| | | | | 2 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠠᠴᠠ ᠬᠤᠰᠢᠭᠤ | ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠣᠯ ᠳᠣᠭᠤᠶᠢᠯᠠᠩ ᠤᠨ ᠰᠣᠷᠣᠯᠴᠠᠬᠤ ᠬᠤᠷᠠᠯ ᠵᠢᠴᠢ | 2019 ᠣᠨ ᠤ ᠨᠢᠭᠡᠳᠤᠭᠡᠷ ᠤᠳᠠᠭᠠᠨ ᠤ ᠨᠠᠮ ᠵᠠᠰᠠᠭ ᠤᠨ ᠬᠤᠯᠪᠤᠭᠲᠤ ᠬᠤᠷᠠᠯ ᠢ ᠡᠷᠬᠢᠯᠡᠨ | ᠬᠤᠷᠠᠯᠳᠣᠭᠤᠯᠣᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋᠂ ᠬᠤᠰᠢᠭᠤ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ᠂ ᠬᠤᠰᠢᠭᠤ | ᠣᠯᠣᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠬᠤᠣ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠣᠯᠣᠰ ᠳᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠲᠣ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ | ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠣᠬᠠᠭᠤᠯᠬᠤ ᠬᠡᠯᠳᠡᠰ ᠤᠨ | ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ | ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ | ᠨᠢᠬᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠠᠯᠳᠠᠨᠳᠣᠶᠠᠭ᠎ᠠ ᠵᠢᠴᠢ ᠲᠦᠷᠪᠡᠨ ᠶᠡᠭᠡ ᠣᠳᠣᠷᠢᠳᠬᠤ ᠪᠠᠭ ᠤᠨ ᠭᠡᠷ | ᠲᠡᠭᠡᠨ ᠪᠠᠶᠢᠭ᠎ᠠ ᠰᠢᠶᠠᠨ ᠤ ᠳᠡᠰ ᠤᠨ ᠣᠳᠣᠷᠢᠳᠣᠯᠭ᠎ᠠ ᠬᠤᠷᠠᠯ ᠳᠤ ᠣᠷᠣᠯᠴᠠᠪᠠ᠃ ᠡᠯ᠎ᠡ ᠠᠵᠣ ᠠᠬᠤᠢ ᠶᠢᠨ | ᠨᠡᠬᠡᠬᠡᠯᠳᠡ ᠶᠢᠨ ᠣᠷᠣᠨ ︵ᠬᠦᠷᠢᠶᠡᠯᠡᠩ︶ ᠤ ᠬᠠᠷᠢᠭᠤᠴᠠᠯᠭᠠᠳᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠬᠤᠷᠠᠯ ᠳᠤ ᠰᠣᠯᠠ ᠣᠷᠣᠯᠴᠠᠪᠠ᠃ | ᠬᠤᠷᠠᠯ ᠠᠴᠠ ᠳᠦᠪ᠂ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠣᠯᠠᠮᠵᠢᠯᠠᠨ ᠰᠣᠷᠣᠯᠴᠠᠵᠦ ᠡᠯ᠎ᠡ ᠠᠵᠣ ᠠᠬᠤᠢ ᠶᠢᠨ ᠨᠡᠬᠡᠬᠡᠯᠳᠡ ᠶᠢᠨ ᠣᠷᠣᠨ ︵ᠬᠦᠷᠢᠶᠡᠯᠡᠩ︶ ᠤ | ᠳᠦᠷᠦᠯ ᠵᠦᠢᠯ ᠤᠨ ᠪᠠᠶᠢᠭᠤᠯᠣᠯᠲᠠ ᠶᠢᠨ ᠪᠠᠶᠢᠳᠠᠯ ᠪᠠ ᠰᠢᠨ᠎ᠡ ᠪᠠᠷ ᠡᠬᠢᠯᠡᠬᠦᠯᠬᠦ ᠬᠡᠵᠦ ᠪᠠᠶᠢᠭ᠎ᠠ ᠳᠦᠷᠦᠯ ᠵᠦᠢᠯ ᠤᠨ | ᠲᠤᠬᠠᠢ ᠪᠡᠯᠡᠳᠭᠡᠯ ᠬᠢᠭᠰᠡᠨ ᠪᠠᠶᠢᠳᠠᠯ ᠢ ᠰᠣᠨᠣᠰᠤᠨ ᠪᠦᠬᠦ ᠬᠤᠰᠢᠭᠤᠨ ᠤ ᠡᠯ᠎ᠡ ᠬᠠᠣᠯᠢ ᠴᠠᠭᠠᠵᠠ ᠶᠢᠨ ᠰᠠᠯᠠᠭ᠎ᠠ | ᠮᠦᠴᠢᠷ ᠤᠨ ᠵᠤᠬᠢᠴᠠᠭᠤᠯᠵᠦ ᠰᠶᠢᠳᠪᠤᠷᠢᠯᠡᠬᠦ ᠴᠢᠬᠤᠯᠠᠲᠠᠢ ᠠᠰᠠᠭᠤᠳᠠᠯ ᠤᠨ ᠳᠣᠬᠠᠢ ᠰᠣᠳᠣᠯᠣᠨ ᠶᠠᠷᠢᠯᠴᠠᠪᠠ᠃ | ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠣᠨᠣᠯ ᠢᠶᠠᠷ | ᠵᠡᠪᠰᠡᠭᠯᠡᠬᠦ ᠶᠢ ᠨᠢᠬᠡᠳᠦᠬᠡᠷ ᠡᠬᠦᠷᠭᠡ ᠬᠠᠷᠢᠭᠤᠴᠠᠯᠭ᠎ᠠ ᠪᠠᠨ ᠪᠣᠯᠭᠠᠵᠦ ᠣᠯᠠᠨ ᠶᠠᠩᠵᠣᠴᠢᠯᠠᠭᠰᠠᠨ᠂ ᠰᠢᠨ᠎ᠡ ᠶᠢ | ᠡᠬᠦᠳᠦᠭᠰᠡᠨ ᠰᠣᠷᠣᠯᠴᠠᠯᠭ᠎ᠠ ᠣᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠵᠦ ᠳᠦᠪ᠂ ᠦᠪᠡᠷᠳᠡᠭᠡᠨ ᠵᠠᠰᠠᠬᠤ | ᠣᠷᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠶᠢᠳᠪᠤᠷᠢᠲᠤ ᠪᠣᠳᠣᠯᠭ᠎ᠠ ᠶᠢ ᠮᠠᠨ ᠤ | ᠬᠤᠰᠢᠭᠤᠨ ᠳᠤ ᠣᠷᠣᠨᠵᠢᠭᠤᠯᠵᠦ ᠦᠷ᠎ᠡ ᠪᠦᠲᠦᠮᠵᠢ ᠭᠠᠷᠭᠠᠬᠤ ᠶᠢ ᠪᠠᠳᠣᠯᠠᠬᠤ ᠬᠡᠷᠡᠭᠲᠡᠢ᠃ ᠰᠣᠷᠣᠯᠴᠠᠯᠭ᠎ᠠ | ᠬᠦᠮᠦᠵᠢᠯ ᠤᠨ ᠠᠵᠢᠯᠯᠠᠭ᠎ᠠ ᠪᠠᠷ ᠪᠦᠬᠦ ᠬᠤᠰᠢᠭᠤᠨ ᠤ ᠨᠠᠮ ᠤᠨ ᠬᠡᠰᠢᠬᠦᠨ ᠺᠠᠳ᠋ᠷᠴᠣᠳ ᠢ ᠨᠣᠭᠤᠭᠠᠨᠴᠢᠯᠠᠭᠰᠠᠨ | ᠮᠠᠨᠳᠣᠯᠳᠠ ᠶᠢᠨ ᠳᠣᠭᠤᠷᠢᠨ ᠳᠤ ᠳᠡᠮᠡᠴᠡᠯ ᠤᠨ ᠬᠠᠷᠠᠯᠳᠠ ᠪᠠᠨ ᠳᠣᠭᠳᠠᠭᠠᠵᠦ ᠭᠤᠷᠪᠠᠨ ᠶᠡᠭᠡ ᠪᠤᠭᠤᠮᠲᠠ | ᠰᠤᠪᠲᠤᠯᠬᠤ ᠳᠠᠶᠢᠯᠠᠯᠲᠤᠭᠠᠨ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠬᠤ᠂ ᠣᠷᠴᠢᠨ ᠳᠣᠭᠤᠷᠢᠨ ᠤ | ᠴᠡᠭᠴᠡᠯᠡᠯᠲᠡ᠂ ᠲᠦᠷᠦᠯ ᠵᠦᠢᠯ ᠤᠨ ᠪᠠᠶᠢᠭᠤᠯᠣᠯᠲᠠ ᠵᠡᠷᠭᠡ ᠬᠦᠨᠲᠦ ᠴᠢᠬᠤᠯᠠ ᠠᠵᠢᠯ ᠳᠤ ᠢᠳᠡᠪᠬᠢᠯᠡᠨ ᠣᠷᠣᠯᠴᠠᠬᠤ | ᠶᠢ ᠬᠦᠳᠦᠯᠦᠨ ᠵᠢᠯᠣᠭᠤᠳᠴᠦ ᠪᠦᠬᠦ ᠬᠤᠰᠢᠭᠤᠨ ᠤ ᠡᠯ᠎ᠡ ᠳᠦᠷᠦᠯ ᠤᠨ ᠠᠵᠢᠯ ᠦᠢᠯᠡᠰ ᠤᠨ ᠬᠦᠭᠵᠢᠯᠳᠡ ᠶᠢ | ᠠᠬᠢᠭᠤᠯᠬᠤ ᠬᠡᠷᠡᠭᠲᠡᠢ᠃ | | | | | | | ᠬᠤᠷᠠᠯ ᠠᠴᠠ ᠴᠢᠬᠤᠯᠠᠴᠢᠯᠠᠬᠤ ᠳᠤ ᠪᠠᠨ ᠬᠡᠷᠡᠭᠵᠢᠬᠦᠯᠬᠦ ᠶᠢ ᠨᠢᠬᠡᠳᠦᠬᠡᠷ ᠴᠢᠬᠤᠯᠠ ᠶᠠᠪᠣᠳᠠᠯ ᠪᠣᠯᠭᠠᠵᠦ ᠪᠦᠬᠦ | ᠬᠤᠰᠢᠭᠤᠨ ᠤ ᠣᠷᠳᠣ ᠬᠤᠭᠤᠴᠠᠭᠠᠨ ᠤ ᠬᠦᠭᠵᠢᠯᠳᠡ ᠶᠢᠨ ᠡᠬᠦᠳᠡᠨ ᠠᠴᠠ ᠰᠢᠨ᠎ᠡ ᠠᠷᠭ᠎ᠠ ᠪᠠᠷᠢᠯ ᠪᠠ ᠠᠷᠭ᠎ᠠ | ᠪᠣᠳᠣᠯᠭ᠎ᠠ ᠶᠢᠨ ᠴᠢᠨᠠᠷᠳᠠᠢ ᠰᠠᠨᠠᠯ ᠵᠦᠪᠯᠡᠯᠬᠡ ᠳᠣᠷᠠᠳᠴᠦ ᠣᠨᠴᠠᠭᠠᠶᠢᠯᠠᠨ ᠬᠦᠳᠡᠭᠡ ᠳᠣᠰᠬᠤᠨ ᠢ ᠬᠦᠭᠵᠢᠬᠦᠯᠦᠨ | ᠮᠠᠨᠳᠤᠭᠤᠯᠬᠤ᠂ ᠴᠢᠳᠠᠪᠣᠷᠢᠳᠠᠨ ᠤ ᠡᠩᠨᠡᠭᠡ᠂ ᠳᠦᠷᠦᠯ ᠵᠦᠢᠯ ᠤᠨ ᠪᠠᠶᠢᠭᠤᠯᠣᠯᠲᠠ ᠶᠢ ᠨᠢᠬᠡᠳᠦᠯᠳᠡᠢ ᠳᠦᠯᠦᠪᠯᠡᠨ | ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠵᠦ ᠪᠦᠬᠦ ᠬᠤᠰᠢᠭᠤᠨ ᠤ ᠬᠦᠭᠵᠢᠯᠳᠡ ᠳᠤ ᠪᠠᠳᠣ ᠪᠠᠬᠢ ᠰᠠᠭᠤᠷᠢ ᠶᠢ | ᠳᠠᠯᠪᠢᠨ ᠰᠣᠳᠣᠯᠣᠨ ᠶᠠᠷᠢᠯᠴᠠᠬᠤ ᠬᠤᠷᠠᠯ ᠪᠠ ︽ᠨᠢᠬᠡᠳᠦᠬᠡᠷ ᠭᠠᠷ︾ ᠤᠨ ᠣᠳᠣᠷᠢᠳᠣᠯᠭ᠎ᠠ ᠶᠢᠨ ᠠᠮᠠᠯᠠᠯᠳᠠ ᠶᠢᠨ | ᠪᠢᠴᠢᠭ ᠲᠤ ᠳᠣᠭᠳᠠᠭᠰᠠᠨ ᠡᠯ᠎ᠡ ᠬᠠᠷᠠᠯᠳᠠᠳᠣ ᠡᠬᠦᠷᠭᠡ ᠶᠢ ᠳᠡᠰ ᠳᠠᠷᠠᠭᠠᠯᠠᠨ ᠠᠬᠢᠭᠤᠯᠵᠦ ᠨᠠᠵᠠᠭᠠᠶᠢᠷᠠᠨ | ᠵᠣᠭᠰᠣᠩᠭᠤᠶᠢᠷᠠᠵᠦ ᠪᠣᠯᠬᠤ ᠦᠬᠡᠢ᠃ ᠡᠯ᠎ᠡ ᠳᠦᠷᠦᠯ ᠤᠨ ᠴᠢᠳᠠᠪᠣᠷᠢᠳᠠᠨ ᠤ ᠡᠩᠨᠡᠭᠡ ᠶᠢᠨ ᠬᠦᠮᠦᠵᠢᠯ ᠬᠠᠮᠢᠶᠠᠷᠣᠯᠳᠠ | ᠶᠢ ᠴᠢᠩᠭᠠᠳᠬᠠᠵᠦ ᠦᠵᠡᠯ ᠰᠠᠨᠠᠭᠠᠨ ᠤ ᠬᠡᠪ ᠰᠣᠷᠳᠠᠯ ᠪᠠ ᠮᠡᠷᠭᠡᠵᠢᠯ ᠤᠨ ᠪᠣᠯᠪᠠᠰᠣᠷᠠᠯ ᠢ ᠬᠠᠮᠲᠣ ᠳᠤᠨᠢ ᠠᠳᠬᠤᠨ | ᠳᠡᠳᠡᠨ ᠤ ᠳᠣᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠰᠢᠮᠳᠠᠨ | ᠠᠵᠢᠯᠯᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠳᠠᠷᠠᠭ᠎ᠠ ᠵᠢᠯ ᠳᠤ ᠠᠬᠢᠭᠤᠯᠣᠨ ᠲᠤᠭᠤᠰᠢᠯᠠᠭᠤᠯᠬᠤ ᠨᠢᠬᠡ | ᠪᠦᠯᠦᠭ ᠬᠦᠨᠳᠦ ᠴᠢᠬᠤᠯᠠ ᠲᠦᠷᠦᠯ ᠵᠦᠢᠯ ᠢ ᠡᠮᠬᠢᠳᠭᠡᠨ ᠪᠡᠯᠡᠳᠬᠡᠵᠦ ᠭᠤᠶᠣᠴᠢᠯᠠᠨ ᠮᠡᠳᠡᠬᠦᠯᠬᠦ ᠪᠠ ᠭᠠᠷ | ᠬᠦᠢᠴᠡᠳᠬᠡᠯ ᠤᠨ ᠠᠵᠢᠯ ᠢ ᠣᠷᠢᠳᠴᠢᠯᠠᠨ ᠬᠢᠵᠦ ᠬᠠᠪᠣᠷ ᠤᠨ ᠣᠯᠠᠷᠢᠯ ᠳᠤ ᠣᠷᠣᠭᠰᠢᠳᠠᠢ ᠪᠠᠷ ᠪᠠᠷᠢᠯᠭ᠎ᠠ ᠡᠬᠢᠯᠡᠬᠦ | ᠶᠢ ᠪᠠᠳᠣᠯᠠᠨ ᠪᠠᠶᠢᠭᠤᠯᠭ᠎ᠠ ᠶᠢᠨ ᠦᠬᠡᠷᠡᠴᠢᠯᠡᠯᠳᠡ ᠶᠢ ᠡᠮᠬᠢ ᠳᠠᠷᠠᠭᠠᠯᠠᠯ ᠲᠠᠢ ᠠᠬᠢᠭᠤᠯᠵᠦ ᠡᠳᠦᠷ ᠳᠣᠳᠣᠮ ᠤᠨ | ᠠᠵᠢᠯ ᠢᠶᠠᠨ ᠰᠠᠭᠠᠳᠠᠭᠠᠬᠤ ᠦᠬᠡᠢ᠂ ᠬᠠᠮᠲᠣ ᠳᠤᠨᠢ ᠠᠬᠢᠭᠤᠯᠬᠤ ᠶᠢ ᠪᠠᠳᠣᠯᠠᠬᠤ ᠬᠡᠷᠡᠭᠲᠡᠢ᠃ ᠵᠠᠬᠢᠳᠠᠯ | ᠰᠣᠷᠪᠣᠯᠵᠢᠯᠠᠭ᠎ᠠ ᠠᠮᠣᠷ ᠳᠣᠭᠳᠠᠭᠤᠨ ᠤ ᠠᠵᠢᠯ ᠢ ᠪᠣᠳᠠᠳᠠᠢ ᠠᠳᠬᠤᠵᠦ ᠵᠦᠷᠢᠴᠡᠯ ᠵᠢᠭᠤᠷᠭᠠᠨ ᠢ ᠪᠠᠶᠢᠴᠠᠭᠠᠨ | ᠰᠶᠢᠳᠪᠤᠷᠢᠯᠡᠬᠦ ᠳᠣᠰᠬᠠᠢ ᠳᠦᠷᠦᠯ ᠤᠨ ᠠᠵᠢᠯᠯᠠᠭ᠎ᠠ ᠶᠢ ᠬᠦᠨᠵᠡᠬᠡᠢ ᠶᠠᠪᠣᠭᠳᠠᠭᠤᠯᠤᠨ ᠡᠯ᠎ᠡ ᠵᠦᠢᠯ ᠤᠨ ᠵᠦᠷᠢᠴᠡᠯ ᠢ | ᠣᠷᠢᠳᠴᠢᠯᠠᠨ ᠰᠡᠷᠬᠡᠶᠢᠯᠡᠬᠦ᠂ ᠰᠶᠢᠳᠪᠤᠷᠢᠯᠡᠬᠦ ᠪᠠ ᠬᠠᠮᠢᠶᠠᠷᠣᠨ ᠡᠵᠡᠮᠳᠡᠬᠦ ᠠᠵᠢᠯ ᠢ ᠪᠦᠬᠦ ᠳᠠᠯ᠎ᠠ ᠪᠠᠷ ᠨᠠᠷᠢᠯᠢᠭ ᠬᠢᠵᠦ | ᠠᠶᠣᠯᠬᠦᠢ ᠦᠢᠯᠡᠳᠪᠦᠷᠢᠯᠡᠯ ᠤᠨ ᠠᠵᠢᠯ ᠢ ᠦᠷᠬᠦᠯᠵᠢᠯᠡᠨ ᠰᠠᠶᠢᠳᠣᠷ ᠬᠢᠵᠦ ︽ᠭᠠᠵᠠᠷ ᠣᠷᠣᠨ ᠤ ᠨᠠᠮ ᠵᠠᠰᠠᠭ ᠤᠨ | ᠣᠳᠣᠷᠢᠳᠬᠤ ᠺᠠᠳ᠋ᠷ ᠤᠨ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠳᠣᠭᠳᠠᠭᠠᠯ︾ ᠢ | ᠴᠢᠩᠭ᠎ᠠ ᠬᠡᠷᠡᠭᠵᠢᠬᠦᠯᠤᠨ ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠤᠭᠤᠰᠢᠯᠠᠭᠤᠯᠵᠦ | ᠠᠶᠣᠯᠬᠦᠢ ᠦᠢᠯᠡᠳᠪᠦᠷᠢᠯᠡᠯ ᠤᠨ ᠪᠠᠶᠢᠴᠠᠭᠠᠯᠳᠠ ᠶᠢ ᠬᠦᠨᠵᠡᠬᠡᠢ ᠦᠷᠨᠢᠬᠦᠯᠤᠨ ᠨᠡᠬᠦᠷᠡᠰᠦᠨ ᠠᠭᠤᠷᠬᠠᠢ᠂ ᠬᠢᠮᠢ ᠶᠢᠨ | ᠠᠵᠤ ᠦᠢᠯᠡᠳᠪᠦᠷᠢ᠂ ᠬᠤᠳᠠᠯᠳᠣᠭᠠᠨ ᠤ ᠲᠠᠯᠠᠪᠤᠷ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠦ ᠬᠦᠨᠲᠦ ᠶᠡᠭᠡ | ᠬᠡᠨᠡᠳᠡᠯ ᠭᠠᠷᠬᠤ ᠶᠢ ᠡᠷᠡᠰ ᠬᠤᠷᠢᠭᠯᠠᠨ ᠠᠷᠠᠳ ᠲᠤ ᠠᠰᠢᠭ ᠬᠦᠷᠳᠡᠬᠡᠬᠦ ᠡᠯ᠎ᠡ ᠳᠦᠷᠦᠯ ᠤᠨ ᠲᠦᠷᠦ ᠶᠢᠨ ᠪᠣᠳᠣᠯᠭ᠎ᠠ | ᠶᠢ ᠨᠠᠷᠢᠨ ᠬᠢᠨᠠᠮᠠᠭᠠᠢ ᠲᠤᠭᠤᠰᠢᠯᠠᠭᠤᠯᠵᠦ ᠬᠦᠴᠢᠷᠳᠡᠯᠳᠡᠢ ᠣᠯᠠᠨ ᠲᠦᠮᠡᠨ ᠤ ᠠᠵᠣ ᠠᠮᠢᠳᠣᠷᠠᠯ ᠤᠨ ᠠᠰᠠᠭᠤᠳᠠᠯ ᠢ | ᠰᠶᠢᠳᠪᠦᠷᠢᠯᠡᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠩᠭᠠᠯᠭ᠎ᠠ ᠪᠣᠷᠣᠯᠠᠭᠤᠯᠭ᠎ᠠ ᠶᠢ ᠪᠠᠳᠣᠯᠠᠵᠦ ᠣᠯᠠᠨ | ᠲᠦᠮᠡᠨ ᠤ ᠪᠠᠶᠠᠷ ᠵᠢᠷᠭᠠᠯ ᠲᠠᠢ᠂ ᠠᠮᠣᠷ ᠳᠠᠶᠢᠪᠣᠩ ᠴᠠᠭᠠᠨ ᠰᠠᠷ᠎ᠠ ᠪᠠᠨ ᠦᠩᠬᠡᠷᠡᠬᠦᠯᠬᠦ ᠶᠢ ᠪᠠᠳᠣᠯᠠᠬᠤ ᠬᠡᠷᠡᠭᠲᠡᠢ | ᠬᠡᠪᠡ᠃ | ᠬᠤᠷᠠᠯ ᠠᠴᠠ ᠱᠠᠭᠠᠷᠳᠠᠬᠤ ᠳᠤ ᠪᠠᠨ ᠠᠷᠢᠭᠤᠨ ᠴᠢᠬᠡᠴᠢ᠂ ᠰᠠᠬᠢᠯᠭ᠎ᠠ ᠪᠠᠳᠣ᠂ ᠲᠦᠷᠢᠮ ᠳᠣᠭᠳᠠᠭᠠᠯ ᠢ | ᠴᠢᠩᠭ᠎ᠠ ᠰᠠᠬᠢᠵᠦ ᠲᠦᠪ ᠤᠨ ︽ᠨᠠᠢᠮᠠᠨ ᠳᠣᠭᠳᠠᠭᠠᠯ︾ ᠢ ᠨᠠᠷᠢᠨ ᠬᠢᠨᠠᠮᠠᠭᠠᠢ ᠲᠤᠭᠤᠰᠢᠯᠠᠭᠤᠯᠵᠦ ︽ᠳᠦᠷᠪᠡᠨ | ᠰᠣᠷᠳᠠᠯ︾ ᠢ ᠳᠠᠰᠣᠷᠠᠯᠳᠠ ᠦᠬᠡᠢ ᠵᠠᠯᠠᠷᠠᠭᠤᠯᠬᠤ ᠬᠡᠷᠡᠭᠲᠡᠢ᠃ ᠬᠤᠰᠢᠭᠤ ᠬᠢᠨᠠᠨ ᠪᠠᠶᠢᠴᠠᠭᠠᠬᠤ ᠵᠦᠪᠯᠡᠯ ᠠᠴᠠ | ᠢᠯᠡᠴᠢᠯᠡᠨ ᠮᠡᠳᠡᠬᠦᠯᠬᠦ ᠵᠠᠮ ᠰᠣᠪᠠᠭ ᠢ ᠨᠡᠪᠲᠡᠷᠡᠬᠦᠯᠦᠨ ᠢᠯᠡ ᠪᠠᠷ ᠪᠠᠶᠢᠴᠠᠭᠠᠬᠤ᠂ ᠨᠢᠭᠤᠴᠠ ᠪᠠᠷ ᠰᠣᠷᠪᠣᠯᠵᠢᠯᠠᠬᠤ᠂ | ᠳᠠᠰᠢᠷᠠᠮ ᠢᠶᠠᠷ ᠪᠠᠶᠢᠴᠠᠭᠠᠬᠤ᠂ ᠬᠡᠨᠡᠳᠡᠬᠦᠯᠦᠨ ᠪᠠᠶᠢᠴᠠᠭᠠᠬᠤ ᠵᠡᠷᠭᠡ ᠬᠡᠯᠪᠡᠷᠢ ᠪᠠᠷ ᠬᠢᠨᠠᠨ ᠪᠠᠶᠢᠴᠠᠭᠠᠬᠤ ᠬᠦᠴᠦᠯᠡᠴᠡ | ᠪᠠᠨ ᠴᠢᠩᠭᠠᠳᠬᠠᠬᠤ ᠬᠡᠷᠡᠭᠲᠡᠢ ᠬᠡᠪᠡ᠃ | ᠬᠤᠷᠠᠯ ᠳᠡᠭᠡᠷ᠎ᠡ ᠪᠠᠰᠠ ᠪᠣᠰᠣᠳ ᠬᠡᠷᠡᠭ ᠣᠴᠢᠷ ᠢ ᠰᠣᠳᠣᠯᠣᠨ ᠶᠠᠷᠢᠯᠴᠠᠪᠠ᠃ | | |