ᠴᠠᠭᠠᠨ ᠰᠠᠷ᠎ᠠ ᠭᠥᠷᠴᠤ ᠢᠷᠠᠭᠦ ᠪᠠᠷ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ | ᠲᠠᠷᠤᠭ᠎ᠠ ᠵᠤᠤ ᠹᠸᠢ ᠯᠤ᠋ ︽ᠬᠠᠮᠤᠭ ᠤᠨ ᠭᠤᠶᠤ ᠥᠥᠰᠢᠨ ᠭᠥᠮᠤᠨ︾ ᠪᠤᠯᠤᠨ ︽ᠰᠢᠨ᠎ᠠ ᠴᠠᠭ ᠥᠶ᠎ᠠ ᠶᠢᠨ ᠰᠠᠶᠢᠨ | ᠪᠠᠭᠠᠴᠤᠳ︾ ᠤᠨ ᠲᠥᠯᠥᠭᠡᠯᠡᠭᠴᠢ ᠶᠢ ᠪᠤᠯᠭᠤᠭᠠᠨ ᠲᠤᠬᠤᠨᠢᠭᠤᠯᠵᠤ ᠲᠠᠳᠠᠨ ᠳᠤ ᠲᠤᠬᠤᠨᠢᠭᠤᠯᠭ᠎ᠠ ᠶᠢᠨ ᠮᠥᠩᠭᠦ᠂ | ᠲᠤᠬᠤᠨᠢᠭᠤᠯᠭ᠎ᠠ ᠶᠢᠨ ᠵᠠᠭᠢᠳᠠᠯ ᠭᠥᠷᠭᠡᠭᠦ ᠶᠢᠨ ᠬᠠᠮᠳᠤ ᠰᠢᠨ᠎ᠠ ᠵᠢᠯ ᠴᠠᠭᠠᠨ ᠰᠠᠷ᠎ᠠ ᠶᠢᠨ ᠮᠠᠨᠳᠤᠴᠢᠯᠠᠯ | ᠲᠡᠪᠰᠢᠭᠦᠯᠥᠭᠰᠠᠨ ᠪᠠᠶᠢᠨ᠎ᠠ᠃ | | | | | | | ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠨ ᠸᠠᠩ ᠯᠥᠩ ᠤᠨ ᠭᠡᠷ ᠲᠤ ᠵᠤᠤ ᠹᠸᠢ ᠯᠤ᠋ | ᠲᠠᠳᠠᠨ ᠤ ᠭᠡᠷ ᠤᠨ ᠠᠮᠢᠳᠤᠷᠠᠯ ᠤᠨ ᠪᠠᠶᠢᠳᠠᠯ ᠪᠤᠯᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯ ᠤᠨ | ᠲᠠᠯ᠎ᠠ ᠪᠠᠷ ᠬᠢ ᠪᠠᠶᠢᠳᠠᠯ ᠢ ᠨᠠᠷᠢᠨ ᠠᠰᠠᠭᠤᠨ ᠤᠶᠢᠯᠠᠭᠠᠵᠤ᠂ ᠲᠠᠭᠦᠨ ᠤ 25 ᠵᠢᠯ ᠤᠨ ᠲᠤᠷᠰᠢ ᠰᠢᠷᠭᠠᠭᠤ | ᠭᠢᠴᠢᠶᠠᠩᠭᠦᠢ ᠪᠠᠷ ᠬᠤᠳᠠ ᠶᠢᠨ ᠤᠷᠴᠢᠨ ᠲᠤᠭᠤᠷᠢᠨ ᠤ ᠠᠷᠢᠭᠤᠨ ᠴᠡᠪᠠᠷ ᠲᠤ ᠥᠵᠡᠭᠦᠯᠥᠭᠰᠠᠨ ᠬᠤᠪᠢ ᠨᠠᠮᠠᠷᠢ ᠳᠤ | ᠲᠠᠯᠠᠷᠬᠠᠵᠤ ᠪᠠᠶᠢᠭ᠎ᠠ ᠪᠠᠨ ᠢᠯᠠᠷᠭᠡᠶᠢᠯᠠᠪᠠ᠃ ᠵᠤᠤ ᠹᠸᠢ ᠯᠤ᠋ ᠴᠢᠬᠤᠯᠠᠴᠢᠯᠠᠬᠤ ᠳᠤ ᠪᠠᠨ ᠤᠷᠴᠢᠨ ᠲᠤᠭᠤᠷᠢᠨ ᠤ | ᠠᠷᠢᠭᠤᠨ ᠴᠡᠪᠡᠷ ᠤᠨ ᠠᠵᠢᠯᠴᠢᠨ ᠪᠤᠯ ᠬᠤᠳᠠ ᠶᠢᠨ ᠵᠢᠰᠤ ᠭᠤᠶᠤᠯᠠᠭᠴᠢ ᠪᠤᠯᠤᠨ᠎ᠠ᠂ ᠡᠯ᠎ᠠ ᠬᠤᠯᠪᠤᠭᠳᠠᠯ ᠪᠥᠭᠦᠢ | ᠰᠠᠯᠠᠭ᠎ᠠ ᠮᠥᠴᠢᠷ ᠥᠨᠠᠨ ᠰᠠᠳᠭᠢᠯ ᠠᠴᠠ ᠪᠠᠨ ᠬᠠᠯᠠᠮᠵᠢᠯᠠᠬᠤ ᠶᠢᠨ ᠬᠠᠮᠳᠤ ᠲᠠᠳᠠᠨ ᠢ ᠬᠠᠪᠰᠤᠷᠤᠨ ᠪᠤᠳᠠᠳᠤ | ᠭᠥᠴᠢᠷᠳᠠᠯ ᠢ ᠨᠢ ᠰᠶᠢᠳᠪᠤᠷᠢᠯᠠᠨ ᠥᠭᠭᠦ ᠭᠡᠷᠡᠭᠳᠠᠢ᠃ 2019 ᠤᠨ ᠪᠤᠯ ᠮᠠᠨ ᠤ ᠬᠤᠰᠢᠭᠤᠨ ᠤ ᠪᠥᠭᠦ ᠤᠯᠤᠰ | ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠵᠠᠩᠭᠢᠯᠠᠭ᠎ᠠ ᠶᠢᠨ ᠤᠨ | ᠪᠠᠶᠢᠵᠤ᠂ ᠥᠷᠭᠡᠨ ᠤᠯᠠᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠨ ᠠᠵᠢᠯ ᠤᠨ ᠪᠠᠶᠢᠷᠢ ᠪᠠᠨ | ᠥᠷᠭᠦᠯᠵᠢᠯᠠᠨ ᠴᠢᠩᠭ᠎ᠠ ᠰᠠᠭᠢᠵᠤ ᠯᠠᠪᠳᠠᠭᠤᠨ ᠪᠠᠳᠤᠳᠠᠢ ᠠᠵᠢᠯᠯᠠᠨ ᠪᠤᠯᠪᠠᠰᠤᠨ ᠬᠤᠳᠠ ᠶᠢᠨ ᠡᠭᠦᠳᠤᠨ | ᠪᠠᠶᠢᠭᠤᠯᠤᠯᠳᠠ ᠶᠢᠨ ᠠᠵᠢᠯ ᠳᠤ ᠢᠳᠡᠪᠭᠢᠳᠠᠢ ᠬᠤᠪᠢ ᠨᠠᠮᠠᠷᠢ ᠪᠠᠨ ᠡᠷᠭᠦᠭᠦ ᠶᠢ ᠭᠥᠰᠡᠵᠤ ᠪᠠᠶᠢᠨ᠎ᠠ ᠭᠡᠵᠡᠢ᠃ | | | | | | | ᠵᠤᠤ ᠹᠸᠢ ᠯᠤ᠋ ᠬᠤᠳᠠ ᠶᠢᠨ ᠮᠤᠩᠭᠤᠯ ᠥᠨᠳᠤᠰᠤᠳᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ | ᠰᠤᠷᠤᠭᠴᠢ ᠨᠠᠮᠤᠬᠠᠨ ᠤ ᠭᠡᠷ ᠲᠤ ᠬᠦᠷᠴᠦ ᠲᠠᠭᠦᠨ ᠲᠠᠢ ᠲᠤᠳᠤᠨᠤᠰᠤᠭ ᠢᠶᠠᠷ ᠶᠠᠷᠢᠯᠴᠠᠨ ᠲᠠᠭᠦᠨ ᠤ ᠰᠤᠷᠤᠯᠭ᠎ᠠ | ᠠᠮᠢᠳᠤᠷᠠᠯ ᠤᠨ ᠪᠠᠶᠢᠳᠠᠯ ᠢ ᠤᠶᠢᠯᠠᠭᠠᠬᠤ ᠶᠢᠨ ᠬᠠᠮᠳᠤ ᠲᠠᠭᠦᠨ ᠢ ᠠᠯᠤᠰ ᠤᠨ ᠪᠤᠳᠤᠯ ᠢ ᠡᠪᠤᠷᠯᠠᠨ ᠴᠢᠷᠮᠠᠶᠢᠨ | ᠰᠤᠷᠤᠯᠴᠠᠵᠤ ᠨᠠᠶᠢᠭᠡᠮ ᠨᠠᠶᠢᠳᠠ ᠳᠤ ᠪᠠᠨ ᠠᠴᠢ ᠲᠤᠰᠠ ᠲᠠᠢ ᠭᠥᠮᠤᠨ ᠪᠤᠯᠵᠤ ᠬᠠᠮᠳᠤ ᠰᠤᠷᠤᠭᠴᠢᠳ ᠤᠨ ᠢᠶᠠᠨ | ᠲᠤᠮᠳᠠ ᠰᠢᠨ᠎ᠠ ᠴᠠᠭ ᠥᠶ᠎ᠠ ᠶᠢᠨ ᠰᠠᠶᠢᠨ ᠪᠠᠭᠠᠴᠤᠳ ᠤᠨ ᠲᠠᠭᠤᠷᠢᠶᠠᠯ ᠪᠤᠯᠬᠤ ᠶᠢ ᠭᠥᠰᠡᠵᠤ ᠪᠠᠶᠢᠨ᠎ᠠ ᠭᠡᠵᠡᠢ᠃ | ᠵᠠᠯᠠᠭᠤ ᠪᠠᠭᠠᠴᠤᠳ ᠪᠤᠯ ᠡᠭᠡ ᠤᠯᠤᠰ ᠤᠨ ᠢᠷᠠᠭᠡᠳᠤᠢ ᠪᠤᠯᠤᠨ᠎ᠠ᠂ ᠵᠤᠤ ᠹᠸᠢ ᠯᠤ᠋ ᠪᠥᠭᠦ ᠬᠤᠰᠢᠭᠤᠨ ᠤ ᠵᠠᠯᠠᠭᠤ | ᠪᠠᠭᠠᠴᠤᠳ ᠢ ᠭᠥᠰᠠᠯ ᠲᠠᠢ ᠵᠤᠷᠢᠯᠳᠠ ᠲᠠᠢ ᠪᠠᠷ ᠰᠢᠮᠳᠠᠨ ᠰᠤᠷᠤᠯᠴᠠᠵᠤ ᠰᠢᠷᠭᠠᠭᠤ ᠠᠵᠢᠯᠯᠠᠨ ᠰᠢᠨ᠎ᠠ ᠴᠠᠭ ᠥᠶ᠎ᠠ | ᠳᠤ ᠠᠴᠢ ᠲᠤᠰᠠ ᠲᠠᠢ ᠬᠦᠮᠦᠨ ᠪᠤᠯᠤᠨ ᠬᠦᠮᠦᠵᠢᠭᠳᠡᠬᠦ ᠶᠢ ᠭᠥᠰᠡᠵᠠᠢ᠃ |