ᠮᠠᠨ ᠤ ᠬᠤᠰᠢᠭᠤ ᠭᠠᠷ ᠬᠢᠴᠡ ᠶᠢᠨ ᠪᠦᠲᠦᠭᠡᠭᠳᠡᠬᠦᠨ ᠢᠶᠠᠷ ᠭᠤᠤᠯ ᠪᠤᠯᠭᠠᠭᠰᠠᠨ ᠰᠢᠨ᠎ᠡ ᠶᠢᠨ ᠪᠠᠷᠠᠭᠠᠨ ᠤ ᠴᠤᠭᠯᠠᠭᠠᠨ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2019-02-11
     ᠣᠶᠢᠷ᠎ᠠ ᠳᠤ᠂ ᠮᠠᠨ ᠤ ᠬᠤᠰᠢᠭᠤ ᠤᠷᠤᠨ ᠨᠤᠳᠤᠭ ᠤᠨ ᠪᠤᠳᠠᠳᠤ ᠪᠠᠶᠢᠳᠠᠯ ᠢᠶᠠᠨ ᠦᠨᠳᠦᠰᠦᠯᠡᠵᠦ ᠭᠠᠷ ᠬᠢᠴᠡ ᠶᠢᠨ ᠪᠦᠳᠦᠬᠡᠭᠳᠡᠬᠦᠨ ᠢᠶᠠᠷ ᠭᠤᠤᠯ ᠪᠤᠯᠭᠠᠭᠰᠠᠨ ᠰᠢᠨ᠎ᠡ ᠶᠢᠨ ᠪᠠᠷᠠᠭᠠᠨ ᠤ ᠴᠤᠭᠯᠠᠭᠠᠨ ᠢ ᠦᠥᠰᠢᠨ ᠬᠤᠰᠢᠭᠤᠨ ᠤ ᠰᠤᠶᠤᠯ ᠤᠨ ᠠᠵᠤ ᠦᠢᠯᠡᠰ ᠤᠨ ᠪᠦᠳᠦᠬᠡᠯᠳᠡ ᠶᠢᠨ ᠬᠦᠷᠢᠶᠠᠯᠠᠩ ᠳᠤ ᠡᠷᠬᠢᠯᠡᠵᠦ ᠰᠣᠮᠣ ᠪᠠᠯᠭᠠᠰᠤᠨ  ᠤ ᠬᠢᠨ ᠬᠠᠷᠢᠶ᠎ᠠ ᠲᠤᠭᠤᠷᠢᠭ ᠤᠨ ᠢᠶᠠᠨ ᠮᠠᠯᠴᠢᠨ ᠲᠠᠷᠢᠶᠠᠴᠢᠨ ᠤ ᠬᠦᠳᠡᠭᠡ ᠠᠵᠤ ᠠᠬᠤᠢ ᠶᠢᠨ ᠪᠦᠳᠦᠬᠡᠭᠳᠡᠬᠦᠨ᠂ ᠰᠠᠭᠠᠯᠢ ᠶᠢᠨ ᠪᠦᠳᠦᠬᠡᠭᠳᠡᠬᠦᠨ᠂ ᠭᠠᠷ ᠬᠢᠴᠡ ᠶᠢᠨ ᠪᠦᠳᠦᠬᠡᠭᠳᠡᠬᠦᠨ ᠵᠡᠷᠬᠡ ᠶᠢ ᠲᠡᠯᠬᠡᠨ ᠪᠤᠷᠤᠯᠠᠭᠤᠯᠵᠤ ᠨᠤᠳᠤᠭ ᠤᠷᠤᠨ ᠤ ᠨᠡᠷ᠎ᠡ ᠠᠯᠳᠠᠷᠰᠢᠯ ᠢ ᠲᠡᠬᠡᠭᠰᠢᠯᠡᠬᠦᠯᠬᠦ ᠶᠢᠨ ᠬᠠᠮᠳᠤ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠠᠷᠭ᠎ᠠ ᠵᠠᠮ ᠪᠤᠯᠭᠠᠵᠤ ᠪᠤᠢ᠃      ᠮᠠᠨ ᠤ ᠬᠤᠰᠢᠭᠤ ᠤᠶᠢᠷ᠎ᠠ ᠶᠢᠨ ᠵᠢᠯ ᠠᠴᠠ ᠮᠠᠯᠴᠢᠨ ᠲᠠᠷᠢᠶᠠᠴᠢᠨ ᠤ ᠭᠠᠷ ᠬᠢᠴᠡ ᠶᠢᠨ ᠪᠦᠳᠦᠬᠡᠭᠳᠡᠬᠦᠨ ᠤ ᠦᠢᠯᠡᠰ ᠢ ᠴᠢᠬᠤᠯᠠᠴᠢᠯᠠᠨ ᠠᠳᠬᠤᠭᠰᠠᠨ ᠢᠶᠠᠷ ᠤᠳᠤ ᠪᠤᠯᠬᠤ ᠳᠤ ᠨᠡᠯᠢᠶᠡᠳ ᠶᠡᠭᠡ ᠬᠦᠭᠵᠢᠯᠳᠡ ᠶᠢ ᠤᠯᠵᠤ ᠪᠠᠳᠤ ᠪᠠᠬᠢ ᠰᠠᠭᠤᠷᠢ ᠲᠠᠢ ᠪᠤᠯᠵᠠᠢ᠃ ᠡᠨᠡᠬᠦ ᠪᠠᠶᠢᠳᠠᠯ ᠢᠶᠠᠨ ᠦᠨᠳᠦᠰᠤᠯᠠᠵᠤ ᠮᠠᠨ ᠤ ᠬᠤᠰᠢᠭᠤᠨ ᠤ ᠬᠢᠨ ᠬᠦᠬᠡᠬᠡ ᠰᠠᠷ᠎ᠠ  ᠶᠢᠨ ᠠᠷᠪᠠᠨ ᠨᠠᠢᠮᠠᠨ ᠠᠴᠠ ᠠᠩᠬᠠᠳᠤᠭᠠᠷ ᠣᠳᠠᠭᠠᠨ ᠤ ᠰᠢᠨ᠎ᠡ ᠶᠢᠨ ᠪᠠᠷᠠᠭᠠᠨ ᠤ ᠴᠤᠭᠯᠠᠭᠠᠨ ᠢ ᠡᠷᠬᠢᠯᠡᠵᠦ ᠮᠠᠯᠴᠢᠨ ᠲᠠᠷᠢᠶᠠᠴᠢᠨ ᠤ ᠬᠦᠳᠡᠭᠡ ᠠᠵᠤ ᠠᠬᠤᠢ ᠶᠢᠨ ᠪᠦᠳᠦᠬᠡᠭᠳᠡᠬᠦᠨ᠂ ᠨᠤᠳᠤᠭ ᠤᠨ ᠭᠠᠷᠤᠯᠳᠠ ᠵᠡᠷᠬᠡ ᠶᠢ ᠲᠦᠪᠯᠡᠷᠡᠬᠦᠯᠦᠨ ᠪᠤᠷᠤᠯᠠᠭᠤᠯᠬᠤ ᠶᠢᠨ ᠬᠠᠮᠳᠤ ᠲᠤᠬᠠᠢ ᠶᠢᠨ ᠲᠠᠯᠠᠪᠠᠢ ᠳᠤ ᠬᠤᠤᠰ ᠤᠶᠠᠩᠭ᠎ᠠ ᠬᠦᠷᠬᠡᠬᠦ᠂ ᠠᠮᠳᠠᠳᠤ ᠢᠳᠡᠬᠡᠨ ᠠᠮᠳᠠᠯᠠᠬᠤ ᠵᠡᠷᠬᠡ ᠠᠵᠢᠯᠯᠠᠭ᠎ᠠ ᠶᠢ ᠵᠡᠷᠬᠡᠪᠡᠷ ᠶᠠᠪᠤᠭᠳᠠᠭᠤᠯᠵᠤ ᠪᠤᠢ᠃ ᠤᠶᠢᠯᠠᠭᠠᠭᠰᠠᠨ ᠢᠶᠠᠷ ᠬᠤᠰᠢᠭᠤ᠂ ᠰᠤᠮᠤ ᠪᠠᠯᠭᠠᠰᠤᠨ ᠤ ᠬᠢᠨ ᠮᠠᠯᠴᠢᠨ ᠲᠠᠷᠢᠶᠠᠴᠢᠨ ᠢᠶᠠᠨ ᠵᠤᠬᠢᠶᠠᠨ ᠪᠠᠶᠢᠭᠤᠯᠵᠤ ᠰᠢᠨ᠎ᠡ ᠶᠢᠨ ᠪᠠᠷᠠᠭᠠᠨ ᠤ ᠴᠤᠭᠯᠠᠭᠠᠨ ᠳᠤ ᠭᠤᠷᠪᠠ ᠭᠤᠷᠪᠠᠨ ᠡᠳᠦᠷ ᠢᠶᠠᠷ ᠤᠷᠤᠯᠴᠠᠵᠤ ᠲᠤᠰ ᠠᠵᠢᠯᠯᠠᠭ᠎ᠠ ᠨᠢ ᠪᠢᠳᠡᠬᠦᠨ ᠪᠤᠯᠳᠠᠯ᠎ᠠ ᠦᠷᠬᠦᠯᠵᠢᠯᠡᠬᠦ ᠪᠠᠷ ᠪᠠᠶᠢᠨ᠎ᠠ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号