ᠮᠠᠨ ᠤ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠯᠠᠭ᠎ᠠ ᠮᠦᠴᠢᠷ ᠤᠨ ᠬᠠᠮᠲᠤᠪᠡᠷ ᠫᠠᠶᠢᠰᠠ ᠡᠯᠬᠦᠬᠦ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2019-02-11
     2 ᠰᠠᠷ᠎ᠠ ᠶᠢᠨ 2 ᠤᠨ ᠡᠳᠦᠷ᠂ ᠮᠠᠨ ᠤ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠯᠠᠭ᠎ᠠ ᠮᠦᠴᠢᠷ ᠤᠨ ᠬᠠᠮᠲᠤᠪᠡᠷ ᠫᠠᠶᠢᠰᠠ ᠡᠯᠬᠦᠬᠦ ᠶᠤᠰᠤᠯᠠᠯ ᠬᠤᠰᠢᠭᠤ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠲᠦᠪ ᠲᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠲᠠᠷᠤᠭ᠎ᠠ ᠵᠤᠤ ᠹᠧᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠬᠤᠤ ᠸᠧᠢ ᠵᠢᠴᠢ ᠪᠦᠬᠦ ᠭᠡᠷ ᠲᠡᠭᠡᠨ ᠪᠠᠶᠢᠭ᠎ᠠ ᠰᠢᠶᠠᠨ  ᠤ ᠳᠡᠰ ᠤᠨ ᠤᠳᠤᠷᠢᠳᠤᠯᠭ᠎ᠠ᠂ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ᠂ ᠬᠡᠰᠡᠭ ᠠᠵᠢᠯᠳᠠᠨ ᠶᠤᠰᠤᠯᠠᠯ ᠳᠤ ᠤᠷᠤᠯᠴᠠᠪᠠ᠃ ᠵᠤᠤ ᠹᠧᠢ ᠯᠤ᠋ ᠶᠤᠰᠤᠯᠠᠯ ᠢ ᠡᠷᠬᠢᠯᠡᠪᠡ᠃      ᠶᠤᠰᠤᠯᠠᠯ ᠤᠨ ᠨᠢᠬᠡᠳᠦᠬᠡᠷ ᠲᠤ ᠤᠯᠤᠰ ᠤᠨ ᠲᠤᠭ ᠮᠠᠨᠳᠤᠭᠤᠯᠪᠠ᠃
     ᠫᠠᠶᠢᠰᠨ ᠰᠡᠬᠦᠬᠦ ᠶᠤᠰᠤᠯᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠤᠷᠤᠨ ᠨᠤᠳᠤᠭ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠪᠤᠯ ᠰᠢ  ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠤᠯᠤᠰ ᠲᠦᠷᠦ ᠶᠢᠨ ᠰᠶᠢᠳᠪᠤᠷᠢᠳᠤ ᠪᠤᠳᠤᠯᠭ᠎ᠠ ᠮᠦᠷᠳᠡᠭᠡᠨ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠴᠢᠬᠤᠯᠠ ᠪᠦᠷᠢᠯᠳᠦᠬᠦᠨ ᠪᠤᠯᠤᠨ᠎ᠠ᠃  ᠮᠦᠨᠴᠦ ᠮᠠᠨ ᠤ ᠬᠤᠰᠢᠭᠤᠨ ᠤ ᠵᠠᠪᠠᠯ ᠪᠡᠶᠡᠯᠡᠬᠦᠯᠬᠦ ᠴᠢᠬᠤᠯᠠᠳᠠᠢ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠤᠯᠤᠨ᠎ᠠ᠃ ᠬᠤᠰᠢᠭᠤ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠰᠠᠯᠠᠭ᠎ᠠ ᠮᠦᠴᠢᠷ ᠬᠢᠬᠡᠳ ᠰᠤᠨᠢᠨ ᠮᠡᠳᠡᠭᠡᠨ ᠤ ᠬᠠᠮ ᠵᠠᠭᠤᠴᠢᠯᠠᠭᠤᠷ ᠤᠨ ᠲᠦᠪ ᠤᠨ ᠫᠠᠶᠢᠰᠠ ᠡᠯᠬᠦᠨ ᠠᠵᠢᠯᠯᠠᠭᠰᠠᠨ ᠨᠢ ᠮᠠᠨ ᠤ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠱᠠᠳᠤᠴᠢ ᠴᠢᠨᠠᠷᠳᠠᠢ ᠠᠮᠵᠢᠯᠳᠠ ᠤᠯᠤᠭᠰᠠᠨ  ᠢ ᠬᠠᠷᠠᠭᠤᠯᠵᠤ ᠪᠠᠶᠢᠬᠤ ᠮᠦᠷᠳᠡᠭᠡᠨ ᠲᠠᠷᠠᠭᠠᠴᠢ ᠶᠢᠨ ᠠᠯᠬᠤᠮ ᠤᠨ ᠠᠵᠢᠯ ᠳᠤ ᠰᠠᠭᠤᠷᠢ ᠲᠠᠯᠪᠢᠵᠠᠢ ᠬᠡᠪᠡ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠦᠬᠦ ᠬᠤᠰᠢᠭᠤ ᠪᠠᠷ ᠪᠠᠨ ᠡᠨᠡᠬᠦ ᠫᠠᠶᠢᠰᠠ ᠡᠯᠬᠦᠬᠦ ᠠᠵᠢᠯ ᠢᠶᠠᠷ ᠰᠢᠨ᠎ᠡ ᠡᠬᠢᠯᠡᠯᠳᠡ ᠶᠢᠨ ᠴᠡᠭ ᠪᠤᠯᠭᠠᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠡᠯ᠎ᠡ ᠲᠦᠷᠦᠯ ᠤᠨ ᠠᠵᠢᠯ ᠢᠶᠠᠨ ᠴᠢᠨᠠᠷ ᠰᠠᠶᠢᠲᠠᠢ ᠪᠡᠶᠡᠯᠡᠬᠦᠯᠬᠦ ᠬᠡᠷᠡᠭᠳᠡᠢ᠃ ᠰᠢᠨ᠎ᠡ ᠦᠵᠡᠯᠳᠡ ᠲᠠᠨᠢᠯᠳᠠ ᠪᠠᠷ ᠰᠢᠨ᠎ᠡ ᠡᠬᠦᠷᠭᠡ ᠬᠠᠷᠢᠭᠤᠴᠠᠯᠭ᠎ᠠ ᠶᠢ ᠡᠬᠦᠷᠭᠡᠯᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠷᠢᠯᠴᠠᠨ ᠨᠢᠬᠡᠳᠦᠯᠳᠡᠢ ᠲᠦᠯᠦᠪᠯᠡᠨ ᠠᠷᠭ᠎ᠠ ᠪᠤᠳᠤᠯᠭ᠎ᠠ ᠪᠠᠨ ᠨᠠᠷᠢᠯᠢᠭᠵᠢᠭᠤᠯᠵᠤ ᠡᠬᠦᠷᠭᠡ ᠬᠠᠷᠢᠭᠤᠴᠠᠯᠭ᠎ᠠ ᠪᠠᠨ ᠨᠠᠷᠢᠨ ᠲᠤᠳᠤᠷᠬᠠᠢ ᠪᠡᠶᠡᠯᠡᠬᠦᠯᠬᠦ ᠬᠡᠷᠡᠭᠲᠡᠢ᠃ ᠫᠠᠶᠢᠰᠠ ᠡᠯᠬᠦᠭᠰᠡᠨ  ᠤ ᠲᠠᠷᠠᠭ᠎ᠠ ᠡᠯ᠎ᠡ ᠰᠠᠯᠠᠭ᠎ᠠ ᠮᠦᠴᠢᠷ ᠶᠢᠨ ᠬᠢᠨ ᠰᠢᠨᠵᠢᠯᠡᠬᠦ ᠤᠬᠠᠭᠠᠴᠢ ᠪᠠᠷ ᠡᠯ᠎ᠡ ᠲᠦᠷᠦᠯ ᠤᠨ ᠠᠵᠢᠯ ᠡᠬᠦᠷᠭᠡ ᠪᠠᠨ ᠬᠦᠢᠴᠡᠳᠭᠡᠨ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠬᠦᠭᠵᠢᠯᠳᠡ᠂ ᠨᠤᠭᠤᠭᠠᠨᠴᠢᠯᠠᠭᠰᠠᠨ ᠮᠡᠨᠳᠦᠯᠳᠠ ᠶᠢ ᠪᠡᠶᠡᠯᠡᠬᠦᠯᠬᠦ ᠶᠢᠨ ᠬᠦᠴᠦᠳᠡᠢ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠵᠦ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠦᠳᠳᠡᠷ ᠲᠦᠷᠭᠡᠨ ᠬᠦᠭᠵᠢᠯᠳᠡ ᠳᠤ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃
     ᠶᠤᠰᠤᠯᠠᠯ ᠳᠡᠭᠡᠷ᠎ᠡ ᠪᠦᠬᠦ ᠬᠡᠷ ᠲᠡᠭᠡᠨ ᠪᠠᠶᠢᠭ᠎ᠠ ᠰᠢᠶᠠᠨ ᠤ ᠳᠡᠰ  ᠤᠨ ᠤᠳᠤᠷᠢᠳᠤᠯᠭ᠎ᠠ ᠪᠤᠯᠤᠨ ᠫᠠᠶᠢᠰᠠ ᠡᠯᠬᠦᠬᠦ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠬᠠᠮᠲᠤ ᠪᠠᠷ ᠫᠠᠶᠢᠰᠠ ᠰᠡᠬᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号