ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠤᠤ ᠹᠸᠢ ᠯᠦ ᠠᠶᠦᠯᠭᠦᠢ ᠦᠢᠯᠡᠳᠪᠦᠷᠢᠯᠡᠯ ᠪᠤᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠴᠠᠭᠠᠯᠲᠠ ᠴᠠᠭᠠᠨ ᠰᠠᠷ᠎ᠠ ᠠᠴᠠ ᠡᠮᠤᠨᠡᠬᠢ ᠲᠤᠬᠤᠨᠢᠭᠤᠯᠭ᠎ᠠ ᠶᠢᠨ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2019-02-11
     1 ᠰᠠᠷ᠎ᠠ ᠶᠢᠨ 31 ᠤ ᠡᠳᠦᠷ ᠠᠴᠠ 2 ᠰᠠᠷ᠎ᠠ ᠶᠢᠨ 1 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠤᠤ ᠹᠸᠢ ᠯᠦ ᠨᠠᠷ ᠰᠢᠷᠬᠤᠰᠤᠨ ᠪᠠᠯᠭᠠᠰᠤ᠂ ᠭᠠᠯᠠᠭᠤᠲᠦ ᠪᠠᠯᠭᠠᠰᠤ ᠪᠠᠷ ᠭᠦᠷᠴᠤ ᠠᠶᠦᠯᠭᠦᠢ ᠦᠢᠯᠡᠳᠪᠦᠷᠢᠯᠡᠯ ᠪᠤᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠳᠤ ᠪᠠᠶᠢᠴᠠᠭᠠᠯᠲᠠ ᠬᠢᠵᠤ ᠭᠡᠰᠡᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠤᠯᠤᠨ ᠭᠦᠴᠢᠷᠳᠡᠯᠲᠡᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠪᠠ᠃ ᠬᠤᠰᠢᠭᠤ ᠤᠳᠤᠷᠢᠳᠤᠯᠭ᠎ᠠ ᠵᠠᠩ ᡁᠢ ᠰᠢᠥ᠋ᠩ᠂ ᠹᠧᠩ ᡁᠢ ᠮᠢᠩ᠂ ᠵᠸᠦ ᠱᠤᠸᠠᠢ᠂ ᠪᠡᠶᠠᠨᠴᠢᠮᠡᠭ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠲᠤᠲᠤᠭᠠᠳᠦ ᠶᠢ ᠬᠠᠮᠠᠭᠠᠯᠠᠬᠤ ᠳᠣᠪᠴᠢᠶ᠎ᠠ᠂ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠠᠳᠠᠳ ᠪᠠᠷᠠᠳᠠᠪᠠ᠃      ᠵᠤᠤ ᠹᠸᠢ ᠯᠦ ᠨᠠᠷ ᠤᠷᠢᠳ ᠬᠤᠵᠢᠳ ᠪᠦᠸᠧ ᠳ᠋ᠠ ᠱᠢ ᠳ᠋ᠢ ᠬᠢᠮᠢ ᠶᠢᠨ ᠬᠢᠵᠠᠭᠠᠷᠲᠦ ᠺᠣᠮᠫᠠᠨᠢ᠂ ᠦᠪᠦᠷ ᠮᠤᠩᠭᠤᠯ ᠤᠨ ᠵᠦᠩ ᠮᠸᠢ ᠪᠦᠯᠥᠭᠯᠡᠯ ᠤᠨ ᠶᠤᠸᠠᠨ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠦ ᠺᠣᠮᠫᠠᠨᠢ ᠂ ᠶᠦᠩ ᠲᠠᠢ ᠢᠯᠴᠢ ᠴᠠᠬᠢᠯᠭᠠᠨ ᠤ ᠪᠦᠯᠦᠭᠯᠡᠯ ᠤᠨ ᠤᠮᠠᠷᠠᠲᠦ ᠶᠢᠨ ᠢᠯᠴᠢ ᠶᠢᠨ ᠡᠨᠧᠷᠬᠢ ᠶᠢᠨ ᠦᠷᠲᠡᠭᠡ᠂ ᠪᠠᠷᠠᠭᠤᠨ ᠭᠡᠰᠡᠭ ᠤᠨ ᠦᠷᠭᠡᠳᠬᠡᠭᠰᠡᠨ ᠤᠰᠤᠨ ᠰᠤᠷᠪᠤᠯᠵᠢ ᠶᠢᠨ ᠣᠷᠣᠨ᠂ ᠲᠤᠮᠳᠠᠳᠤ ᠣᠯᠣᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠦᠷᠲᠡᠭᠡ᠂ ᠬᠤᠢ ᠹᠧᠩ ᠯᠢᠤᠢ ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠣᠯᠣᠨ ᠭᠡᠰᠡᠭ ᠬᠤᠸᠠᠷ ᠫᠤᠤᠵᠢᠩ ᠤᠨ ᠪᠤᠷᠤᠯᠠᠭᠤᠯᠭ᠎ᠠ ᠶᠢᠨ ᠭᠠᠵᠠᠷ᠂ ᠴᠢᠯᠥᠬᠡᠳᠣ ᠳᠡᠯᠭᠡᠭᠦᠷ᠂ ᠳᠤᠰᠤ ᠨᠡᠮᠡᠬᠦ ᠦᠷᠲᠡᠭᠡ ᠪᠠᠷ ᠬᠦᠷᠴᠦ ᠬᠢᠨᠠᠨ ᠪᠠᠶᠢᠴᠠᠭᠠᠯᠲᠠ ᠬᠢᠵᠤ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠤᠭᠤᠰᠢᠯᠠᠯᠲᠠ᠂ ᠳᠠᠯᠳᠠ ᠭᠡᠮ ᠤᠨ ᠪᠠᠶᠢᠴᠠᠭᠠᠨ ᠴᠡᠭᠴᠡᠯᠡᠯᠲᠡ ᠪᠤᠯᠤᠨ ᠴᠠᠭᠠᠨ ᠰᠠᠷ᠎ᠠ ᠶᠢᠨ ᠬᠤᠭᠤᠴᠠᠭᠠᠨ ᠤ ᠵᠢᠵᠢᠭᠦᠷ ᠤᠨ ᠪᠠᠶᠢᠳᠠᠯ ᠢ ᠨᠠᠷᠢᠨ ᠤᠶᠢᠯᠠᠭᠠᠪᠠ᠃
     ᠵᠤᠤ ᠹᠸᠢ ᠯᠦ ᠴᠢᠬᠤᠯᠠᠴᠢᠯᠠᠬᠤ ᠳᠤ ᠪᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠠᠵᠤ ᠠᠬᠤᠶᠢᠯᠠᠯ ᠤᠨ ᠬᠢᠨ ᠤᠰᠤ ᠴᠠᠬᠢᠯᠭᠠᠨ ᠬᠡᠢ ᠪᠤᠯᠤᠨ ᠳᠤᠯᠠᠭᠠᠯᠠᠭ᠎ᠠ ᠶᠢᠨ ᠠᠵᠢᠯ ᠤᠨ ᠡᠳᠦᠷ ᠳᠤᠲᠤᠮ ᠤᠨ ᠬᠠᠮᠠᠭᠠᠯᠠᠯᠲᠠ ᠪᠠᠶᠢᠴᠠᠭᠠᠯᠲᠠ ᠪᠠᠨ ᠰᠠᠶᠢᠲᠤᠷ ᠬᠢᠵᠤ ᠪᠠᠴᠢᠮ ᠪᠠᠶᠢᠳᠠᠯ ᠢ ᠰᠢᠢᠳᠪᠣᠷᠢᠯᠡᠬᠦ ᠠᠵᠢᠯ ᠤᠨ ᠵᠢᠵᠢᠬᠦᠷ ᠢ ᠴᠢᠩᠭᠠᠳᠬᠠᠨ ᠠᠰᠠᠭᠤᠳᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠦᠷᠭᠦᠯᠵᠢᠯᠡᠬᠦᠶᠢᠴᠡ ᠠᠮᠤᠷ ᠲᠦᠪᠰᠢᠨ ᠪᠠᠶᠢᠬᠤ ᠦᠵᠡᠯ ᠤᠬᠠᠮᠰᠠᠷ ᠢ ᠪᠤᠢ ᠪᠤᠯᠭᠠᠵᠤ ᠠᠶᠦᠯᠭᠦᠢ ᠶᠢᠨ ᠬᠠᠷᠢᠭᠤᠴᠠᠯᠭ᠎ᠠ ᠶᠢ ᠴᠢᠩᠭ᠎ᠠ ᠪᠠᠷ ᠲᠤᠭᠤᠰᠢᠯᠠᠭᠤᠯᠤᠨ ᠪᠠᠶᠢᠴᠠᠭᠠᠯᠲᠠ ᠴᠡᠭᠴᠡᠯᠡᠯᠲᠡ ᠪᠠᠨ ᠴᠢᠩᠭᠠᠳᠬᠠᠵᠦ ᠡᠯ᠎ᠡ ᠵᠦᠢᠯ ᠤᠨ ᠠᠶᠦᠯᠭᠦᠢ ᠦᠢᠯᠡᠳᠪᠦᠷᠢᠯᠡᠯ ᠤᠨ ᠭᠡᠨᠡᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠪᠡ᠃      ᠵᠤᠤ ᠹᠸᠢ ᠯᠦ ᠴᠢᠬᠤᠯᠠᠴᠢᠯᠠᠬᠤ ᠳᠤ ᠪᠠᠨ᠂ ᠰᠢᠨ᠎ᠡ ᠵᠢᠯ ᠴᠠᠭᠠᠨ ᠰᠠᠷ᠎ᠠ ᠪᠣᠯ ᠳᠤᠮᠳᠠᠳᠦ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠠᠶᠢᠵᠤ ᠡᠷᠬᠡᠪᠰᠢ ᠠᠷᠠᠳ ᠲᠦᠮᠡᠨ ᠢᠶᠠᠷ ᠭᠤᠣᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠤᠢ ᠪᠤᠯᠭᠠᠨ ᠢᠳᠡᠭᠡᠨ ᠤᠮᠲᠠᠭᠠᠨ ᠤ ᠬᠠᠩᠭᠠᠯᠭ᠎ᠠ ᠪᠤᠯᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠪᠠᠶᠠᠷ ᠤᠨ ᠡᠳᠦᠷ ᠤᠨ ᠰᠤᠶᠤᠯ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠶᠢ ᠪᠠᠶᠠᠯᠢᠭᠵᠢᠭᠤᠯᠤᠨ ᠠᠷᠪᠢᠯᠠᠵᠤ ᠭᠠᠮᠨᠠᠬᠤ᠂ ᠪᠠᠶᠠᠷ ᠬᠦᠷ ᠲᠠᠢ ᠰᠢᠯᠢᠳᠡᠭ ᠰᠠᠶᠢᠨ ᠤᠷᠴᠢᠨ ᠠᠬᠤᠢ ᠶᠢ ᠪᠤᠢ ᠪᠤᠯᠭᠠᠵᠦ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠨᠢᠭᠡᠨ ᠠᠮᠤᠷ ᠲᠦᠪᠰᠢᠨ᠂ ᠵᠤᠯ ᠵᠢᠷᠭᠠᠯᠲᠦ᠂ ᠬᠦᠷ ᠬᠦᠭᠵᠢᠶᠡᠨ ᠲᠠᠢ᠂ ᠡᠶ᠎ᠡ ᠵᠤᠬᠢᠴᠠᠯᠲᠦ ᠴᠠᠭᠠᠨ ᠰᠠᠷ᠎ᠠ ᠪᠠᠨ ᠦᠩᠭᠡᠷᠡᠭᠡᠬᠦ ᠶᠢ ᠪᠠᠲᠤᠯᠠᠬᠤ ᠪᠠᠷ ᠴᠢᠷᠮᠠᠶᠢᠬᠤ ᠬᠡᠷᠡᠭᠲᠡᠢ ᠬᠡᠪᠠ᠃
     ᠵᠤᠤ ᠹᠸᠢ ᠯᠦ ᠨᠠᠷ ᠪᠠᠰᠠ ᠰᠢᠷᠬᠤᠰᠤᠨ ᠪᠠᠯᠭᠠᠰᠤ ᠶᠢᠨ ᠭᠡᠰᠡᠭ ᠬᠦᠴᠢᠷᠳᠡᠯᠲᠡᠢ ᠠᠷᠠᠳ᠂ ᠰᠢᠷᠬᠤᠰᠤᠨ ᠪᠠᠯᠭᠠᠰᠤ ᠶᠢᠨ ᠢᠯᠴᠢ ᠬᠠᠩᠭᠠᠬᠤ ᠦᠷᠲᠡᠭᠡ᠂ ᠬᠤᠰᠢᠭᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ ᠪᠤᠯᠤᠨ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠥᠪ ᠢᠶᠠᠷ ᠪᠤᠯᠭᠤᠭᠠᠨ ᠲᠣᠬᠤᠨᠢᠭᠤᠯᠪᠠ᠃ ᠬᠤᠰᠢᠭᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ ᠲᠤ ᠵᠤᠤ ᠹᠸᠢ ᠯᠦ ᠵᠢᠭᠠᠬᠤ ᠳᠤ ᠪᠠᠨ᠂ ᠤᠶᠢᠷ᠎ᠠ ᠶᠢᠨ ᠵᠢᠯ ᠳᠤ ᠬᠤᠰᠢᠭᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ ᠵᠥᠪ ᠣᠨᠣᠪᠴᠢᠲᠠᠢ ᠤᠬᠠᠭᠤᠯᠭ᠎ᠠ ᠶᠢᠨ ᠠᠵᠢᠯ ᠤᠨ ᠰᠡᠳᠬᠢᠴᠡ ᠪᠠᠷ ᠤᠯᠠᠨ ᠠᠷᠪᠢᠨ ᠠᠴᠢ ᠬᠤᠯᠪᠤᠭᠳᠠᠯ ᠲᠠᠢ ᠰᠤᠨᠢᠨ ᠮᠡᠳᠡᠭᠡᠨ ᠤ ᠤᠬᠠᠭᠤᠯᠭ᠎ᠠ ᠶᠢ ᠬᠢᠭᠰᠡᠨ ᠪᠠᠶᠢᠨ᠎ᠠ᠃ ᠬᠦᠰᠡᠬᠦ ᠨᠢ᠂ ᠰᠢᠨ᠎ᠡ ᠨᠢᠭᠡᠨ ᠵᠢᠯ ᠳᠤ ᠬᠤᠰᠢᠭᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ ᠤᠨ ᠺᠠᠳ᠋ᠷ ᠠᠵᠢᠯᠲᠠᠨ ᠦᠷᠭᠦᠯᠵᠢᠯᠡᠨ ᠴᠢᠷᠮᠠᠶᠢᠨ ᠠᠵᠢᠯᠯᠠᠵᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠦᠷᠦ ᠶᠢᠨ ᠪᠣᠳᠣᠯᠭ᠎ᠠ ᠶᠢ ᠤᠬᠠᠭᠤᠯᠤᠨ ᠴᠠᠭᠠᠨ ᠰᠠᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠨᠡᠪᠲᠡᠷᠡᠭᠦᠯᠭᠡ ᠶᠢᠨ ᠠᠵᠢᠯ ᠢ ᠰᠠᠶᠢᠲᠤᠷ ᠬᠢᠵᠤ ᠪᠦᠬᠦ ᠬᠤᠰᠢᠭᠤᠨ ᠤ ᠠᠷᠠᠳ ᠲᠦᠮᠡᠨ ᠦᠨᠳᠦᠷ ᠴᠢᠨᠰᠠᠭ᠎ᠠ ᠲᠠᠢ ᠲᠧᠯᠸᠢᠰ ᠫᠷᠤᠭ᠍ᠷᠠᠮ ᠢ ᠬᠦᠯᠢᠶᠡᠨ ᠠᠪᠴᠤ ᠰᠤᠨᠢᠷᠬᠠᠬᠤ ᠶᠢ ᠪᠠᠲᠤᠯᠠᠬᠤ ᠬᠡᠷᠡᠭᠲᠡᠢ᠃ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ ᠠᠬᠢᠭᠤᠯᠵᠤ ᠴᠠᠭ ᠢ ᠵᠠᠪᠲᠤᠨ ᠲᠦᠷᠦᠯ ᠵᠦᠢᠯ ᠤᠨ ᠬᠡᠷᠡᠭᠵᠢᠭᠦᠯᠦᠯᠲᠡ ᠶᠢᠨ ᠲᠦᠰᠦᠪ ᠢ ᠲᠤᠭᠲᠠᠭᠠᠨ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠭᠠᠷ ᠬᠦᠢᠴᠡᠳᠬᠡᠯ ᠢ ᠬᠦᠢᠴᠡᠳᠬᠡᠵᠤ ᠬᠤᠭᠤᠴᠠᠭ᠎ᠠ ᠶᠤᠰᠤᠭᠠᠷ ᠪᠠᠶᠢᠭᠤᠯᠤᠨ ᠬᠡᠷᠡᠭᠯᠡᠯᠲᠡ ᠳᠤ ᠤᠷᠤᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠬᠤᠰᠢᠭᠤ ᠶᠠᠷᠦᠩᠬᠡᠶᠢᠯᠡᠭᠰᠡᠨ ᠨᠡᠶᠢᠬᠡᠮ ᠤᠨ ᠠᠰᠠᠷᠠᠮᠵᠢ ᠶᠢᠨ ᠲᠥᠪ ᠲᠤ ᠵᠤᠤ ᠹᠸᠢ ᠯᠦ ᠨᠠᠷ ᠬᠦᠳᠡᠯᠭᠡᠭᠡᠨ ᠤ ᠲᠠᠰᠤᠭ᠂ ᠡᠮᠴᠢᠯᠡᠭᠡᠨ ᠤ ᠲᠠᠰᠤᠭ᠂ ᠪᠠᠶᠢᠷᠢ ᠶᠢᠨ ᠭᠡᠷ᠂ ᠬᠤᠭᠤᠯᠠᠨ ᠭᠡᠷ ᠢ ᠲᠤᠭᠤᠷᠢᠨ ᠦᠵᠡᠭᠰᠡᠨ ᠤ ᠬᠠᠮᠲᠦ ᠨᠠᠰᠤᠲᠠᠳ ᠲᠠᠢ ᠲᠤᠳᠤᠨᠤᠰᠤᠭ ᠢᠶᠠᠷ ᠶᠠᠷᠢᠯᠴᠠᠨ ᠲᠤᠬᠤᠨᠢᠭᠤᠯᠭ᠎ᠠ ᠶᠢᠨ ᠮᠦᠩᠬᠦ ᠪᠤᠯᠤᠨ ᠲᠤᠬᠤᠨᠢᠭᠤᠯᠭ᠎ᠠ ᠶᠢᠨ ᠵᠠᠬᠢᠳᠠᠯ ᠢ ᠭᠠᠷᠳᠠᠭᠤᠯᠵᠤ  ᠳᠡᠲᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃
 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号