1 ᠰᠠᠷ᠎ᠠ ᠶᠢᠨ 31 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠤᠷᠢᠳ ᠬᠤᠵᠢᠳ | ᠬᠤᠰᠢᠭᠤ ᠨᠡᠶᠢᠲᠡ ᠶᠢᠨ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭᠠᠨ ᠤ ᠶᠡᠭᠡ | ᠠᠩᠭᠢ ᠪᠤᠯᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠴᠠᠭᠠᠨ ᠰᠠᠷ᠎ᠠ ᠶᠢᠨ ᠬᠤᠭᠤᠴᠠᠭᠠᠨ ᠳᠤ | ᠠᠵᠢᠯ ᠤᠨ ᠪᠠᠶᠢᠷᠢᠨ ᠳᠤ ᠪᠠᠨ ᠵᠢᠵᠢᠭᠦᠷᠯᠡᠨ ᠰᠠᠬᠢᠵᠤ ᠪᠠᠶᠢᠭ᠎ᠠ ᠬᠦᠮᠦᠰ ᠢ ᠪᠤᠯᠭᠤᠭᠠᠨ ᠲᠤᠬᠤᠨᠢᠭᠤᠯᠵᠤ᠂ ᠬᠤᠰᠢᠭᠤ | ᠳᠥᠷᠪᠡᠨ ᠶᠡᠭᠡ ᠤᠳᠤᠷᠢᠳᠬᠤ ᠪᠠᠭ ᠢ ᠲᠦᠯᠦᠭᠡᠯᠡᠨ ᠲᠡᠳᠡᠨ ᠳᠤ ᠡᠷᠬᠢᠮ ᠳᠡᠭᠡᠲᠦ ᠬᠦᠨᠳᠦᠳᠬᠡᠯ ᠢᠶᠠᠨ | ᠲᠡᠪᠰᠢᠭᠦᠯᠬᠦ ᠶᠢᠨ ᠬᠠᠮᠲᠦ ᠵᠢᠯ ᠴᠠᠭᠠᠨ ᠰᠠᠷ᠎ᠠ ᠶᠢᠨ ᠮᠡᠨᠳᠦᠴᠢᠯᠡᠯ ᠪᠤᠯᠤᠨ ᠲᠣᠬᠤᠨᠢᠭᠤᠯᠭ᠎ᠠ ᠶᠢᠨ ᠮᠦᠩᠬᠦ ᠬᠦᠷᠭᠡᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ | ᠵᠤᠤ ᠶᠦᠩ ᠹᠧᠩ᠂ ᠬᠤᠰᠢᠭᠤ ᠤᠳᠤᠷᠢᠳᠤᠯᠭ᠎ᠠ ᠭᠤᠤ ᠬᠣ᠋᠂ ᠵᠸᠦ ᠱᠤᠸᠠᠢ᠂ ᠪᠠᠶᠠᠠᠴᠡᠩᠬᠡᠯ ᠪᠠᠷᠠᠳᠠᠨ | ᠲᠣᠬᠤᠨᠢᠭᠤᠯᠤᠭᠰᠠᠨ ᠪᠠᠶᠢᠨ᠎ᠠ᠃ | ᠬᠤᠰᠢᠭᠤ ᠨᠡᠶᠢᠲᠡ ᠶᠢᠨ ᠦᠢᠯᠡᠰ ᠤᠨ ᠬᠠᠮᠢᠶᠠᠷᠤᠯᠲᠠ ᠶᠢᠨ ᠳᠣᠪᠴᠢᠶᠠᠨ ᠳᠤ ᠡᠷᠳᠡᠨᠢᠪᠢᠯᠢᠭ ᠠᠷᠢᠭᠤᠨ ᠴᠡᠪᠡᠷ | ᠤᠨ ᠠᠵᠢᠯᠴᠢᠳ ᠨᠠᠷ ᠲᠠᠢ ᠲᠤᠳᠤᠨᠤᠰᠤᠭ ᠢᠶᠠᠷ ᠶᠠᠷᠢᠯᠴᠠᠵᠤ᠂ ᠲᠡᠳᠡᠨ ᠤ ᠤᠷᠲᠦ ᠬᠤᠭᠤᠴᠠᠭᠠᠨ ᠤ ᠲᠤᠷᠰᠢ ᠬᠤᠲᠠ | ᠪᠠᠯᠭᠠᠰᠤᠨ ᠤ ᠠᠷᠢᠭᠤᠨ ᠴᠡᠪᠡᠷ ᠤᠨ ᠲᠥᠯᠦᠭᠡ ᠦᠵᠡᠭᠦᠯᠦᠭᠰᠡᠨ ᠠᠷᠢᠭᠤᠨ ᠬᠥᠳᠡᠯᠮᠦᠷᠢ ᠳᠤ ᠲᠠᠯᠠᠷᠬᠠᠯ ᠢᠶᠠᠨ | ᠲᠡᠪᠰᠢᠭᠦᠯᠪᠡ᠃ ᠡᠷᠳᠡᠨᠢᠪᠢᠯᠢᠭ ᠶᠠᠷᠢᠬᠤ ᠳᠤ ᠪᠠᠨ ᠥᠷᠭᠡᠨ ᠣᠯᠠᠨ ᠠᠷᠢᠭᠤᠨ ᠴᠡᠪᠡᠷ ᠤᠨ ᠠᠵᠢᠯᠴᠢᠳ ᠰᠠᠯᠬᠢ | ᠪᠣᠷᠣᠭᠠᠨ ᠢ ᠬᠠᠶᠢᠬᠤᠷᠤᠯ ᠦᠭᠡᠢ ᠂ ᠡᠳᠦᠷ ᠰᠦᠨᠢ ᠦᠭᠡᠢ ᠬᠦᠳᠡᠯᠮᠦᠷᠢᠯᠡᠵᠤ ᠴᠡᠪᠡᠷ ᠠᠷᠢᠭᠤᠨ᠂ ᠰᠢᠨ᠎ᠡ ᠰᠤᠷᠭᠤᠭ᠂ | ᠦᠵᠡᠰᠭᠦᠯᠡᠩ ᠰᠠᠶᠢᠬᠠᠨ ᠤᠷᠴᠢᠨ ᠳᠣᠭᠤᠷᠢᠨ ᠢ ᠪᠣᠢ ᠪᠣᠯᠭᠠᠵᠣ᠂ ᠮᠠᠨ ᠤ ᠬᠤᠰᠢᠭᠤᠨ ᠤ ᠪᠦᠬᠦ ᠤᠯᠤᠰ ᠤᠨ | ᠰᠢᠶᠡᠨ ᠤ ᠳᠡᠰ ᠤᠨ ᠪᠤᠯᠪᠠᠰᠤᠨ ᠬᠤᠲᠠ ᠪᠤᠯᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠲᠠᠭᠤᠷᠢᠶᠠᠯ ᠦᠵᠡᠬᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ | ᠪᠠᠶᠢᠨ᠎ᠠ᠃ ᠬᠦᠰᠡᠬᠦ ᠨᠢ ᠰᠢᠨ᠎ᠡ ᠨᠢᠭᠡᠨ ᠵᠢᠯ ᠳᠤ ᠦᠪᠡᠷ ᠤᠨ ᠬᠠᠷᠢᠭᠤᠴᠠᠭᠰᠠᠨ ᠠᠵᠢᠯ ᠡᠭᠦᠷᠬᠡ ᠪᠠᠨ ᠦᠷᠭᠦᠯᠵᠢᠯᠡᠨ | ᠴᠢᠷᠮᠠᠶᠢᠨ ᠬᠦᠢᠴᠡᠳᠬᠡᠵᠤ᠂ ᠬᠤᠲᠠ ᠪᠠᠯᠭᠠᠰᠤᠨ ᠤ ᠤᠷᠴᠢᠨ ᠲᠣᠭᠤᠷᠢᠨ ᠤ ᠠᠷᠢᠭᠤᠨ ᠴᠡᠪᠡᠷ ᠤᠨ ᠲᠦᠯᠦᠭᠡ ᠨᠡᠩ | ᠶᠡᠭᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠬᠤ ᠬᠡᠷᠡᠭᠲᠡᠢ ᠬᠡᠪᠡ᠃ ᠡᠷᠳᠡᠨᠢᠪᠢᠯᠢᠭ ᠨᠠᠷ ᠤᠶᠤᠨᠳᠣ ᠬᠤᠲᠠ ᠶᠢᠨ | ᠪᠠᠶᠢᠭᠤᠯᠤᠯᠲᠠ ᠪᠤᠯᠤᠨ ᠨᠠᠮ ᠤᠨ ᠪᠠᠶᠢᠭᠤᠯᠤᠯᠲᠠ ᠶᠢᠨ ᠠᠵᠢᠯ ᠢ ᠲᠤᠭᠤᠷᠢᠨ ᠪᠠᠶᠢᠴᠠᠭᠠᠪᠠ᠃ ᠡᠷᠳᠡᠨᠢᠪᠢᠯᠢᠭ | ᠵᠢᠭᠠᠬᠤ ᠳᠤ ᠪᠠᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ᠨᠠᠮ ᠤᠨ ᠡᠭᠦᠷ ᠪᠤᠯᠤᠨ ᠨᠠᠮ ᠤᠨ | ᠭᠡᠰᠢᠭᠦᠨ ᠺᠠᠳ᠋ᠷᠴᠣᠳ ᠤᠨ ᠲᠤᠯᠤᠭᠠᠶᠢᠯᠠᠭᠴᠢ ᠦᠢᠯᠡᠳᠦᠯ ᠢᠶᠠᠨ ᠪᠠᠳᠠᠷᠠᠭᠤᠯᠵᠤ᠂ ᠦᠷᠭᠡᠨ ᠣᠯᠠᠨ ᠠᠷᠢᠭᠤᠨ ᠴᠡᠪᠡᠷ | ᠤᠨ ᠠᠵᠢᠯᠴᠢᠳ ᠤᠨ ᠠᠵᠢᠯ ᠤᠨ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠤ | ᠲᠤᠬᠤᠨᠢᠭᠤᠯᠭ᠎ᠠ ᠶᠢᠨ ᠠᠵᠢᠯ ᠢᠶᠠᠨ ᠰᠠᠶᠢᠲᠤᠷ ᠬᠢᠵᠤ᠂ ᠲᠡᠳᠡᠨ ᠳᠤ ᠨᠠᠮ ᠵᠠᠰᠠᠭ ᠤᠨ ᠬᠠᠯᠠᠮᠵᠢᠯᠠᠯ ᠪᠤᠯᠤᠨ | ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠳᠡᠬᠡᠬᠦ ᠬᠡᠷᠡᠭᠲᠡᠢ ᠭᠡᠵᠡᠢ᠃ | | | ᠬᠤᠰᠢᠭᠤ ᠵᠠᠮ ᠬᠠᠷᠢᠯᠴᠠᠭᠠᠨ ᠤ ᠴᠠᠭᠲᠠᠭᠠᠨ ᠤ ᠶᠡᠭᠡ ᠠᠩᠭᠢ ᠳᠤ ᠡᠷᠳᠡᠨᠢᠪᠢᠯᠢᠭ ᠠᠴᠠ ᠪᠦᠬᠦ ᠬᠤᠰᠢᠭᠤᠨ ᠤ | ᠵᠠᠮ ᠬᠠᠷᠢᠯᠴᠠᠭᠠᠨ ᠤ ᠴᠠᠭᠳᠠᠭ᠎ᠠ ᠵᠢᠴᠢ ᠭᠡᠷ ᠪᠦᠯᠢ ᠶᠢᠨ ᠬᠢᠨ ᠳᠤ ᠴᠢᠩ ᠰᠡᠳᠬᠢᠯ ᠤᠨ ᠮᠡᠨᠳᠦᠴᠢᠯᠡᠯ ᠲᠡᠪᠰᠢᠭᠦᠯᠪᠡ᠃ | ᠲᠡᠷᠡ ᠵᠢᠭᠠᠬᠤ ᠳᠤ ᠪᠠᠨ ᠪᠦᠬᠦ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠨᠠᠷ ᠳᠤᠳᠤᠭᠠᠲᠦ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠮᠣᠨ᠎ᠠ ᠹᠷᠣᠨᠲ ᠳᠡᠭᠡᠷ᠎ᠡ ᠬᠠᠯᠠᠭᠤᠨ ᠵᠤᠨ ᠬᠠᠬᠢᠷ ᠡᠪᠦᠯ ᠢ ᠬᠠᠶᠢᠬᠤᠷᠤᠯ | ᠦᠭᠡᠢ ᠪᠠᠷ ᠡᠳᠦᠷ ᠰᠥᠨᠢ ᠦᠭᠡᠢ ᠲᠡᠮᠡᠴᠡᠭᠰᠡᠭᠡᠷ ᠢᠷᠡᠪᠡ᠃ ᠬᠦᠰᠡᠬᠦ ᠨᠢ ᠠᠷᠠᠳ ᠤᠨ ᠴᠠᠭᠲᠠᠭ᠎ᠠ ᠨᠠᠷ | ᠦᠷᠭᠦᠯᠵᠢᠯᠡᠨ ᠬᠠᠳᠠᠭᠤᠵᠢᠯᠲᠠᠢ ᠳᠠᠮᠠᠴᠠᠵᠣ ᠠᠵᠢᠯ ᠤᠨ ᠪᠠᠶᠢᠷᠢ ᠪᠠᠨ ᠪᠠᠲᠦ ᠰᠠᠬᠢᠵᠤ᠂ ᠪᠦᠬᠦ ᠬᠤᠰᠢᠭᠤᠨ ᠤ ᠴᠠᠭᠠᠨ | ᠰᠠᠷ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠳᠦᠪᠰᠢᠨ ᠢ ᠪᠠᠲᠤᠯᠠᠬᠤ ᠬᠡᠷᠡᠭᠲᠡᠢ ᠬᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠬᠤ ᠪᠠᠨ | ᠪᠠᠷᠢᠮᠲᠠᠯᠠᠵᠤ᠂ ︽ᠰᠤᠷᠳᠠᠯ ᠢᠶᠠᠨ ᠦᠭᠡᠷᠡᠴᠢᠯᠡᠵᠤ ᠬᠠᠷᠢᠭᠤᠴᠠᠯᠭ᠎ᠠ ᠪᠠᠨ ᠡᠭᠦᠷᠭᠡᠯᠡᠨ ᠳᠣᠭᠤᠰᠢᠯᠠᠭᠤᠯᠣᠯᠳᠠ ᠶᠢ | ᠠᠳᠬᠤᠬᠤ︾ ᠠᠵᠢᠯ ᠤᠨ ᠦᠷ᠎ᠡ ᠪᠦᠲᠦᠮᠵᠢ ᠶᠢᠨ ᠳᠡᠬᠡᠭᠰᠢᠯᠡᠬᠦᠯᠥᠯᠳᠡ ᠶᠢᠨ ᠣᠨ ᠢᠶᠠᠷ ᠠᠵᠠ ᠲᠤᠬᠢᠶᠠᠯ ᠪᠤᠯᠭᠠᠵᠤ᠂ | ᠪᠦᠬᠦ ᠺᠠᠳ᠋ᠷ ᠴᠠᠭᠳᠠᠭᠠᠨ ᠤ ᠤᠨᠤᠯ ᠤᠨ ᠬᠢᠷᠢ ᠳᠦᠪᠰᠢᠨ ᠪᠤᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ | ᠴᠢᠷᠮᠠᠶᠢᠨ ᠲᠡᠭᠡᠭᠰᠢᠯᠡᠬᠦᠯᠬᠦ ᠬᠡᠷᠡᠭᠲᠡᠢ᠃ ᠶᠡᠭᠡ ᠬᠢᠴᠢᠶᠡᠯ ᠤᠨ ᠲᠢᠩᠬᠢᠮ ᠵᠡᠷᠭᠡ ᠤᠯᠠᠨ ᠵᠦᠢᠯ ᠤᠨ ᠬᠡᠯᠪᠡᠷᠢ ᠪᠠᠷ ᠵᠠᠮ | ᠬᠠᠷᠢᠯᠴᠠᠭᠠᠨ ᠤ ᠠᠮᠤᠷ ᠳᠦᠪᠰᠢᠨ ᠤ ᠬᠠᠤᠯᠢ ᠳᠦᠷᠢᠮ ᠢ ᠤᠬᠠᠭᠤᠯᠤᠨ ᠠᠮᠤᠷ ᠳᠦᠪᠰᠢᠨ ᠤ ᠤᠬᠠᠮᠰᠠᠷ ᠢ ᠮᠠᠯᠴᠢᠨ | ᠲᠠᠷᠢᠶᠠᠴᠢᠳ ᠤᠨ ᠰᠡᠳᠬᠢᠯ ᠳᠤ ᠬᠠᠳᠠᠩᠰᠢᠭᠤᠯᠵᠤ ᠠᠮᠤᠷ ᠳᠦᠪᠰᠢᠨ᠂ ᠪᠤᠯᠪᠠᠰᠤᠨ ᠰᠠᠶᠢᠬᠠᠨ᠂ ᠰᠠᠭᠠᠳ ᠦᠭᠡᠢ᠂ | ᠡᠮᠬᠢ ᠳᠦᠷᠢᠮ ᠲᠠᠢ ᠵᠠᠮ ᠬᠠᠷᠢᠯᠴᠠᠭᠠᠨ ᠤ ᠣᠷᠴᠢᠨ ᠲᠤᠭᠤᠷᠢᠨ ᠢ ᠡᠭᠦᠳᠬᠦ ᠪᠠᠷ ᠴᠢᠷᠮᠠᠶᠢᠬᠤ ᠬᠡᠷᠡᠭᠲᠡᠢ ᠭᠡᠪᠡ᠃ | | | ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠡᠷᠳᠡᠨᠢᠪᠢᠯᠢᠭ ᠡᠮᠴᠢ ᠰᠣᠪᠢᠯᠠᠭᠴᠢ ᠨᠠᠷ ᠲᠠᠢ | ᠲᠣᠳᠣᠨᠤᠰᠤᠭ ᠢᠶᠠᠷ ᠶᠠᠷᠢᠯᠴᠠᠵᠤ᠂ ᠡᠮ ᠡᠮᠨᠡᠯᠭᠡ ᠶᠢᠨ ᠠᠵᠢᠯ ᠤᠨ ᠪᠠᠶᠢᠳᠠᠯ ᠪᠤᠯᠤᠨ ᠴᠠᠭᠠᠨ ᠰᠠᠷ᠎ᠠ ᠶᠢᠨ | ᠬᠤᠭᠤᠴᠠᠭᠠᠨ ᠤ ᠵᠢᠵᠢᠭᠦᠷ ᠤᠨ ᠲᠤᠬᠢᠷᠠᠭᠤᠯᠤᠯᠲᠠ ᠶᠢ ᠣᠶᠢᠯᠠᠭᠠᠪᠠ᠃ ᠡᠷᠳᠡᠨᠢᠪᠢᠯᠢᠭ ᠵᠢᠭᠠᠬᠤ ᠳᠤ ᠪᠠᠨ᠂ ᠴᠠᠭᠠᠨ | ᠰᠠᠷ᠎ᠠ ᠶᠢᠨ ᠬᠤᠭᠤᠴᠠᠭᠠᠨ ᠳᠤ ᠡᠮᠨᠡᠯᠭᠡ ᠶᠢᠨ ᠬᠤᠷᠢᠶ᠎ᠠ ᠡᠷᠬᠡᠪᠰᠢ ᠵᠢᠵᠢᠭᠦᠷ ᠤᠨ ᠲᠣᠬᠢᠷᠠᠭᠤᠯᠤᠯᠲᠠ ᠪᠠᠨ ᠰᠠᠶᠢᠲᠤᠷ | ᠬᠢᠵᠤ᠂ ᠠᠷᠠᠳ ᠲᠦᠮᠡᠨ ᠳᠤ ᠴᠠᠭ ᠲᠤᠬᠠᠢ ᠳᠤᠨᠢ ᠰᠢᠯᠢᠳᠡᠭ ᠰᠠᠶᠢᠨ ᠦᠨᠳᠦᠷ ᠪᠦᠲᠦᠮᠵᠢᠲᠦ ᠡᠮᠴᠢᠯᠡᠬᠡᠨ ᠤ | ᠣᠶᠢᠯᠡᠴᠢᠯᠡᠭᠡ ᠬᠠᠩᠭᠠᠬᠤ ᠶᠢ ᠪᠠᠲᠤᠯᠠᠬᠤ ᠬᠡᠷᠡᠭᠲᠡᠢ᠃ ᠡᠮᠴᠢ ᠰᠣᠪᠢᠯᠠᠭᠴᠢ ᠨᠡᠷ ᠡᠷᠬᠡᠪᠰᠢ ᠠᠵᠢᠯ ᠤᠨ ᠪᠠᠶᠢᠷᠢ ᠪᠠᠨ | ᠪᠠᠲᠦ ᠰᠠᠬᠢᠵᠤ᠂ ᠪᠦᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠳᠤ ᠪᠠᠲᠤᠯᠠᠭ᠎ᠠ ᠬᠠᠩᠭᠠᠬᠤ ᠬᠡᠷᠡᠭᠲᠡᠢ | ᠭᠡᠪᠡ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠬᠤ ᠶᠢ | ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠦᠢᠯᠡᠴᠢᠯᠡᠭᠡᠨ ᠤ ᠬᠢᠷᠢ ᠳᠥᠪᠰᠢᠨ ᠤ ᠲᠡᠭᠡᠭᠰᠢᠯᠡᠯᠲᠡ ᠂ | ᠡᠮᠴᠢᠯᠡᠭᠡᠨ ᠤ ᠶᠠᠰᠣ ᠴᠢᠨᠠᠷ ᠤᠨ ᠲᠡᠭᠡᠭᠰᠢᠯᠡᠯᠲᠡ ᠶᠢ ᠠᠬᠢᠭᠤᠯᠵᠤ᠂ ᠡᠮ ᠡᠮᠨᠡᠯᠬᠡ ᠶᠢᠨ ᠬᠤᠯᠪᠣᠭᠠᠳᠣ ᠴᠣᠭᠴᠠ | ᠶᠢᠨ ᠪᠠᠶᠢᠭᠤᠯᠤᠯᠲᠠ ᠪᠤᠯᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ | ᠪᠤᠳᠠᠳᠦ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠠᠷᠠᠳ ᠲᠦᠮᠡᠨ ᠤ ᠠᠮᠤᠷ ᠳᠦᠪᠰᠢᠨ ᠤ ᠲᠦᠷᠥᠭᠳᠡᠯ᠂ | ᠬᠦᠷᠳᠡᠬᠡᠮᠵᠢ ᠶᠢᠨ ᠲᠦᠷᠥᠭᠳᠡᠯ ᠢ ᠳᠡᠭᠡᠭᠰᠢᠯᠡᠬᠦᠯᠬᠦ ᠪᠠᠷ ᠴᠢᠷᠮᠠᠶᠢᠬᠤ ᠬᠡᠷᠡᠭᠲᠡᠢ ᠭᠡᠰᠡᠨ ᠪᠠᠶᠢᠨ᠎ᠠ᠃ | | |