ᠬᠤᠰᠢᠭᠤ ᠨᠠᠮ ᠤᠨ ᠬᠤᠷᠢᠶᠠᠨ ᠤ ᠱᠥᠵᠢ ᠡᠷᠳᠠᠨᠢᠪᠢᠯᠢᠭ᠌ ᠤᠯᠠᠭᠠᠠᠳᠤᠯᠤᠭᠠᠢ ᠪᠠᠯᠭᠠᠰᠤᠨ ᠤ 2018 ᠤᠨ  ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠨ ᠵᠢᠭᠠᠨ ᠵᠢᠯᠤᠭᠤᠳᠤᠯᠭ᠎ᠠ ᠬᠢᠪᠠ
ᠨᠡᠶᠢᠲᠡᠯᠡᠭᠰᠡᠨ ᠴᠠᠭ᠄
2019-02-11
     1 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠠᠨᠢᠪᠢᠯᠢᠭ᠌ ᠤᠯᠠᠭᠠᠠᠳᠤᠯᠤᠭᠠᠢ ᠪᠠᠯᠭᠠᠰᠤᠨ ᠤ 2018 ᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ  ᠤᠨ ᠬᠤᠷᠠᠯ ᠳᠤ ᠤᠷᠤᠯᠴᠠᠨ ᠵᠢᠭᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠳᠠᠷᠠ ᠴᠢᠬᠤᠯᠠᠴᠢᠯᠠᠬᠤ ᠳᠠᠭᠠᠨ ᠪᠠᠯᠭᠠᠰᠣᠨ ᠤ ᠣᠳᠣᠷᠢᠳᠬᠤ ᠪᠠᠭ ᠪᠠ ᠪᠠᠭ ᠤᠨ ᠬᠡᠰᠢᠬᠦᠳ ᠣᠬᠠᠮᠰᠠᠷ ᠠᠴᠠ ᠪᠠᠨ ᠴᠡᠭᠴᠡᠯᠡᠨ ᠵᠠᠰᠠᠬᠤ ᠠᠵᠢᠯ ᠤᠨ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠵᠣ ᠪᠠᠶᠢᠴᠠᠭᠠᠨ ᠭᠠᠷᠭᠠᠭᠰᠠᠨ ᠠᠰᠠᠭᠤᠳᠠᠯ ᠢ ᠳᠠᠷᠠᠭᠠᠯᠠᠨ ᠰᠣᠳᠣᠯᠵᠣ ᠴᠡᠭᠴᠡᠯᠡᠨ ᠵᠠᠰᠠᠵᠣ ᠨᠠᠮ ᠤᠨ ᠬᠡᠰᠢᠬᠦᠨ ᠣᠯᠠᠨ ᠲᠦᠮᠡᠨ ᠤ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ ᠠᠰᠠᠭᠤᠳᠠᠯ ᠤᠳ ᠢ ᠬᠦᠢᠴᠡᠳ ᠴᠡᠭᠴᠡᠯᠡᠨ ᠤᠨ ᠦᠷ᠎ᠡ ᠪᠦᠳᠦᠬᠡᠯ ᠢ ᠣᠳᠣᠷᠢᠳᠬᠤ ᠪᠠᠭ ᠤᠨ ᠪᠠᠶᠢᠭᠤᠯᠣᠯᠳᠠ ᠶᠢᠨ ᠪᠣᠳᠠᠳᠣ ᠦᠷ᠎ᠡ ᠪᠦᠳᠣᠮᠵᠢ ᠪᠣᠯᠭᠠᠨ ᠬᠤᠪᠢᠷᠠᠭᠤᠯᠬᠤ ᠬᠡᠷᠡᠭᠳᠡᠢ ᠬᠡᠵᠡᠢ᠃
