠯᠠᠯ ᠪᠤᠯᠵᠤ ᠲᠤᠳᠤᠷᠠᠵᠤ ᠪᠠᠶᠢᠯ᠎ᠠ᠃ ᠡᠳᠡᠬᠡᠷ ᠴᠠᠭ ᠦᠶ᠎ᠡ ᠶᠢᠨ | ᠤᠨᠴᠠᠯᠢᠭ ᠢ ᠲᠤᠳᠤ ᠬᠠᠷᠠᠭᠤᠯᠤᠭᠰᠠᠨ ᠠᠳᠠᠯᠢ ᠪᠤᠰᠤ ᠲᠤᠭᠯᠠᠯᠳᠠ ᠨᠢ ᠰᠠᠭᠤᠭᠠᠯᠢᠴᠤᠳ ᠤᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ ᠡᠷᠬᠢᠯᠡᠭᠰᠡᠨ ᠠᠵᠢᠯ ᠲᠦᠷᠦᠯ ᠳᠡᠭᠡᠨ ᠠᠮᠵᠢᠯᠳᠠ ᠭᠠᠷᠭᠠᠬᠤ ᠢᠳᠡᠬᠡᠯ ᠵᠤᠷᠢᠭ ᠢ ᠨᠢ | ᠬᠠᠷᠠᠭᠤᠯᠤᠭᠰᠠᠨ ᠪᠠᠶᠢᠨ᠎ᠠ᠃ | ᠡᠨᠡ ᠵᠢᠯ ᠨᠠᠶᠠᠨ ᠨᠠᠰᠤᠨ ᠤ ᠦᠨᠳᠦᠷ ᠬᠤᠳᠤᠭ ᠢ ᠵᠤᠭᠤᠭᠯᠠᠵᠤ ᠶᠠᠪᠤᠭ᠎ᠠ ᠪᠤᠶ᠋ᠬᠠᠯᠪᠡᠭ ᠨᠠᠰᠤᠳᠠᠨ | ᠦᠳᠡᠰᠢᠯᠡᠭᠡ ᠲᠡᠬᠡᠷ᠎ᠡ ︽ᠪᠠᠨᠴᠢᠨ ᠰᠦᠮ᠎ᠡ︾ ᠬᠡᠬᠦ ᠠᠶᠠᠯᠭᠤ ᠰᠠᠶᠢᠬᠠᠨ ᠬᠠᠭᠤᠴᠢᠨ ᠲᠠᠭᠤᠤ ᠪᠠᠨ ᠡᠷᠬᠦᠵᠦ ᠠᠪᠢᠶᠠᠰ | ᠪᠢᠯᠢᠭ ᠢᠶᠠᠨ ᠭᠠᠶᠢᠬᠠᠭᠤᠯᠤᠭᠰᠠᠨ ᠮᠦᠷᠳᠡᠬᠡᠨ ᠲᠤᠳᠤᠭᠠᠳᠤ ᠰᠡᠳᠬᠢᠯᠬᠡᠨ ᠤ ᠲᠤᠭᠳᠤᠯᠤᠯ ᠢᠶᠠᠨ ᠢᠯᠡᠳᠬᠡᠵᠦ ᠴᠢᠳᠠᠯ᠎ᠠ | ᠬᠡᠮᠡᠨ ᠲᠤᠩ ᠴᠤ ᠪᠠᠶᠠᠷᠳᠠᠢ ᠪᠠᠶᠢᠯ᠎ᠠ᠃ ᠲᠡᠷᠡ᠄ ︽ᠰᠢ ᠶᠢᠨ ᠫᠢᠩ ᠶᠡᠷᠦᠩᠬᠡᠢ ᠱᠦᠵᠢ ᠶᠢᠨ ᠤᠳᠤᠷᠢᠳᠤᠯᠭ᠎ᠠ ᠶᠢᠨ | ᠳᠣᠣᠷ᠎ᠠ ᠲᠥᠷᠥ ᠶᠢᠨ ᠪᠣᠳᠣᠯᠭ᠎ᠠ ᠠᠭᠤᠳᠠᠮ᠂ ᠡᠯ᠎ᠡ ᠦᠨᠳᠦᠰᠦᠲᠡᠨ ᠤ ᠠᠷᠠᠳ ᠲᠦᠮᠡᠨ ᠪᠦᠯᠬᠦᠮᠳᠡᠵᠦ ᠤᠯᠠᠮ ᠠᠴᠠ | ᠤᠯᠠᠮ ᠴᠢᠨᠡᠭᠡᠯᠢᠭᠵᠢᠭᠰᠡᠨ᠂ ᠨᠡᠩ ᠢᠯᠠᠩᠭᠤᠶ᠎ᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠳᠣᠣᠷ᠎ᠠ | ᠦᠨᠳᠦᠰᠦᠲᠡᠨ ᠤ ᠦᠭᠡ ᠬᠡᠯᠡ ᠦᠰᠦᠭ ᠪᠢᠴᠢᠭ᠂ ᠦᠨᠳᠦᠰᠦᠲᠡᠨ ᠤ ᠳᠠᠭᠤᠤ ᠪᠦᠵᠢᠭ ᠤᠯᠠᠮ ᠰᠠᠶᠢᠨ ᠭᠦᠭᠵᠢᠵᠤ | ᠪᠠᠶᠢᠨ᠎ᠠ᠂ ᠪᠢᠳᠠ ᠴᠦ ᠤᠭ ᠶᠣᠰᠣᠭᠠᠷ ᠨᠢ ᠤᠯᠠᠮᠵᠢᠯᠠᠨ ᠬᠦᠭᠵᠢᠬᠦᠯᠬᠦ ᠪᠠᠷ ᠴᠢᠷᠮᠠᠶᠢᠵᠤ ᠪᠠᠶᠢᠨ᠎ᠠ︾ ᠭᠡᠵᠤ ᠶᠠᠷᠢᠵᠤ | ᠪᠠᠶᠢᠯ᠎ᠠ᠃ | ᠲᠤᠭᠯᠠᠯᠳᠠ ᠲᠤᠮᠳᠠ ᠨᠡᠶᠢᠬᠡᠮ ᠲᠤᠭᠤᠷᠢᠭ ᠠᠴᠠ ᠥᠩᠭᠡᠷᠡᠭᠰᠡᠨ ᠨᠢᠬᠡ ᠵᠢᠯ ᠤᠨ ᠠᠵᠢᠯ ᠤᠨ ᠠᠮᠵᠢᠯᠳᠠ | ᠪᠦᠳᠦᠮᠵᠢ᠂ ᠢᠷᠡᠬᠦ ᠵᠢᠯ ᠤᠨ ᠠᠵᠢᠯ ᠤᠨ ᠲᠦᠰᠦᠪ ᠲᠦᠯᠦᠪᠯᠡᠭᠡ ᠪᠠᠨ ᠮᠠᠯᠴᠢᠨ ᠲᠦᠮᠡᠨ ᠳᠡᠭᠡᠨ ᠬᠠᠷᠢᠭᠤ | ᠮᠡᠳᠡᠬᠦᠯᠵᠦ ᠨᠡᠶᠢᠭᠡᠮ ᠲᠣᠭᠤᠷᠢᠭ ᠤᠨ ᠬᠠᠮᠤᠭ ᠰᠢᠯᠢᠳᠡᠭ ᠠᠵᠢᠯᠲᠠᠨ ᠢᠶᠠᠨ ᠱᠠᠩᠨᠠᠨ ᠬᠦᠬᠢᠬᠦᠯᠦᠭᠰᠡᠨ ᠨᠢ ᠦᠳᠡᠰᠢᠯᠡᠭᠡ | ᠶᠢᠨ ᠠᠭᠤᠯᠭ᠎ᠠ ᠶᠢ ᠨᠡᠩ ᠪᠠᠶᠠᠯᠢᠭᠵᠢᠭᠤᠯᠪᠠ᠃ | ᠨᠠᠨᠳᠢᠨ ᠨᠡᠶᠢᠬᠡᠮ ᠲᠤᠭᠤᠷᠢᠭ ᠤᠨ ᠨᠠᠮ ᠤᠨ ᠡᠬᠦᠷ ᠤᠨ ᠱᠦᠵᠢ ᠠᠯᠳ᠋ᠬᠠᠠᠭᠤᠯᠠ᠄ ︽ᠥᠨᠥᠳᠥᠷ ᠬᠥᠮᠥᠰ | ᠲᠤᠩ ᠪᠠᠶᠠᠷᠲᠠᠢ᠂ ᠵᠢᠷᠭᠠᠯᠲᠠᠢ᠂ ᠠᠮᠢᠳᠤᠷᠠᠯ ᠴᠢᠨᠡᠭᠡᠯᠢᠭ᠂ ᠰᠠᠨᠠᠭ᠎ᠠ ᠰᠡᠳᠬᠢᠯ ᠳᠦᠭᠦᠷᠡᠩ᠂ ᠮᠥᠨᠴᠦ ᠮᠠᠨ ᠤ | ᠰᠠᠭᠤᠭᠠᠯᠢ ᠠᠷᠠᠳ ᠡᠶᠢᠮᠦ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠳᠤ ᠦᠷᠭᠦᠯᠵᠢᠯᠡᠨ ᠰᠠᠶᠢᠨ ᠰᠠᠶᠢᠬᠠᠨ | ᠬᠥᠭᠵᠢᠵᠦ᠂ ᠨᠡᠩ ᠰᠠᠶᠢᠨ ᠰᠠᠶᠢᠬᠠᠨ ᠠᠮᠢᠳᠤᠷᠠᠨ᠎ᠠ ᠭᠡᠳᠡᠭ ᠲᠤ ᠲᠤᠩ ᠢᠲᠡᠭᠡᠯᠲᠡᠢ ᠪᠠᠶᠢᠨ᠎ᠠ᠃ ᠲᠡᠭᠡᠪᠡᠯ ᠰᠢ ᠶᠢᠨ | ᠫᠢᠩ ᠶᠡᠷᠦᠩᠬᠡᠢ ᠱᠦᠵᠢ ᠶᠡᠷᠦ ᠨᠢ ᠶᠠᠷᠢᠭᠰᠠᠨ ᠪᠠᠶᠢᠳᠠᠭ᠂ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ | ᠪᠢᠳᠠᠨ ᠤ ᠲᠡᠮᠡᠴᠡᠬᠦ ᠬᠠᠷᠠᠯᠲᠠ᠂ ᠡᠶᠢᠮᠦ ᠠᠴᠠ ᠮᠠᠨᠤᠰ ᠦᠷᠭᠦᠯᠵᠢᠯᠡᠨ ᠰᠠᠭᠤᠭᠠᠯᠢ ᠲᠣᠭᠤᠷᠢᠭ ᠤᠨ ᠢᠶᠠᠨ ᠠᠷᠠᠳ | ᠣᠯᠠᠨ ᠳᠠᠭᠠᠨ ᠨᠡᠩ ᠰᠠᠶᠢᠨ ᠦᠢᠯᠡᠴᠢᠯᠡᠵᠦ ᠪᠠᠶᠢᠭᠠᠳ ᠮᠠᠨ ᠤ ᠨᠠᠨᠳᠢᠨ ᠨᠡᠶᠢᠭᠡᠮ ᠲᠣᠭᠤᠷᠢᠭ ᠢᠶᠠᠨ ᠵᠤᠯ ᠵᠢᠷᠭᠠᠯᠲᠠᠢ᠂ | ᠡᠶ᠎ᠡ ᠵᠣᠬᠢᠴᠠᠯᠲᠠᠢ᠂ ᠰᠠᠶᠢᠨ ᠰᠠᠶᠢᠬᠠᠨ ᠨᠡᠶᠢᠭᠡᠮ ᠲᠣᠭᠤᠷᠢᠭ ᠪᠣᠯᠭᠠᠵᠤ ᠪᠦᠲᠦᠭᠡᠨ ᠪᠠᠶᠢᠭᠤᠯᠤᠶ᠎ᠠ ᠭᠡᠵᠦ ᠵᠣᠷᠢᠭ | ᠰᠢᠭᠤᠳᠴᠤ ᠪᠠᠶᠢᠨ᠎ᠠ︾ ᠬᠡᠪᠡ᠃ | ᠨᠠᠨᠳᠢᠨ ᠨᠡᠶᠢᠬᠡᠮ ᠲᠤᠭᠤᠷᠢᠭ ᠪᠤᠯ 2012 ᠣᠨ ᠳᠤ ᠪᠠᠶᠢᠭᠤᠯᠤᠭᠳᠠᠭᠰᠠᠨ ᠨᠡᠬᠦᠯᠬᠡᠨ ᠰᠢᠯᠵᠢᠬᠦᠯᠦᠭᠰᠡᠨ | ᠮᠠᠯᠴᠢᠨ ᠲᠠᠷᠢᠶᠠᠴᠢᠳ ᠢᠶᠠᠷ ᠪᠦᠷᠢᠯᠳᠦᠭᠰᠡᠨ 12000 ᠭᠠᠷᠤᠢ ᠰᠠᠭᠤᠭᠠᠯᠢ ᠠᠷᠠᠳ ᠲᠠᠢ ᠨᠢᠭᠡᠨ ᠲᠣᠮᠣᠬᠠᠨ ᠨᠡᠶᠢᠭᠡᠮ | ᠲᠣᠭᠤᠷᠢᠭ ᠪᠣᠯᠣᠨ᠎ᠠ᠃ ᠨᠡᠶᠢᠭᠡᠮ ᠲᠣᠭᠤᠷᠢᠭ ᠠᠴᠠ ᠵᠢᠯ ᠪᠤᠯᠭᠠᠨ ᠴᠠᠭᠠᠨ ᠰᠠᠷ᠎ᠠ ᠶᠢᠨ ᠦᠳᠡᠰᠢᠯᠡᠭᠡ ᠡᠷᠬᠢᠯᠡᠳᠡᠭ | ᠮᠦᠷᠳᠡᠬᠡᠨ ᠨᠡᠶᠢᠬᠡᠮ ᠲᠤᠭᠤᠷᠢᠭ ᠤᠨ ᠤᠯᠠᠨ ᠲᠦᠮᠡᠨ ᠢᠳᠡᠪᠬᠢᠳᠡᠢ ᠤᠷᠤᠯᠴᠠᠵᠤ ᠦᠪᠡᠷ ᠤᠨ ᠵᠤᠬᠢᠶᠠᠵᠤ | ᠪᠡᠯᠡᠳᠬᠡᠭᠰᠡᠨ ᠲᠤᠭᠯᠠᠯᠳᠠ ᠪᠠᠷ ᠢᠶᠠᠨ ᠠᠮᠢᠳᠤᠷᠠᠯ ᠤᠨ ᠲᠤᠮᠳᠠᠬᠢ ᠬᠤᠪᠢᠷᠠᠯᠳᠠ ᠬᠦᠭᠵᠢᠯᠳᠡ ᠪᠠᠨ ᠤᠷᠠᠯᠢᠭ ᠤᠨ | ᠬᠡᠯᠪᠡᠷᠢ ᠪᠠᠷ ᠲᠡᠯᠬᠡᠨ ᠬᠠᠷᠠᠭᠤᠯᠬᠤ ᠶᠢ ᠵᠤᠷᠢᠳᠠᠭ ᠪᠠᠶᠢᠨ᠎ᠠ᠃ |