         ᠤᠯᠠᠭᠠᠠᠳᠤᠯᠤᠭᠠᠢ ᠪᠠᠯᠭᠠᠰᠤᠨ ᠤ ᠤᠳᠤᠷᠢᠳᠬᠤ ᠪᠠᠭ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ᠂ ᠬᠤᠷᠠᠯ ᠠᠴᠠ ᠡᠮᠤᠨ᠎ᠠ ᠭᠥᠨᠵᠡᠭᠡᠢ ᠰᠤᠷᠤᠯᠴᠠᠨ ᠰᠤᠳᠤᠯᠵᠤ ᠥᠷᠭᠡᠨ ᠬᠡᠪᠴᠢᠶ᠎ᠠ ᠪᠠᠷ ᠰᠠᠨᠠᠯ ᠬᠤᠷᠢᠶᠠᠨ ᠡᠯ᠎ᠠ ᠲᠥᠷᠥᠯ ᠤᠨ ᠪᠠᠯᠠᠳᠭᠡᠯ ᠠᠵᠢᠯ ᠢ ᠰᠠᠶᠢᠨ ᠭᠢᠭᠰᠡᠨ ᠪᠠᠶᠢᠨ᠎ᠠ᠃ ᠬᠤᠷᠠᠯ ᠲᠡᠭᠡᠷ᠎ᠡ ᠪᠠᠯᠭᠠᠰᠤᠨ ᠤ ᠨᠠᠮ ᠤᠨ ᠬᠤᠷᠢᠶᠠᠨ ᠤ ᠱᠥᠵᠢ ᠠᠴᠠ 2017 ᠤᠨ ᠤ ᠠᠷᠠᠳᠴᠢᠯᠠᠯ  ᠤᠨ ᠠᠮᠢᠳᠤᠷᠠᠯ ᠤᠨ ᠬᠤᠷᠠᠯ᠂ 2018 ᠤᠨ ᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ  ᠤᠨ ᠴᠡᠭᠴᠡᠯᠠᠨ ᠰᠠᠶᠢᠵᠢᠷᠠᠭᠤᠯᠵᠣ ᠨᠠᠶᠢᠳᠠᠪᠤᠷᠢᠭᠤᠯᠤᠭᠰᠠᠨ ᠪᠠᠶᠢᠳᠠᠯ ᠪᠤᠯᠤᠨ ᠬᠤᠷᠠᠯ ᠠᠴᠠ ᠡᠮᠤᠨᠠᠭᠢ ᠪᠡᠯᠡᠳᠭᠡᠯ ᠠᠵᠢᠯ ᠢ ᠨᠠᠶᠢᠳᠠᠯᠠᠵᠤ᠂ ᠪᠠᠯᠭᠠᠰᠤᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠣᠭᠰᠠᠨ ᠪᠠᠶᠢᠴᠠᠭᠠᠯᠳᠠ ᠭᠢᠵᠤ ᠪᠠᠯᠭᠠᠰᠤᠨ ᠤ ᠤᠳᠤᠷᠢᠳᠬᠤ ᠪᠠᠭ ᠤᠨ ᠪᠥᠷᠢᠯᠳᠤᠭᠦᠨ ᠬᠡᠰᠢᠬᠦᠳ ᠬᠠᠷᠭᠤᠭᠤᠯᠣᠭᠰᠠᠨ  ᠪᠠᠶᠢᠴᠠᠭᠠᠯᠳᠠ ᠭᠢᠭᠦ ᠶᠢᠨ ᠬᠠᠮᠳᠤ ᠬᠠᠷᠢᠯᠴᠠᠨ ᠰᠢᠭᠦᠮᠵᠢᠯᠠᠯ ᠬᠢᠵᠣ᠂ ᠬᠤᠰᠢᠭᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠢᠨᠠᠨ ᠵᠢᠯᠣᠭᠤᠳᠣᠯᠭ᠎ᠠ ᠶᠢᠨ ᠲᠥᠷᠪᠡᠳᠤᠭᠡᠷ ᠲᠤᠭᠤᠶᠢᠯᠠᠩ ᠠᠴᠠ ᠥᠨᠠᠯᠠᠯᠳᠠ ᠭᠢᠪᠠ᠃      ᠬᠤᠷᠠᠯ ᠲᠡᠭᠡᠷ᠎ᠡ ᠡᠷᠳᠡᠨᠢᠪᠢᠯᠢᠭ ᠵᠢᠭᠠᠬᠤ ᠳᠤ ᠪᠠᠨ᠂ ᠪᠠᠯᠭᠠᠰᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠭᠡᠯ ᠠᠵᠢᠯ ᠢ ᠭᠥᠢᠴᠡᠳ ᠬᠢᠵᠣ ᠬᠤᠷᠠᠯ ᠤᠨ ᠭᠤᠤᠯ ᠰᠡᠳᠤᠪ ᠤᠨ ᠦᠪᠡᠷᠮᠢᠴᠡ ᠣᠨᠴᠠᠯᠢᠭ ᠨᠢ ᠲᠤᠪᠤᠶᠢᠮ᠎ᠠ ᠪᠠᠶᠢᠵᠤ᠂ ᠪᠥᠭᠦᠳᠡᠭᠡᠷ ᠢᠶᠠᠨ ᠠᠰᠠᠭᠤᠳᠠᠯ ᠳᠤ ᠵᠥᠪ ᠬᠠᠨᠳᠤᠵᠤ᠂ ᠬᠠᠷᠢᠯᠴᠠᠨ ᠰᠢᠭᠦᠮᠵᠢᠯᠠᠭᠦ ᠶᠢᠨ ᠬᠠᠮᠳᠤ ᠰᠢᠭᠦᠮᠵᠢᠯᠠᠯ ᠪᠠ ᠥᠪᠠᠷ ᠤᠨ ᠰᠢᠭᠦᠮᠵᠢᠯᠠᠯ ᠢ ᠵᠤᠷᠢᠭᠳᠠᠢ ᠬᠢᠵᠣ ᠠᠰᠠᠭᠤᠳᠠᠯ ᠳᠤ ᠴᠢᠭᠯᠡᠭᠦᠯᠤᠨ ᠪᠤᠳᠠᠳᠠᠢ ᠠᠴᠠ ᠡᠬᠦᠰᠴᠣ ᠠᠰᠠᠭᠤᠳᠠᠯ ᠤᠨ ᠰᠢᠯᠳᠠᠭᠠᠨ ᠢ ᠵᠠᠳᠠᠯᠵᠤ᠂ ᠴᠡᠭᠴᠡᠯᠠᠨ ᠰᠠᠶᠢᠵᠢᠷᠠᠭᠤᠯᠬᠤ ᠴᠢᠭᠯᠡᠯ ᠢᠶᠠᠨ ᠲᠤᠳᠤᠷᠬᠠᠶᠢᠯᠠᠵᠣ ᠬᠠᠮᠳᠤ ᠶᠢᠨ ᠦᠵᠡᠯ ᠰᠠᠨᠠᠭ᠎ᠠ ᠲᠠᠨᠢᠯᠳᠠ ᠪᠠᠨ ᠨᠢᠬᠡᠳᠬᠡᠨ ᠪᠥᠯᠭᠦᠮᠳᠠᠨ ᠳᠠᠮᠠᠴᠠᠵᠣ ᠠᠵᠢᠯ ᠣᠶᠢᠯᠡᠰ ᠢᠶᠠᠨ ᠦᠷᠨᠢᠬᠦᠯᠣᠨ ᠨᠠᠶᠢᠳᠠᠪᠣᠷᠢᠵᠢᠭᠤᠯᠵᠣ ᠴᠢᠳᠠᠭᠰᠠᠨ ᠪᠠᠶᠢᠨ᠎ᠠ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠠᠯᠭᠠᠰᠤᠨ ᠤ ᠤᠳᠤᠷᠢᠳᠬᠤ ᠪᠠᠭ ᠪᠤᠯᠤᠨ ᠪᠠᠭ ᠤᠨ ᠪᠥᠷᠢᠯᠳᠤᠭᠦᠨ ᠬᠡᠰᠢᠬᠦᠳ ᠳᠣᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠨ᠂ ᠤᠯᠤᠰ ᠲᠥᠷᠥ ᠶᠢᠨ ᠪᠠᠶᠢᠭᠤᠯᠤᠯᠳᠠ ᠶᠢ ᠲᠠᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠪᠤᠯᠤᠨ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠳᠣᠭᠤᠰᠢᠯᠠᠭᠤᠯᠵᠣ᠂ ᠤᠷᠤᠨ ᠨᠣᠳᠤᠭ ᠤᠨ ᠨᠠᠮ ᠤᠨ ᠬᠤᠷᠢᠶᠠᠨ ᠤ ᠠᠵᠢᠯ ᠤᠨ ᠲᠥᠷᠢᠮ ᠲᠤᠭᠳᠠᠭᠠᠯ ᠢ ᠳᠣᠭᠤᠰᠢᠯᠠᠭᠤᠯᠣᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠠᠵᠣ ᠡᠯ᠎ᠠ ᠱᠠᠳᠤᠨ ᠤ ᠡᠯ᠎ᠠ ᠲᠥᠷᠤᠯ ᠤᠨ ᠲᠥᠷᠤ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠤᠯᠠᠭᠠᠨᠳᠤᠯᠤᠭᠠᠢ ᠪᠠᠯᠭᠠᠰᠤᠨ  ᠳᠤ ᠨᠠᠶᠢᠳᠠᠪᠤᠷᠢᠵᠢᠭᠤᠯᠤᠭᠳᠠᠬᠤ ᠶᠢ ᠠᠭᠢᠭᠤᠯᠬᠤ ᠭᠡᠷᠡᠭᠳᠠᠢ᠃      ᠨᠠᠮ ᠤᠨ ᠲᠤᠳᠤᠭᠠᠳᠤ ᠶᠢᠨ ᠤᠯᠤᠰ ᠲᠥᠷᠥ ᠶᠢᠨ ᠠᠮᠢᠳᠤᠷᠠᠯ ᠪᠤᠯᠤᠨ ᠨᠠᠮ ᠤᠨ ᠲᠤᠳᠤᠭᠠᠳᠤ ᠶᠢᠨ ᠭᠢᠨᠠᠯᠳᠠ ᠲᠠᠯᠪᠢᠬᠤ ᠰᠢᠨ᠎ᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳᠴᠢᠯᠠᠯ ᠲᠥᠪᠯᠠᠷᠠᠯ ᠤᠨ ᠲᠥᠷᠢᠮ ᠢ ᠴᠢᠩᠭ᠎ᠠ ᠭᠡᠷᠡᠭᠵᠢᠭᠦᠯᠤᠨ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠬᠤᠶᠠᠷ ᠬᠠᠷᠢᠭᠤᠴᠠᠯᠭ᠎ᠠ ᠶᠢ ᠪᠤᠳᠠᠶᠢᠵᠢᠭᠤᠯᠵᠤ ᠥᠵᠠᠯ ᠤᠬᠠᠮᠰᠠᠷ ᠤᠨ ᠭᠡᠯᠪᠠᠷᠢ ᠶᠢᠨ ᠬᠠᠷᠢᠭᠤᠴᠯᠠᠭ᠎ᠠ ᠶᠢᠨ ᠲᠥᠷᠢᠮ ᠢ ᠨᠠᠶᠢᠳᠠᠪᠤᠷᠢᠵᠢᠭᠤᠯᠤᠨ ᠨᠠᠮ ᠤᠨ ᠲᠤᠳᠤᠭᠠᠳᠤ  ᠳᠠᠬᠢ ᠤᠯᠤᠰ ᠲᠥᠷᠥ ᠶᠢᠨ ᠠᠮᠢᠳᠤᠷᠠᠯ ᠢ ᠴᠡᠪᠡᠷᠰᠢᠭᠦᠯᠭᠦ ᠭᠡᠷᠡᠭᠳᠠᠢ᠃      ᠨᠠᠮ ᠤᠨ ᠭᠡᠰᠢᠭᠦᠨ ᠤ ᠭᠥᠮᠤᠵᠢᠯ ᠤᠨ ᠪᠠᠶᠢᠩᠭᠤᠵᠢᠭᠤᠯᠤᠯᠳᠠ ᠲᠥᠷᠢᠮᠵᠢᠭᠦᠯᠥᠯᠳᠠ ᠶᠢ ᠠᠭᠢᠭᠤᠯᠤᠨ᠂ ︽ᠠᠵᠢᠯ ᠤᠨ ᠰᠤᠷᠳᠠᠯ ᠢ ᠬᠤᠪᠢᠷᠠᠭᠤᠯᠵᠣ ᠵᠤᠷᠢᠭᠳᠠᠢ ᠡᠭᠦᠷᠭᠡᠯᠡᠨ ᠨᠠᠶᠢᠳᠠᠪᠤᠷᠢᠵᠢᠭᠤᠯᠤᠯᠳᠠ ᠶᠢ ᠠᠳᠬᠤᠬᠤ︾ ᠠᠵᠢᠯ  ᠤᠨ ᠥᠷ᠎ᠠ ᠪᠦᠳᠣᠮᠵᠢ ᠶᠢᠨ ᠲᠡᠭᠡᠭᠰᠢᠯᠠᠭᠦᠯᠤᠯᠳᠠ ᠶᠢᠨ ᠤᠨ ᠢᠶᠠᠷ ᠠᠵᠠ ᠲᠤᠭᠢᠶᠠᠯ ᠪᠤᠯᠭᠠᠨ ᠤᠭ ᠰᠠᠨᠠᠭ᠎ᠠ ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ ᠰᠤᠷᠤᠯᠴᠠᠯᠭ᠎ᠠ ᠭᠥᠮᠤᠵᠢᠯ  ᠪᠤᠯᠤᠨ ᠬᠤᠶᠠᠷ ᠢ ᠰᠤᠷᠤᠯᠴᠠᠨ ᠭᠢᠷᠢ ᠲᠡᠩᠴᠡᠭᠰᠠᠨ ᠨᠠᠮ ᠤᠨ ᠭᠡᠰᠢᠭᠦᠨ ᠪᠤᠯᠬᠤ ᠶᠢ ᠪᠠᠶᠢᠩᠭᠤᠵᠢᠭᠤᠯᠬᠤ ᠠᠵᠢᠯ ᠤᠨ ᠲᠤᠭᠤᠷᠢᠨ ᠳᠤ ︽ᠭᠤᠷᠪᠠᠨ ᠬᠤᠷᠠᠯ ᠨᠢᠭᠡ ᠭᠢᠴᠢᠶᠠᠯ︾  ᠵᠡᠷᠭᠡ ᠥᠨᠳᠤᠰᠤᠨ ᠲᠥᠷᠢᠮ ᠢ ᠰᠠᠶᠢᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ  ᠪᠠᠷ ᠲᠠᠷᠢᠭᠢ ᠲᠤᠯᠤᠭᠠᠢ ᠪᠠᠨ ᠵᠠᠪᠰᠡᠭᠯᠠᠵᠤ᠂ ᠥᠷᠭᠡᠨ ᠤᠯᠠᠨ ᠺᠠᠳ᠋ᠷᠴᠤᠳ ᠤᠨ ᠲᠠᠮᠴᠠᠯ ᠤᠨ ᠵᠤᠷᠢᠭ ᠰᠠᠨᠠᠭ᠎ᠠ᠂ ᠴᠢᠳᠠᠪᠤᠷᠢ ᠶᠢ ᠲᠡᠭᠡᠭᠰᠢᠯᠠᠭᠦᠯᠤᠨ ᠥᠭᠡᠷᠡᠴᠢᠯᠠᠯᠳᠠ ᠭᠥᠭᠵᠢᠯᠳᠠ ᠲᠤᠮᠳᠠᠭᠢ ᠭᠥᠴᠢᠷᠳᠠᠯ ᠢ ᠰᠶᠢᠳᠪᠤᠷᠢᠯᠠᠭᠦ  ᠬᠡᠷᠡᠭᠳᠡᠢ᠃ ᠪᠥᠭᠦ ᠪᠠᠯᠭᠠᠰᠤᠨ ᠤ ᠡᠯ᠎ᠠ ᠥᠨᠳᠤᠰᠤᠳᠠᠨ ᠤ ᠺᠠᠳ᠋ᠷ ᠤᠯᠠᠨ ᠲᠥᠮᠡᠨ ᠢ ᠪᠥᠯᠭᠦᠮᠳᠠᠭᠦᠯᠤᠨ ᠳᠠᠶᠢᠴᠢᠯᠠᠵᠣ᠂ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠣᠭᠠᠷ ᠤᠳᠠᠭᠠᠨ ᠤ ᠪᠥᠭᠦᠳᠠ ᠬᠤᠷᠠᠯ ᠤᠨ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠳᠣᠭᠤᠰᠢᠯᠠᠭᠤᠯᠣᠨ ᠰᠤᠪᠤᠷᠭ᠎ᠠ ᠠᠵᠤ ᠠᠬᠤᠢ ᠶᠢᠨ ᠨᠡᠭᠡᠭᠡᠯᠳᠠ   ᠶᠢᠨ ᠤᠷᠤᠨ᠂ ᠴᠢᠬᠤᠯᠠ ᠲᠤᠮᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠪᠤᠯᠤᠨ ᠲᠠᠮᠡᠭᠡᠳᠤ ᠲᠠᠢ ᠤᠶᠢᠷ᠎ᠠ ᠵᠡᠷᠬᠡᠯᠡᠳᠡᠭᠡ ᠪᠠᠶᠢᠬᠤ ᠲᠠᠪᠠᠭᠤᠯᠢᠭ ᠢ ᠭᠥᠢᠴᠡᠳ ᠠᠰᠢᠭᠯᠠᠨ ᠲᠥᠭᠦᠷᠴᠢᠯᠡᠭᠰᠠᠨ ᠥᠢᠯᠡᠴᠢᠯᠠᠭᠡᠨ ᠤ ᠥᠢᠯᠡᠰ ᠢ ᠭᠥᠭᠵᠢᠭᠦᠯᠥᠨ ᠭᠠᠭ᠋ᠠᠢ᠂ ᠨᠠᠷᠢᠨ ᠨᠤᠤᠰᠤᠳᠤ ᠬᠤᠨᠢ ᠵᠡᠷᠭᠡ ᠶᠢᠨ ᠤᠨᠴᠠᠯᠢᠭᠳᠤ ᠠᠵᠤ ᠥᠢᠯᠡᠰ ᠢ ᠭᠥᠴᠥᠷᠭᠡᠭᠵᠢᠭᠦᠯᠵᠣ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ᠂ ᠤᠷᠴᠢᠨ ᠲᠤᠭᠤᠷᠢᠨ ᠢ ᠶᠠᠷᠤᠩᠭᠡᠶᠢᠯᠠᠨ ᠵᠠᠰᠠᠬᠤ᠂ ᠵᠠᠭᠢᠳᠠᠯ ᠰᠣᠷᠪᠣᠯᠵᠢᠯᠡᠯ ᠲᠤᠭᠳᠠᠭᠤᠨ ᠢ ᠬᠠᠮᠠᠭᠠᠯᠠᠬᠤ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠵᠠᠷᠭᠡ ᠡᠯ᠎ᠠ ᠲᠥᠷᠥᠯ ᠤᠨ ᠠᠵᠢᠯ ᠢ ᠥᠷᠭᠦᠯᠵᠢᠯᠠᠨ ᠰᠠᠶᠢᠨ ᠭᠢᠵᠤ᠂ ᠪᠥᠭᠦ ᠬᠤᠰᠢᠭᠤᠨ ᠤ ᠡᠯ᠎ᠠ ᠲᠥᠷᠥᠯ ᠤᠨ ᠠᠵᠢᠯ ᠥᠢᠯᠡᠰ ᠤᠨ ᠴᠢᠨᠠᠷ ᠰᠠᠶᠢᠳᠡᠢ ᠭᠥᠭᠵᠢᠯᠳᠠ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号